ᠵᠠᠯᠠᠭᠤᠴᠤᠳ ᠤᠨ ᠨᠡᠶᠢᠭᠡᠮ ᠲᠣᠭᠤᠷᠢᠭ᠄ ᠭᠡᠷ ᠲᠡᠭᠡᠨ ᠬᠤᠴᠣᠷᠤᠭᠰᠠᠨ ᠨᠠᠰᠤᠲᠠᠶᠢᠴᠤᠳ ᠢ ᠬᠠᠶᠢᠷᠠᠯᠠᠨ ᠬᠠᠯᠠᠮᠵᠢᠯᠠᠵᠤ᠂ ᠭᠡᠷ ᠲᠤ ᠨᠢ ᠬᠦᠷᠲᠡᠯ᠎ᠡ ᠦᠢᠯᠡᠴᠢᠯᠡᠨ᠎ᠡ
ᠨᠡᠶᠢᠲᠡᠯᠡᠭᠰᠡᠨ ᠴᠠᠭ᠄
2023/8/15
C:\Users\Administrator\Desktop\新闻照片\图片1.jpg
    ︽ᠨᠠᠰᠤᠲᠠᠨ ᠢᠶᠠᠨ ᠬᠦᠨᠳᠦᠯᠡᠵᠦ᠂ ᠨᠠᠰᠤᠲᠠᠨ ᠢᠶᠠᠨ ᠬᠠᠶᠢᠷᠠᠯᠠᠵᠤ᠂ ᠨᠠᠰᠤᠲᠠᠨ ᠢᠶᠠᠨ ᠬᠠᠪᠰᠤᠷᠬᠤ︾ ᠤᠯᠠᠮᠵᠢᠯᠠᠯᠲᠤ ᠰᠠᠶᠢᠬᠠᠨ ᠰᠤᠷᠲᠠᠯ ᠢ ᠵᠠᠯᠭᠠᠮᠵᠢᠯᠠᠨ ᠪᠠᠳᠠᠷᠠᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠶᠢᠨ ᠲᠥᠯᠥᠭᠡ᠂ 8 ᠰᠠᠷ᠎ᠠ ᠶᠢᠨ 10᠎ ᠤ ᠡᠳᠦᠷ ᠤᠨ ᠦᠳᠡ ᠶᠢᠨ ᠬᠤᠶᠢᠨ᠎ᠠ᠂ ᠵᠠᠯᠠᠭᠤᠴᠤᠳ ᠤᠨ ᠨᠡᠶᠢᠭᠡᠮ ᠲᠣᠭᠤᠷᠢᠭ ᠤᠨ ᠤᠯᠠᠭᠠᠨ ᠡᠰ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠭᠠᠭᠴᠠ ᠬᠤᠬᠡᠳ ᠢᠶᠠᠨ ᠠᠯᠳᠠᠵᠤ ᠭᠡᠷ ᠲᠡᠭᠡᠨ ᠬᠤᠴᠣᠷᠤᠭᠰᠠᠨ ᠨᠠᠰᠤᠲᠠᠨ ᠵᠠᠶ ᠶᠦᠨ ᠱᠧᠩ ᠤᠨ ᠬᠡᠷ ᠲᠤ ᠢᠷᠡᠵᠦ᠂ ᠬᠤᠶᠠᠷ ᠨᠠᠰᠤᠲᠠᠨ ᠳᠤ ᠨᠢᠭᠡ ᠬᠤᠪᠢ ᠭᠤᠯᠢᠷ ᠲᠣᠰᠣ ᠠᠪᠴᠢᠷᠠᠨ ᠥᠭᠴᠦ᠂ ᠨᠡᠶᠢᠭᠡᠮ ᠲᠣᠭᠤᠷᠢᠭ᠂ ᠵᠠᠰᠠᠭ ᠤᠨ ᠣᠷᠳᠣᠨ ᠤ ᠬᠠᠯᠠᠮᠵᠢᠯᠠᠯ ᠢ ᠬᠦᠷᠭᠡᠪᠡ᠃    ᠨᠡᠶᠢᠭᠡᠮ ᠲᠣᠭᠤᠷᠢᠭ ᠤᠨ ᠠᠵᠢᠯᠲᠠᠳ ᠤᠨ ᠬᠦᠷᠴᠦ ᠢᠷᠡᠭᠰᠡᠨ ᠢ ᠦᠵᠡᠭᠡᠳ ᠨᠠᠰᠤᠲᠠᠨ ᠲᠦᠢᠯ ᠢᠶᠠᠷ ᠪᠠᠶᠠᠷᠯᠠᠵᠤ ᠂ ᠨᠡᠶᠢᠭᠡᠮ ᠲᠣᠭᠤᠷᠢᠭ ᠤᠨ ᠠᠵᠢᠯᠲᠠᠳ ᠲᠡᠳᠡ ᠬᠤᠶᠠᠭᠤᠯᠠ ᠶᠢᠨ ᠨᠠᠰᠤ ᠠᠬᠠᠰᠢᠷᠠᠭᠠᠳ ᠦᠷ᠎ᠡ ᠬᠡᠦᠬᠡᠳ ᠦᠭᠡᠢ ᠰᠠᠭᠤᠪᠠᠯ ᠭᠠᠭᠴᠠᠭᠠᠷᠳᠠᠨ᠎ᠠ ᠭᠡᠵᠦ ᠰᠠᠨᠠᠭᠠᠰᠢᠷᠠᠵᠤ᠂ ᠦᠷᠭᠦᠯᠵᠢ ᠲᠡᠭᠦᠨ ᠳᠤ ᠤᠲᠠᠰᠤᠳᠠᠵᠤ᠂ ᠶᠠᠮᠠᠷ ᠬᠡᠷᠡᠭᠴᠡᠭᠡ ᠲᠠᠢ ᠪᠣᠯ ᠲᠡᠷᠡ ᠳᠠᠷᠤᠢ ᠳᠤᠨᠢ ᠭᠡᠷ ᠲᠤᠨᠢ ᠬᠦᠷᠴᠦ ᠬᠠᠪᠰᠤᠷᠤᠨ᠎ᠠ ᠭᠡᠪᠡ᠃ ᠴᠠᠭᠠᠨ ᠰᠠᠷ᠎ᠠ ᠪᠠᠶᠠᠷ ᠳᠤᠷᠠᠰᠬᠠᠯ ᠤᠨ ᠡᠳᠦᠷ ᠪᠣᠯᠬᠤ ᠳᠤ ᠪᠠᠰᠠ ᠠᠮᠢᠳᠤᠷᠠᠯ ᠤᠨ ᠲᠣᠬᠤᠨᠢᠭᠤᠯᠤᠯ ᠤᠨ ᠪᠣᠳᠠᠰ ᠠᠪᠴᠤ ᠲᠡᠭᠦᠨ ᠢ ᠡᠷᠭᠢᠵᠦ ᠦᠵᠡᠳᠡᠭ᠃ ᠨᠠᠰᠤᠲᠠᠨ ᠤ ᠬᠡᠯᠡᠬᠦ ᠪᠠᠷ᠂ ᠡᠳᠡᠭᠡᠷ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠳ ᠥᠪᠡᠷ ᠤᠨ ᠬᠡᠦᠬᠡᠳ ᠲᠠᠢ ᠪᠠᠨ ᠠᠳᠠᠯᠢᠬᠠᠨ ᠳᠣᠲᠣᠨᠣ ᠪᠠᠶᠢᠳᠠᠭ ᠭᠡᠨ᠎ᠡ︕     ᠵᠢᠤ ᠶᠤᠸᠠᠨ ᠲᠣᠭᠤᠷᠢᠭ ᠤᠨ ᠰᠠᠶᠢᠬᠠᠨ ᠵᠡᠭᠡᠯᠢ ᠭᠤᠳᠤᠮᠵᠢ ᠶᠢᠨ ᠵᠠᠯᠠᠭᠤᠴᠤᠳ ᠤᠨ ᠨᠡᠶᠢᠭᠡᠮ ᠲᠣᠭᠤᠷᠢᠭ ᠤᠨ ᠠᠵᠢᠯᠲᠠᠳ ᠤᠯᠠᠷᠢᠯ ᠪᠦᠷᠢ ᠳᠤ ᠡᠶᠢᠮᠦᠷᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠬᠠᠷᠢᠶᠠᠨ ᠳᠠᠬᠢ ᠭᠠᠭᠴᠠᠭᠠᠷ ᠰᠠᠭᠤᠭ᠎ᠠ ᠨᠠᠰᠤᠲᠠᠶᠢᠴᠤᠳ ᠤᠨ ᠭᠡᠷ ᠢ ᠴᠡᠪᠡᠷᠯᠡᠵᠦ᠂ ᠠᠮᠢᠳᠤᠷᠠᠯ ᠤᠨ ᠬᠡᠷᠡᠭᠰᠡᠯ ᠢ ᠬᠦᠷᠭᠡᠵᠦ᠂ ᠨᠢᠭᠡ ᠴᠠᠭ ᠤᠨ ᠬᠤᠭᠤᠯᠠ ᠢ ᠨᠢ ᠬᠢᠵᠦ᠂ ᠨᠠᠰᠤᠲᠠᠶᠢᠴᠤᠳ ᠲᠠᠢ ᠵᠣᠭᠤᠭᠳᠠᠳᠠᠭ᠃ ᠡᠳᠡᠬᠡᠷ ᠳᠥᠭᠦᠮᠬᠡᠨ ᠪᠠᠭ᠎ᠠ ᠶᠠᠪᠤᠳᠠᠯ ᠤᠳ ᠨᠢ ᠨᠠᠰᠤᠲᠠᠶᠢᠴᠤᠳ ᠲᠤ ᠬᠠᠪᠤᠷ ᠤᠨ ᠬᠠᠶᠢᠷ᠎ᠠ ᠬᠠᠯᠠᠮᠵᠢ ᠶᠢ ᠬᠦᠷᠲᠡᠭᠡᠵᠦ᠂ ᠳᠡᠳᠡᠨ ᠳᠤ ᠨᠠᠮ ᠪᠣᠯᠤᠨ ᠨᠡᠶᠢᠭᠡᠮ ᠤᠨ ᠬᠠᠶᠢᠷ᠎ᠠ ᠬᠠᠯᠠᠮᠵᠢ ᠶᠢ ᠬᠦᠷᠲᠡᠭᠡᠵᠡᠢ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号