ᠵᠤᠨ ᠤ ᠤᠯᠠᠷᠢᠯ ᠳᠤ ᠠᠮᠤᠷ ᠲᠦᠪᠰᠢᠨ ᠢ ᠰᠠᠬᠢᠨ ᠬᠠᠮᠠᠭᠠᠯᠠᠨ᠎ᠠ — ᠠᠷᠠᠳ ᠤᠨ ᠴᠠᠭᠳᠠᠭ᠎ᠠ ᠲᠥᠭᠡᠷᠢᠭᠰᠡᠨ ᠵᠢᠭᠠᠯ ᠥᠬᠢᠨ ᠢ ᠠᠪᠤᠷᠠᠨ ᠲᠤᠰᠠᠯᠠᠪᠠ
ᠨᠡᠶᠢᠲᠡᠯᠡᠭᠰᠡᠨ ᠴᠠᠭ᠄
2023/8/10
    ᠬᠤᠳᠠ ᠶᠢᠨ ᠲᠣᠪᠴᠢᠶ᠎ᠠ᠂ ᠬᠤᠪᠢᠶᠠᠷᠢ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠵᠤᠨ ᠤ ᠤᠯᠠᠷᠢᠯ ᠤᠨ ᠠᠮᠤᠷ ᠢ ᠬᠠᠮᠠᠭᠠᠯᠠᠬᠤ ᠠᠵᠢᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯᠯᠠᠭ᠎ᠠ ᠶᠢᠨ ᠲᠤᠬᠠᠢ ᠵᠢᠭᠠᠪᠤᠷᠢ ᠵᠣᠷᠢᠭ ᠰᠠᠨᠠᠭ᠎ᠠ ᠶᠣᠰᠣᠭᠠᠷ᠂ 2023 ᠣᠨ ᠤ 8 ᠰᠠᠷ᠎ᠠ ᠶᠢᠨ 7᠎ ᠤ ᠰᠥᠨᠢ ᠵᠢᠤ ᠶᠤᠸᠠᠨ ᠤ ᠬᠤᠪᠢᠶᠠᠷᠢ ᠲᠣᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ ᠪᠠ ᠲᠤᠰᠬᠠᠢ ᠴᠠᠭᠳᠠᠭᠤᠯ ᠤᠨ ᠶᠡᠭᠡ ᠠᠩᠭᠢ ᠵᠢᠤ ᠶᠤᠸᠠᠨ ᠲᠣᠭᠤᠷᠢᠭ ᠤᠨ ᠬᠥᠨᠳᠡᠯᠡᠨ ᠭᠤᠯᠳᠤ ᠵᠡᠭᠡᠯᠢ ᠳᠤ  ᠵᠡᠪᠰᠡᠭᠲᠦ ᠴᠠᠭᠳᠠᠯ ᠥᠷᠨᠢᠭᠦᠯᠪᠡ᠃    2023 ᠣᠨ ᠤ 8 ᠰᠠᠷ᠎ᠠ ᠶᠢᠨ 7᠎ ᠤ ᠡᠳᠦᠷ ᠤᠨ ᠣᠷᠣᠶ ᠶᠢᠨ 8 ᠴᠠᠭ ᠲᠤ᠂ ᠵᠢᠤ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ ᠪᠠ ᠲᠤᠰᠬᠠᠢ ᠴᠠᠭᠳᠠᠭᠤᠯ ᠤᠨ ᠶᠡᠭᠡ ᠠᠩᠭᠢ ᠶᠢᠨ ᠴᠠᠭᠳᠠᠨ ᠡᠵᠡᠮᠳᠡᠬᠦ ᠺᠠᠳ᠋ᠷ ᠴᠠᠭᠳᠠᠭ᠎ᠠ ᠶᠣᠣ ᠰᠢᠶᠤᠤ ᠯᠦᠩ᠂ ᠯᠢᠦ ᠶᠢᠨ ᠵᠢᠵᠢᠭᠦᠷᠯᠡᠵᠦ ᠪᠠᠶᠢᠬᠤ ᠳᠠᠭᠠᠨ ᠣᠯᠠᠨ ᠲᠦᠮᠡᠨ ᠤ ᠲᠤᠰᠠᠯᠠᠮᠵᠢ ᠭᠤᠶᠤᠯᠲᠠ ᠶᠢ ᠲᠤᠰᠪᠠ᠄ ᠬᠥᠨᠳᠡᠯᠡᠨ ᠭᠤᠯᠳᠤ ᠵᠡᠭᠡᠯᠢ ᠳᠤ ᠬᠤᠶᠠᠷ ᠬᠡᠤᠬᠡᠨ ᠲᠥᠭᠡᠷᠢᠭᠰᠡᠨ ᠢ ᠣᠯᠵᠤ ᠮᠡᠳᠡᠵᠡᠢ᠃    ᠠᠷᠠᠳ ᠤᠨ ᠴᠠᠭᠳᠠᠭ᠎ᠠ ᠣᠯᠠᠨ ᠲᠦᠮᠡᠨ ᠤ ᠲᠤᠰᠠᠯᠠᠮᠵᠢ ᠶᠢ ᠣᠯᠤᠭᠰᠠᠨ ᠤ ᠳᠠᠷᠠᠭ᠎ᠠ ᠴᠠᠭᠳᠠᠭ᠎ᠠ ᠳᠤ ᠮᠡᠳᠡᠭᠦᠯᠦᠭᠴᠢ ᠲᠠᠢ ᠬᠠᠮᠲᠤ ᠲᠥᠭᠡᠷᠢᠭᠰᠡᠨ ᠬᠡᠦᠬᠡᠳ ᠢ ᠡᠷᠢᠵᠦ ᠣᠯᠵᠠᠢ᠂ ᠨᠢᠭᠡᠨ ᠪᠢᠴᠢᠬᠠᠨ ᠥᠬᠢᠨ ᠳᠡᠯᠭᠡᠭᠦᠷᠴᠢᠨ ᠤ ᠵᠠᠮ ᠤᠨ ᠬᠠᠵᠠᠭᠤ ᠳᠤ ᠵᠣᠭᠰᠣᠭᠠᠳ ᠤᠬᠢᠯᠠᠭᠰᠠᠭᠠᠷ ᠪᠠᠶᠢᠪᠠ᠂ ᠬᠠᠵᠠᠭᠤ ᠳᠤᠨᠢ ᠬᠠᠷᠠᠵᠤ ᠬᠠᠮᠠᠭᠠᠯᠠᠭᠰᠠᠨ ᠭᠡᠷ ᠤᠨ ᠬᠥᠮᠦᠰ ᠦᠭᠡᠶ᠂ ᠬᠤᠶᠠᠷ ᠥᠬᠢᠨ ᠳᠡᠩᠳᠡᠭᠦᠦ ᠪᠠᠭ᠎ᠠ ᠪᠣᠯᠬᠤᠷ ᠭᠡᠷ ᠤᠨ ᠬᠥᠮᠦᠰ ᠠᠴᠠ ᠪᠠᠨ ᠰᠠᠯᠵᠤ ᠶᠠᠪᠤᠬᠤ ᠳᠠᠭᠠᠨ ᠰᠣᠴᠢᠨ ᠭᠡᠯᠮᠡᠭᠳᠡᠵᠦ᠂ ᠭᠡᠷ ᠤᠨ ᠬᠥᠮᠦᠰ ᠤᠨ ᠢᠶᠠᠨ ᠤᠲᠠᠰᠤ ᠶᠢ ᠬᠠᠩᠭᠠᠵᠤ ᠴᠢᠳᠠᠭᠰᠠᠨ ᠦᠭᠡᠶ᠂ ᠴᠠᠭᠳᠠᠭ᠎ᠠ ᠨᠠᠷ ᠡᠭᠦᠨ ᠢ ᠬᠠᠷᠠᠵᠤ᠂ ᠪᠠᠴᠢᠮᠳᠠᠨ ᠰᠠᠨᠳᠤᠷᠴᠤ᠂ ᠰᠠᠨᠠᠯ ᠢᠶᠠᠨ ᠰᠣᠯᠢᠯᠴᠠᠭᠠᠳ ᠲᠤᠰᠠ ᠭᠠᠷᠤᠭᠰᠠᠨ ᠦᠭᠡᠶ᠂ ᠴᠠᠭᠳᠠᠭ᠎ᠠ ᠨᠠᠷ ᠬᠡᠦᠬᠡᠳ ᠤᠨ ᠲᠣᠭᠠᠴᠢᠯᠲᠠ ᠠᠴᠠ ᠡᠵᠢ ᠲᠠᠢ ᠪᠠᠨ ᠲᠥᠭᠡᠷᠢᠭᠰᠡᠨ ᠶᠡᠭᠡ ᠲᠥᠯᠥᠪ ᠪᠠᠶᠢᠳᠠᠯ ᠢ ᠦᠨᠳᠦᠰᠦᠯᠡᠨ ᠰᠤᠷᠪᠤᠯᠵᠢᠯᠠᠨ ᠡᠷᠢᠵᠠᠢ᠃ ᠡᠴᠦᠰ ᠲᠡᠭᠡᠨ ᠣᠷᠣᠶ ᠶᠢᠨ 8 ᠴᠠᠭ 20 ᠮᠢᠨᠦ᠋ᠲ ᠲᠤ ᠬᠥᠨᠳᠡᠯᠡᠨ ᠭᠤᠯᠳᠤ ᠵᠡᠭᠡᠯᠢ ᠶᠢᠨ ᠰᠢᠨᠵᠢᠶᠠᠩ ᠤᠨ ᠠᠹᠠᠨᠲ ᠤᠨ ᠤᠨᠴᠠᠯᠢᠬᠳᠤ ᠢᠳᠡᠭᠡᠨ ᠤᠮᠳᠠᠭᠠᠨ ᠤ ᠲᠡᠷᠭᠡ ᠶᠢᠨ ᠬᠠᠪᠢ ᠳᠤ ᠬᠤᠶᠠᠷ ᠵᠢᠭᠠᠯ ᠥᠬᠢᠨ ᠤ ᠭᠡᠷ ᠤᠨ ᠠᠬᠠᠮᠠᠳ ᠢ ᠡᠷᠢᠵᠦ ᠣᠯᠤᠭᠠᠳ᠂ ᠪᠡᠶ᠎ᠡ ᠶᠢᠨ ᠭᠠᠷᠤᠯ ᠢ ᠨᠢ ᠳᠣᠲᠣᠯᠠᠭᠰᠠᠨ ᠤ ᠳᠠᠷᠠᠭ᠎ᠠ ᠬᠡᠦᠬᠡᠳ ᠢᠶᠠᠨ ᠡᠵᠢ ᠳᠤᠨᠢ ᠲᠤᠰᠢᠶᠠᠵᠤ᠂ ᠬᠤᠶᠠᠷ ᠵᠢᠭᠠᠯ ᠥᠬᠢᠨ ᠠᠷᠠᠳ ᠤᠨ ᠴᠠᠭᠳᠠᠭ᠎ᠠ ᠳᠤ ᠭᠠᠷ ᠠᠳᠬᠤᠨ ᠲᠠᠯᠠᠷᠬᠠᠵᠠᠶ᠃    ᠵᠢᠵᠢᠭᠦᠷᠯᠡᠵᠦ ᠪᠠᠶᠢᠭ᠎ᠠ ᠠᠷᠠᠳ ᠤᠨ ᠴᠠᠭᠳᠠᠭ᠎ᠠ ᠬᠡᠦᠬᠡᠳ ᠢ ᠲᠠᠶᠢᠳᠬᠤᠷᠠᠭᠤᠯᠤᠭᠰᠠᠨ ᠤ ᠳᠠᠷᠠᠭ᠎ᠠ᠂ ᠬᠡᠤᠬᠡᠳ ᠤᠨ ᠬᠡᠷ ᠤᠨ ᠠᠬᠠᠮᠠᠳ ᠲᠤ ᠴᠢᠬᠤᠯᠠᠴᠢᠯᠠᠬᠤ ᠳᠠᠭᠠᠨ᠂ ᠵᠡᠭᠡᠯᠢ ᠭᠤᠳᠤᠮᠵᠢ ᠶᠢᠨ ᠬᠥᠮᠦᠨ ᠤ ᠤᠷᠤᠰᠬᠠᠯ ᠤᠨ ᠬᠡᠮᠵᠢᠶ᠎ᠡ ᠶᠡᠭᠡ ᠪᠣᠯᠬᠤᠷ ᠵᠠᠪᠠᠯ ᠬᠡᠤᠬᠡᠳ ᠢᠶᠠᠨ ᠰᠠᠶᠢᠲᠤᠷ ᠬᠠᠷᠠᠭᠠᠯᠵᠠᠵᠤ᠂ ᠲᠥᠭᠡᠷᠢᠬᠦ ᠠᠴᠠ ᠰᠡᠷᠭᠡᠶᠢᠯᠡᠬᠦ ᠬᠡᠷᠡᠭᠲᠡᠶ ᠭᠡᠵᠡᠶ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号