ᠬᠥᠳᠡᠯᠭᠡᠭᠡᠨ ᠬᠢᠪᠡᠯ ᠨᠡᠩ ᠭᠤᠶᠢᠳᠠ ᠰᠠᠶᠢᠬᠠᠨ ᠪᠣᠯᠤᠨ᠎ᠠ︕  ᠵᠡᠮᠳᠡᠭ ᠬᠥᠮᠦᠨ ᠨᠢᠭᠡᠪᠦᠷᠢ ᠶᠢ ︽ᠡᠷᠡᠭᠦᠯ ᠮᠡᠨᠳᠦ ᠶᠢᠨ ᠡᠩᠨᠡᠭᠡ ᠠᠴᠠ ᠬᠤᠴᠣᠷᠤᠭᠤᠯᠬᠤ ᠦᠭᠡᠢ︾ ᠪᠠᠶᠢᠯᠭᠠᠨ᠎ᠠ
ᠨᠡᠶᠢᠲᠡᠯᠡᠭᠰᠡᠨ ᠴᠠᠭ᠄
2023/8/16
C:\Users\Administrator\Desktop\新闻照片\3.jpg
     ᠵᠢᠤ ᠶᠤᠸᠠᠨ ᠲᠣᠭᠤᠷᠢᠭ ᠤᠨ ᠵᠡᠮᠳᠡᠭᠴᠦᠳ ᠤᠨ ᠡᠷᠡᠭᠦᠯᠵᠢᠯ ᠪᠡᠶ᠎ᠡ ᠴᠢᠭᠢᠷᠠᠭᠵᠢᠭᠤᠯᠬᠤ ᠪᠠ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠨᠠᠩ ᠣᠯᠠᠨ ᠵᠡᠮᠳᠡᠭᠴᠦᠳ ᠢ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠵᠤ᠂ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠪᠡᠶ᠎ᠡ ᠴᠢᠭᠢᠷᠠᠭᠵᠢᠭᠤᠯᠬᠤ ᠤᠬᠠᠮᠰᠠᠷ ᠢ ᠨᠢ ᠴᠢᠩᠭᠠᠷᠠᠭᠤᠯᠵᠤ᠂ ᠡᠷᠡᠭᠦᠯ ᠰᠠᠷᠠᠭᠤᠯ ᠪᠣᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠢ ᠪᠣᠶ ᠪᠣᠯᠭᠠᠵᠤ᠂ ᠪᠡᠶ᠎ᠡ ᠴᠢᠭᠢᠷᠠᠭᠵᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠣᠶ  ᠪᠣᠯᠭᠠᠬᠤ ᠶᠢᠨ ᠲᠤᠰᠠᠳᠠ 8 ᠰᠠᠷ᠎ᠠ ᠶᠢᠨ 15᠎ ᠤ ᠡᠳᠦᠷ᠂ ᠵᠢᠤ ᠶᠤᠸᠠᠨ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠠᠴᠠ ︽ᠶᠡᠭᠡ ᠬᠠᠶᠢᠷ᠎ᠠ ᠶᠢᠨ ᠤᠮᠠᠷᠠᠲᠤ ᠬᠢᠯᠢ ᠶᠢᠨ ᠲᠠᠩᠰᠤᠭ ᠰᠠᠶᠢᠬᠠᠨ ᠠᠮᠢᠳᠤᠷᠠᠯ︾ ᠭᠡᠬᠦ ᠭᠤᠣᠯ ᠰᠡᠳᠦᠪᠲᠦ 13 ᠳ᠋ᠤᠭᠠᠷ ᠬᠤᠭᠤᠴᠠᠭᠠᠨ ᠤ ᠵᠡᠮᠳᠡᠭᠴᠦᠳ ᠤᠨ ᠪᠡᠶ᠎ᠡ ᠴᠢᠭᠢᠷᠠᠭᠵᠢᠭᠤᠯᠬᠤ ᠭᠠᠷᠠᠭ ᠤᠨ ᠰᠣᠨᠢᠷᠬᠠᠯᠲᠠᠢ ᠲᠠᠮᠢᠷ ᠤᠨ ᠴᠤᠭᠯᠠᠭᠠᠨ ᠢ ᠵᠣᠬᠢᠶᠠᠨ ᠪᠠᠶᠢᠭᠤᠯᠵᠤ ᠥᠷᠨᠢᠭᠦᠯᠪᠡ᠃    ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠳᠤ ᠲᠣᠭᠲᠠᠭᠰᠠᠨ ᠴᠡᠭ ᠲᠤ ᠰᠠᠭᠰᠤᠯᠠᠬᠤ᠂ ᠰᠤᠪᠤᠳ ᠬᠠᠪᠴᠢᠬᠤ᠂ ᠬᠡᠩᠭᠡᠷᠭᠡ ᠳᠡᠯᠡᠳᠦᠨ ᠴᠡᠴᠡᠭ ᠳᠠᠮᠵᠢᠭᠤᠯᠬᠤ᠂ ᠳᠡᠪᠦᠷ᠎ᠡ ᠰᠢᠳᠡᠬᠦ᠂ ᠨᠢᠭᠡ ᠲᠣᠭᠤᠷᠢᠭ ᠲᠤ ᠡᠴᠦᠰ ᠲᠤᠨᠢ ᠲᠤᠯᠲᠠᠯ᠎ᠠ ᠲᠣᠭᠯᠠᠬᠤ ᠵᠡᠷᠭᠡ ᠰᠣᠨᠢᠷᠬᠠᠯᠲᠤ ᠴᠢᠨᠠᠷᠲᠠᠶ ᠲᠠᠮᠢᠷ ᠤᠨ ᠤᠷᠤᠯᠳᠤᠭᠠᠨ ᠤ ᠲᠥᠷᠥᠯ ᠵᠦᠢᠯ ᠳᠣᠭᠢᠷᠠᠭᠤᠯᠤᠭᠰᠠᠨ ᠪᠥᠭᠡᠳ ᠳᠣᠬᠢᠶᠠᠨ ᠤ ᠬᠡᠯᠡᠨ ᠤ ᠪᠠᠭᠰᠢ ᠶᠢ ᠣᠨᠴᠠᠭᠠᠶᠢᠯᠠᠨ ᠤᠷᠢᠵᠤ ᠲᠤᠬᠠᠶ ᠶᠢᠨ ᠲᠠᠯᠠᠪᠤᠷ ᠲᠤ ᠳᠣᠬᠢᠶᠠᠨ ᠤ ᠬᠡᠯᠡᠨ ᠤ ᠣᠷᠴᠢᠭᠤᠯᠭ᠎ᠠ ᠬᠢᠯᠭᠡᠵᠦ᠂ ᠰᠣᠨᠣᠰᠬᠤ ᠴᠢᠳᠠᠪᠤᠷᠢ ᠶᠢᠨ ᠵᠡᠮᠳᠡᠭᠴᠦᠳ ᠤᠨ ᠨᠠᠶᠢᠵᠠ ᠨᠠᠷ ᠢ ᠰᠠᠭᠠᠳ ᠥᠬᠡᠶ ᠨᠡᠪᠲᠡᠷᠡᠯᠴᠡᠭᠦᠯᠵᠦ᠂ ᠤᠷᠤᠯᠳᠤᠭᠠᠨ ᠳᠤ ᠨᠠᠩ ᠰᠠᠶᠢᠨ ᠠᠭᠤᠰᠤᠯᠴᠠᠭᠤᠯᠵᠠᠶ᠃
C:\Users\Administrator\Desktop\新闻照片\4.jpg
    ᠲᠠᠮᠢᠷ ᠤᠨ ᠲᠠᠯᠠᠪᠠᠢ ᠳᠤ᠂ ᠰᠠᠶᠢᠨ ᠳᠤᠷ᠎ᠠ ᠶᠢᠨ ᠠᠵᠢᠯᠯᠠᠭᠴᠢᠳ ᠵᠡᠮᠳᠡᠭᠴᠦᠳ ᠲᠠᠢ ᠭᠤᠷᠪᠠᠨ ᠳᠤᠭᠤᠶᠢᠯᠠᠩ ᠬᠤᠪᠢᠶᠠᠨ ᠤᠷᠤᠯᠳᠤᠭᠠᠨ ᠳᠤ ᠣᠷᠣᠯᠴᠠᠵᠤ᠂ ᠤᠯᠠᠨ ᠢᠶᠠᠷ ᠢᠶᠠᠨ ᠰᠡᠳᠬᠢᠯ ᠨᠢᠭᠡᠳᠦᠨ ᠪᠦᠯᠬᠦᠮᠳᠡᠵᠦ᠂ ᠲᠡᠰᠪᠦᠷᠢ ᠳᠠᠭᠠᠭᠠᠴᠠ ᠪᠠᠨ ᠠᠳᠠᠯᠢᠳᠬᠠᠨ᠂ ᠡᠷᠴᠢ ᠵᠣᠷᠢᠭ ᠢᠶᠠᠨ ᠰᠢᠪᠬᠠᠵᠤ᠂ ᠡᠯ᠎ᠡ ᠵᠦᠢᠯ ᠤᠨ ᠤᠷᠤᠯᠳᠤᠭᠠᠨ ᠢᠶᠠᠨ ᠠᠮᠵᠢᠯᠲᠠ ᠲᠠᠢ ᠪᠡᠶᠡᠯᠡᠭᠦᠯᠵᠦ᠂ ᠲᠠᠮᠢᠷ ᠤᠨ ᠬᠥᠳᠡᠯᠭᠡᠭᠡᠨ ᠠᠴᠠ ᠪᠣᠯᠤᠭᠰᠠᠨ ᠪᠠᠶᠠᠷ ᠪᠠᠶᠠᠰᠤᠯ ᠢ ᠮᠡᠳᠡᠷᠡᠨ ᠣᠯᠤᠪᠠ᠃ ᠲᠣᠰ ᠤᠳᠠᠭᠠᠨ ᠤ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠨᠢ ᠵᠡᠮᠳᠡᠭᠴᠦᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ ᠪᠠᠰᠠ ᠵᠡᠮᠳᠡᠭᠴᠦᠳ ᠤᠨ ᠬᠤᠭᠤᠷᠣᠨᠳᠣᠬᠢ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠵᠡᠮᠳᠡᠭᠴᠦᠳ ᠤᠨ ᠬᠤᠭᠤᠷᠣᠨᠳᠣᠬᠢ ᠬᠠᠷᠢᠯᠴᠠᠨ ᠬᠠᠪᠰᠤᠷᠤᠯᠴᠠᠬᠤ ᠬᠠᠯᠠᠭᠤᠨ ᠳᠤᠯᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠳᠤ ᠣᠷᠣᠯᠴᠠᠬᠤ ᠢᠳᠡᠪᠬᠢᠵᠢᠯ ᠢ ᠤᠯᠠᠮ ᠨᠢᠭᠡ ᠠᠯᠬᠤᠮ ᠬᠥᠭᠵᠢᠭᠡᠨ᠂ ᠡᠷᠡᠭᠦᠯ ᠴᠢᠭᠢᠷᠠᠭ ᠠᠮᠢᠳᠤᠷᠠᠯ ᠢ ᠡᠳ᠋ᠯᠡᠭᠦᠯᠬᠦ ᠪᠣᠯᠤᠨ᠎ᠠ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号