ᠬᠤᠶᠠᠷᠬᠤᠳᠳᠤᠭ ᠪᠠᠯᠭᠠᠰᠤ ᠰᠤᠯᠠ ᠪᠠᠶᠢᠬᠤ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2023/8/9
C:\Users\Administrator\Desktop\新闻照片\图片2.jpg
    ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠪᠠᠲᠤ ᠰᠠᠬᠢᠵᠤ᠂ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠣᠶᠢᠷ᠎ᠠ ᠳᠤ᠂ ᠬᠤᠶᠠᠷᠬᠤᠳᠳᠤᠭ ᠳᠤ ᠰᠤᠯᠠ ᠪᠠᠶᠢᠬᠤ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠠᠵᠢᠯ ᠢ ᠥᠷᠨᠢᠭᠦᠯᠵᠦ᠂ ᠲᠣᠰᠬᠤᠨ ᠤ ᠠᠷᠠᠳ ᠤᠨ ᠰᠤᠯᠠ ᠪᠠᠶᠢᠬᠤ ᠬᠡᠰᠡᠭ ᠭᠠᠵᠠᠷ ᠰᠢᠷᠣᠶ ᠶᠢ ᠴᠡᠭᠴᠡᠯᠡᠨ ᠥᠭᠡᠷᠡᠴᠢᠯᠡᠵᠦ᠂ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠶᠡᠷᠦᠩᠬᠡᠶᠢᠯᠡᠭᠰᠡᠨ ᠦᠢᠯᠡᠳᠦᠯ ᠢ ᠴᠢᠩᠭᠠᠳᠬᠠᠪᠠ᠃    ᠬᠤᠶᠠᠷᠬᠤᠳᠳᠤᠭ ᠪᠠᠯᠭᠠᠰᠤ ᠶᠢᠨ ᠰᠤᠯᠠ ᠪᠠᠶᠢᠬᠤ ᠭᠠᠵᠠᠷ ᠰᠢᠷᠣᠶ ᠶᠢ ᠰᠡᠷᠭᠦᠭᠡᠨ ᠬᠠᠭᠠᠯᠪᠤᠷᠢᠯᠠᠬᠤ ᠠᠵᠢᠯ ᠢ ᠣᠳᠣᠬᠠᠨ ᠤ ᠠᠵᠢᠯ ᠤᠨ ᠢᠶᠠᠨ ᠭᠤᠣᠯᠳᠠᠯᠭ᠎ᠠ ᠪᠣᠯᠭᠠᠵᠤ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠦᠴᠦᠨ ᠢ ᠲᠥᠪᠯᠡᠷᠡᠭᠦᠯᠦᠨ ᠡᠯ᠎ᠡ ᠭᠠᠴᠠᠭᠠᠨ ᠳᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠬᠦᠷᠴᠦ ᠰᠤᠷᠪᠤᠯᠵᠢᠯᠠᠨ᠂ ᠤᠯᠠᠨ ᠲᠦᠮᠡᠨ ᠲᠠᠢ ᠶᠠᠷᠢᠯᠴᠠᠨ ᠨᠡᠪᠲᠡᠷᠡᠯᠴᠡᠵᠦ᠂ ᠭᠠᠵᠠᠷ ᠰᠢᠷᠣᠶ ᠶᠢ ᠰᠡᠷᠭᠦᠭᠡᠨ ᠬᠠᠭᠠᠯᠪᠤᠷᠢᠯᠠᠬᠤ ᠲᠠᠯ᠎ᠠ ᠪᠠᠷ ᠬᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠦᠷᠦ ᠶᠢᠨ ᠪᠤᠳᠤᠯᠭ᠎ᠠ ᠶᠢ ᠤᠬᠠᠭᠤᠯᠵᠤ᠂ ᠤᠯᠠᠨ ᠲᠦᠮᠡᠨ ᠳᠤ ᠭᠠᠵᠠᠷ ᠰᠢᠷᠣᠶ ᠶᠢ ᠰᠡᠷᠭᠦᠭᠡᠨ ᠬᠠᠭᠠᠯᠪᠤᠷᠢᠯᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠲᠣᠳᠣᠷᠬᠠᠶ ᠲᠠᠶᠢᠯᠪᠤᠷᠢᠯᠠᠨ ᠥᠭᠴᠦ᠂ ᠲᠠᠷᠢᠶᠠᠴᠢᠳ ᠤᠨ ᠤᠷᠳᠤ ᠬᠤᠭᠤᠴᠠᠭ᠎ᠠ ᠪᠠᠷ ᠰᠤᠯᠠ ᠪᠠᠶᠢᠭᠰᠠᠨ ᠭᠠᠵᠠᠷ ᠰᠢᠷᠣᠶ ᠶᠢ ᠲᠡᠭᠰᠢᠯᠡᠨ ᠲᠠᠬᠢᠨ ᠬᠠᠭᠠᠯᠪᠤᠷᠢᠯᠠᠬᠤ ᠶᠢ ᠵᠣᠷᠢᠭᠵᠢᠭᠤᠯᠤᠨ᠎ᠠ᠃ ᠡᠭᠦᠨ ᠤ ᠬᠠᠮᠲᠤ᠂ ᠪᠠᠶᠢᠭᠠᠯᠢ ᠶᠢᠨ ᠡᠬᠢ ᠪᠠᠶᠠᠯᠢᠭ ᠲᠠᠢ ᠵᠣᠯᠭᠠᠭᠤᠯᠵᠤ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠠᠲᠠᠷᠰᠢᠭᠤᠯᠤᠭᠰᠠᠨ ᠭᠠᠵᠠᠷ ᠰᠢᠷᠣᠶ ᠶᠢ ᠪᠥᠬᠦ ᠲᠠᠯ᠎ᠠ ᠪᠠᠷ ᠴᠡᠭᠴᠡᠯᠡᠨ ᠥᠭᠡᠷᠡᠴᠢᠯᠡᠵᠦ᠂ ᠭᠠᠵᠠᠷ ᠰᠢᠷᠣᠶ ᠶᠢ ᠠᠰᠢᠭᠯᠠᠬᠤ ᠶᠡᠷᠦᠩᠬᠡᠶ ᠲᠥᠯᠥᠪᠵᠢᠭᠦᠯᠭᠡ ᠶᠢᠨ ᠲᠠᠷᠢᠶᠠᠨ ᠭᠠᠵᠠᠷ ᠤᠨ ᠪᠠᠶᠢᠳᠠᠯ ᠢ ᠨᠢ ᠰᠡᠷᠭᠦᠭᠡᠵᠦ᠂ ᠬᠠᠷᠢᠶᠠᠲᠤ ᠣᠷᠣᠨ ᠤ ᠭᠠᠵᠠᠷ ᠰᠢᠷᠣᠶ ᠶᠢᠨ ᠡᠬᠢ ᠪᠠᠶᠠᠯᠢᠭ ᠢ ᠬᠤᠬᠢᠷᠠᠯ ᠳᠤ ᠤᠴᠠᠷᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠨ᠎ᠠ᠃
C:\Users\Administrator\Desktop\新闻照片\图片3.jpg
    ᠲᠣᠰ ᠤᠳᠠᠭᠠᠨ ᠤ ᠰᠤᠯᠠ ᠪᠠᠶᠢᠬᠤ ᠭᠠᠵᠠᠷ ᠰᠢᠷᠣᠶ ᠶᠢ ᠡᠮᠬᠢᠯᠡᠨ ᠳᠠᠬᠢᠨ ᠬᠠᠭᠠᠯᠪᠤᠷᠢᠯᠠᠬᠤ ᠠᠵᠢᠯ ᠨᠢ ᠬᠥᠳᠡᠭᠡ ᠲᠣᠰᠬᠤᠨ ᠤ ᠭᠠᠵᠠᠷ ᠰᠢᠷᠣᠶ ᠶᠢᠨ ᠠᠰᠢᠭᠯᠠᠯᠲᠠ ᠶᠢᠨ ᠦᠷ᠎ᠡ ᠪᠦᠲᠦᠮᠵᠢ ᠶᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠲᠠᠷᠢᠶᠠᠨ ᠭᠠᠵᠠᠷ ᠤᠨ ᠪᠦᠲᠦᠮᠵᠢᠲᠡᠶ ᠨᠡᠮᠡᠭᠳᠡᠯ ᠢ ᠠᠬᠢᠭᠤᠯᠤᠨ᠂ ᠲᠠᠷᠢᠶᠠᠯᠠᠬᠤ ᠨᠥᠬᠦᠴᠡᠯ ᠢ ᠰᠠᠶᠢᠵᠢᠷᠠᠭᠤᠯᠵᠤ᠂ ᠡᠷᠲᠡ ᠰᠤᠯᠠ ᠪᠠᠶᠢᠬᠤ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠵᠤ᠂ ᠣᠯᠠᠨ ᠲᠦᠮᠡᠨ ᠳᠤ ᠡᠷᠲᠡ ᠠᠰᠢᠭ ᠬᠦᠷᠲᠡᠭᠡᠬᠦ ᠶᠢ ᠦᠨᠡᠨ ᠬᠦ ᠪᠠᠲᠤᠯᠠᠪᠠ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号