ᠰᠠᠷᠠᠭᠤᠯ ᠳᠦᠷᠪᠡ ᠨᠡᠶᠢᠭᠡᠮ ᠲᠣᠭᠤᠷᠢᠭ ᠣᠯᠠᠨ ᠲᠦᠮᠡᠨ ᠳᠤ ︽ᠲᠠᠷᠢᠶ᠎ᠠ ᠤᠰᠤᠯᠠᠬᠤ ᠳᠤ ᠬᠦᠴᠢᠷ ᠠᠰᠠᠭᠤᠳᠠᠯ ᠢ ᠰᠢᠢᠳᠪᠤᠷᠢᠯᠡᠵᠣ᠂ ᠨᠠᠮᠤᠷ ᠤᠨ ᠬᠤᠷᠢᠶᠠᠯᠲᠠ ᠳᠤ ᠥᠨᠳᠥᠷ ᠬᠤᠷᠢᠶᠠᠯᠲᠠ ᠣᠯᠬᠤ ᠪᠠᠷ ᠴᠢᠷᠮᠠᠶᠢᠪᠠ︾
ᠨᠡᠶᠢᠲᠡᠯᠡᠭᠰᠡᠨ ᠴᠠᠭ᠄
2023/8/2
C:\Users\Administrator\Desktop\新闻照片\图片1.jpg
    ᠰᠠᠷᠠᠭᠤᠯ ᠳᠦᠷᠪᠡ ᠨᠡᠶᠢᠭᠡᠮ ᠲᠣᠭᠤᠷᠢᠭ ᠤᠨ ᠬᠤᠶᠠᠳᠤᠭᠠᠷ ᠳᠤᠭᠤᠶᠢᠯᠠᠩ ᠤᠨ ᠰᠠᠭᠤᠭᠠᠯᠢ ᠠᠷᠠᠳ ᠤᠨ ᠲᠤᠰᠬᠠᠭᠰᠠᠨ ᠢᠶᠠᠷ᠂ ᠥᠪᠡᠷ ᠤᠨ ᠭᠡᠷ ᠲᠡᠭᠡᠨ ᠢᠳᠡᠰᠢᠨ ᠨᠣᠭᠤᠭ᠎ᠠ ᠵᠡᠷᠭᠡ ᠲᠠᠷᠢᠮᠠᠯ ᠤᠨ ᠤᠰᠤᠯᠠᠯᠲᠠ ᠬᠢᠬᠦ ᠳᠤ ᠬᠡᠷᠡᠭᠯᠡᠬᠦ ᠴᠠᠭ ᠨᠢ ᠤᠷᠳᠤ ᠪᠣᠯ ᠴᠠᠬᠢᠯᠭᠠᠨ ᠶᠡᠭᠡ ᠵᠠᠷᠤᠴᠠᠭᠤᠯᠤᠨ᠎ᠠ᠂ ᠪᠠᠶᠢᠴᠠᠭᠠᠭᠰᠠᠨ ᠢᠶᠠᠷ ᠡᠯ᠎ᠡ ᠭᠠᠵᠠᠷ ᠤᠨ ᠤᠰᠤᠨ ᠬᠥᠭᠡᠷᠭᠡ ᠶᠢ ᠤᠳᠠᠭᠠᠨ ᠵᠢᠯ ᠵᠠᠰᠠᠭᠰᠠᠨ ᠦᠭᠡᠢ ᠠᠴᠠ ᠪᠤᠯᠵᠤ ᠪᠦᠷ ᠠᠳᠠᠯᠢ ᠪᠤᠰᠤ ᠬᠡᠮᠵᠢᠶ᠎ᠡ ᠪᠠᠷ ᠡᠪᠳᠡᠭᠳᠡᠵᠦ᠂ ᠲᠡᠮᠦᠷ ᠬᠤᠭᠤᠯᠠᠢ ᠳᠤ ᠨᠢᠳᠦᠨ ᠤ ᠬᠥᠰᠢᠶ᠎ᠡ ᠢᠯᠡᠷᠡᠵᠦ᠂ ᠤᠰᠤ ᠭᠤᠭᠤᠵᠢᠬᠤ ᠨᠢ ᠨᠡᠯᠢᠶᠡᠳ ᠬᠦᠨᠳᠦ ᠨᠣᠴᠢᠲᠠᠢ ᠪᠠᠶᠢᠨ᠎ᠠ᠃    ᠠᠭᠠᠭᠢᠮ᠎ᠠ ᠬᠠᠯᠠᠭᠤᠨ ᠠᠭᠤᠷ ᠠᠮᠢᠰᠬᠤᠯ ᠳᠤ᠂ ᠵᠠᠷᠤᠳᠠᠯ ᠢᠶᠠᠨ ᠠᠷᠪᠢᠯᠠᠬᠤ ᠶᠢᠨ ᠲᠥᠯᠥᠭᠡ᠂ ᠲᠣᠣᠷᠵᠢᠯ ᠤᠨ ᠬᠠᠮᠢᠶᠠᠷᠤᠭᠴᠢ ᠭᠤᠤ ᠶᠦᠩ ᠭᠤᠸᠠᠩ ᠡᠪᠳᠡᠭᠳᠡᠭᠰᠡᠨ ᠤᠰᠤᠨ ᠬᠥᠭᠡᠷᠭᠡ ᠶᠢᠨ ᠬᠤᠭᠤᠯᠠᠶ ᠶᠢ ᠮᠠᠯᠲᠠᠨ ᠰᠣᠯᠢᠵᠤ᠂ ᠬᠡᠳᠦ᠋ᠢᠪᠡᠷ ᠭᠠᠷ ᠲᠠᠭᠠᠨ ᠤᠰᠤᠨ ᠪᠤᠤᠵᠢᠩ ᠭᠠᠷᠤᠭᠰᠠᠨ ᠴᠦ ᠬᠠᠮᠢᠶᠠᠷᠠᠬᠤ ᠥᠬᠡᠶ᠃    ᠲᠤᠰᠬᠠᠢ ᠮᠡᠷᠭᠡᠵᠢᠯ ᠤᠨ ᠠᠵᠢᠯᠲᠠᠳ ᠲᠠᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ ᠪᠠᠷ ᠳᠠᠮᠵᠢᠨ᠂ ᠡᠴᠦᠰ ᠲᠡᠭᠡᠨ ᠡᠪᠳᠡᠭᠳᠡᠭᠰᠡᠨ ᠤᠰᠤᠨ ᠬᠥᠭᠡᠷᠭᠡ ᠶᠢ ᠰᠡᠯᠪᠢᠨ ᠵᠠᠰᠠᠵᠤ᠂ ᠰᠠᠭᠤᠭᠠᠯᠢ ᠠᠷᠠᠳ ᠤᠳ ᠵᠡᠷᠭᠡ ᠪᠠᠷ ᠰᠢᠯᠢᠳᠡᠭ ᠰᠠᠭᠤᠭᠠᠯᠢ ᠠᠷᠠᠳ ᠤᠨ ᠵᠥᠪᠯᠡᠯ ᠤᠨ ᠲᠣᠣᠷᠵᠢᠯ ᠤᠨ ᠬᠠᠮᠢᠶᠠᠷᠤᠭᠴᠢ ᠢ ᠮᠠᠭᠲᠠᠨ ᠰᠠᠶᠢᠰᠢᠶᠠᠪᠠ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号