ᠬᠠᠯᠠᠮᠵᠢ ᠶᠢᠨ ᠨᠣᠮ ᠪᠢᠴᠢᠭ ᠢ ᠬᠦᠷᠭᠡᠵᠦ᠂ ᠨᠣᠮ ᠶᠢᠨ ᠥᠨᠦᠷ ᠬᠠᠩᠬᠤᠯᠠᠭᠰᠠᠨ ᠨᠡᠶᠢᠭᠡᠮ ᠲᠣᠭᠤᠷᠢᠭ ᠢ ᠬᠠᠮᠲᠤ ᠪᠠᠷ ᠪᠠᠶᠢᠭᠤᠯᠤᠨ᠎ᠠ
ᠨᠡᠶᠢᠲᠡᠯᠡᠭᠰᠡᠨ ᠴᠠᠭ᠄
2023/8/15
    ᠨᠢᠭᠡ ᠳᠡᠪᠲᠡᠷ ᠨᠣᠮ ᠨᠢᠭᠡ ᠬᠤᠪᠢ ᠬᠠᠶᠢᠷ᠎ᠠ ᠰᠡᠳᠬᠢᠯᠭᠡ᠂ ᠨᠢᠭᠡ ᠰᠢᠷᠬᠡᠭ ᠨᠣᠮ ᠤᠨ ᠦᠨᠦᠷ ᠨᠢᠭᠡ ᠬᠤᠪᠢ ᠰᠡᠳᠬᠢᠯ᠂ ᠬᠠᠨ ᠴᠢᠩ ᠪᠠ ᠬᠤᠶᠠᠳᠤᠭᠠᠷ ᠨᠡᠶᠢᠭᠡᠮ ᠲᠣᠭᠤᠷᠢᠭ ᠤᠨ ᠬᠢᠨ ᠪᠤᠭᠤᠲᠤ ᠬᠤᠲᠠ ᠶᠢᠨ ᠵᠢᠤ ᠶᠤᠸᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠠᠴᠠ ᠬᠠᠨᠳᠢᠪᠯᠠᠭᠰᠠᠨ ᠨᠢᠭᠡ ᠪᠦᠯᠦᠭ  ᠬᠠᠯᠠᠮᠵᠢ ᠶᠢᠨ ᠨᠣᠮ ᠪᠢᠴᠢᠭ ᠢ ᠬᠤᠷᠢᠶᠠᠨ ᠣᠯᠵᠤ᠂ ᠨᠡᠶᠢᠭᠡᠮ ᠲᠣᠭᠤᠷᠢᠭ ᠤᠨ ᠣᠯᠠᠨ ᠲᠦᠮᠡᠨ ᠯᠦᠭᠡ ᠶᠢᠨ ᠰᠣᠯᠢᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠬᠠᠷᠢᠶᠠᠲᠤ ᠣᠷᠣᠨ ᠤ ᠬᠡᠤᠬᠡᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠣᠯᠠᠨ ᠢ ︽ᠨᠣᠮ ᠤᠩᠰᠢᠬᠤ ᠳᠤᠷᠠᠲᠠᠶ᠂ ᠨᠣᠮ ᠢᠯᠡᠭᠦᠬᠡᠨ ᠤᠩᠰᠢᠵᠤ᠂ ᠰᠠᠶᠢᠨ ᠨᠣᠮ ᠤᠩᠰᠢᠬᠤ ᠬᠡᠷᠡᠭᠲᠡᠶ︾ ᠭᠡᠵᠦ ᠵᠣᠷᠢᠭᠵᠢᠭᠤᠯᠵᠠᠶ᠃    ᠲᠣᠰ ᠤᠳᠠᠭᠠᠨ ᠤ ᠪᠡᠯᠡᠭᠯᠡᠨ ᠬᠦᠷᠭᠡᠭᠰᠡᠨ ᠨᠣᠮ ᠪᠢᠴᠢᠭ ᠤᠨ ᠲᠥᠷᠥᠯ ᠵᠦᠢᠯ ᠳᠤ ᠤᠳᠬ᠎ᠠ ᠵᠣᠬᠢᠶᠠᠯ ᠤᠨ ᠲᠥᠷᠥᠯ᠂ ᠪᠠᠭᠠᠴᠤᠳ ᠬᠡᠤᠬᠡᠳ ᠤᠨ ᠲᠥᠷᠥᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠡᠷᠭᠡ ᠪᠠᠭᠲᠠᠨ᠎ᠠ᠂ ᠨᠣᠮ ᠪᠢᠴᠢᠭ ᠢ ᠨᠡᠶᠢᠭᠡᠮ ᠲᠣᠭᠤᠷᠢᠭ ᠤᠨ ᠠᠵᠢᠯᠲᠠᠨ ᠲᠡᠮᠳᠡᠭᠯᠡᠭᠰᠡᠨ ᠤ ᠳᠠᠷᠠᠭ᠎ᠠ ᠡᠮᠬᠢᠳᠬᠡᠨ ᠲᠥᠷᠥᠯᠵᠢᠭᠦᠯᠦᠭᠡᠳ᠂ ᠨᠡᠶᠢᠭᠡᠮ ᠲᠣᠭᠤᠷᠢᠭ ᠤᠨ ᠨᠣᠮ ᠤᠩᠰᠢᠬᠤ ᠲᠠᠰᠤᠭ ᠲᠤ ᠨᠠᠶᠢᠷᠠᠭᠤᠯᠤᠨ ᠣᠷᠣᠭᠤᠯᠵᠤ᠂ ᠰᠠᠭᠤᠭᠠᠯᠢ ᠠᠷᠠᠳ ᠤᠨ ᠵᠢᠭᠡᠯᠡᠨ ᠤᠩᠰᠢᠬᠤ ᠳᠤ ᠲᠥᠬᠦᠮ ᠦᠵᠡᠭᠦᠯᠦᠨ᠎ᠡ᠃    ᠬᠠᠨ ᠡᠯ ᠨᠡᠶᠢᠭᠡᠮ ᠲᠣᠭᠤᠷᠢᠭ ᠤᠨ ᠬᠢᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠪᠠᠷ ᠴᠢᠷᠮᠠᠶᠢᠵᠤ᠂ ᠵᠠᠯᠠᠭᠤ ᠪᠠᠭᠠᠴᠤᠳ ᠬᠡᠦᠬᠡᠳ ᠤᠨ ᠨᠣᠮ ᠤᠩᠰᠢᠬᠤ ᠳᠤᠷᠠᠲᠠᠢ ᠰᠠᠶᠢᠨ ᠳᠠᠳᠬᠠᠯ ᠲᠠᠢ ᠪᠣᠯᠬᠤ ᠳᠤ ᠬᠦᠴᠦ ᠨᠡᠮᠡᠷᠢᠯᠡᠵᠦ᠂ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠷᠳᠡᠭᠡ ᠶᠢᠨ ᠨᠣᠮ ᠬᠠᠳᠠᠭᠠᠯᠠᠬᠤ ᠬᠡᠮᠵᠢᠶ᠎ᠡ ᠶᠢ ᠳᠠᠰᠤᠷᠠᠯᠳᠠ ᠦᠭᠡᠢ ᠲᠡᠭᠦᠯᠳᠡᠷᠵᠢᠭᠦᠯᠵᠦ᠂ ᠤᠯᠠᠨ ᠤᠩᠰᠢᠯᠭ᠎ᠠ ᠶᠢᠨ ᠪᠤᠯᠤᠩ ᠭᠠᠷᠭᠠᠵᠤ᠂ ᠨᠣᠮ ᠤᠨ ᠦᠨᠦᠷ ᠬᠠᠩᠬᠤᠯᠤᠭᠰᠠᠨ ᠠᠭᠤᠷ ᠠᠮᠢᠰᠬᠤᠯ ᠢ ᠪᠤᠢ ᠪᠣᠯᠭᠠᠵᠤ᠂ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠪᠣᠯᠤᠨ ᠬᠡᠦᠬᠡᠳ ᠲᠤ ᠨᠡᠩ ᠤᠯᠠᠨ ᠤᠶᠤᠨ ᠤ ᠬᠦᠨᠡᠰᠦ ᠪᠣᠯᠤᠨ ᠬᠥᠳᠡᠯᠭᠡᠬᠦ ᠬᠦᠴᠦᠨ ᠢ ᠠᠪᠴᠢᠷᠠᠵᠤ ᠥᠭᠭᠦᠨ᠎ᠡ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号