︽ᠠᠷᠠᠳ ᠢᠷᠭᠡᠳ ᠤᠨ ᠡᠷᠡᠭᠦᠯ ᠮᠡᠨᠳᠦ ᠳᠤ ᠦᠢᠯᠡᠴᠢᠯᠡᠬᠦ︾ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/9/15
C:\Users\Administrator\Desktop\新闻照片\16.jpg
     ᠡᠷᠡᠭᠦᠯ ᠮᠡᠨᠳᠦ ᠶᠢᠨ ᠲᠥᠷᠥ ᠶᠢᠨ ᠪᠣᠳᠣᠯᠭ᠎ᠠ ᠪᠠ ᠰᠢᠨᠵᠢᠯᠡᠬᠦ ᠤᠬᠠᠭᠠᠨ ᠤ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠶᠢᠨ ᠲᠤᠰᠠᠳᠠ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠪᠠ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠶᠢᠨ ᠲᠥᠯᠦᠭᠡ᠂ 9 ᠰᠠᠷ᠎ᠠ ᠶᠢᠨ 13᠎ ᠤ ᠦᠳᠡ ᠶᠢᠨ ᠡᠮᠦᠨ᠎ᠡ᠂ ᠵᠦᠩ ᠬᠤᠢ ᠭᠡᠷ ᠬᠤᠷᠢᠶᠠᠯ ᠤᠨ ᠬᠢᠨ ᠪᠠᠶᠠᠨᠰᠢᠯᠢ ᠭᠡᠷ ᠬᠤᠷᠢᠶᠠᠯ ᠤᠨ ᠡᠷᠡᠭᠦᠯ ᠬᠠᠮᠠᠭᠠᠯᠠᠯ ᠤᠨ ᠬᠤᠷᠢᠶ᠎ᠠ ᠲᠠᠢ ᠬᠠᠮᠲᠤᠷᠠᠨ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠤᠯᠠᠨ ᠳᠤ ︽ᠠᠷᠠᠳ ᠤᠯᠠᠨ ᠤ ᠡᠷᠡᠭᠦᠯ ᠮᠡᠨᠳᠤ ᠳᠤ ᠦᠢᠯᠡᠴᠢᠯᠡᠬᠦ︾ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠡᠮᠴᠢ ᠠᠴᠠ ᠰᠠᠭᠤᠭᠠᠯᠢ ᠠᠷᠠᠳ ᠤᠨ ᠴᠢᠰᠤᠨ ᠳᠠᠷᠤᠯᠲᠠ᠂ ᠴᠢᠰᠤᠨ ᠰᠢᠬᠢᠷ᠂ ᠵᠢᠷᠦᠬᠡᠨ ᠤ ᠳᠠᠪᠲᠠᠮᠵᠢ ᠶᠢ ᠦᠨ᠎ᠡ ᠲᠥᠯᠥᠪᠦᠷᠢ ᠦᠭᠡᠢ ᠪᠠᠷ ᠬᠡᠮᠵᠢᠵᠦ᠂ ᠦᠷᠭᠦᠯᠵᠢ ᠲᠣᠬᠢᠶᠠᠯᠳᠤᠳᠠᠭ ᠡᠪᠡᠳᠴᠢᠨ᠂ ᠣᠯᠠᠨ ᠡᠭᠦᠰᠳᠡᠭ ᠡᠪᠡᠳᠴᠢᠨ ᠵᠢᠴᠢ ᠥᠪᠡᠷ ᠢ ᠪᠠᠨ ᠡᠷᠡᠭᠦᠯᠵᠢᠭᠦᠯᠬᠦ ᠬᠠᠮᠢᠶ᠎ᠠ ᠪᠦᠬᠦᠢ ᠮᠡᠳᠡᠯᠭᠡ ᠶᠢ ᠲᠤᠬᠠᠶ ᠶᠢᠨ ᠲᠠᠯᠠᠪᠤᠷ ᠲᠤ ᠲᠠᠶᠢᠯᠪᠤᠷᠢᠯᠠᠨ ᠥᠭᠴᠦ᠂ ᠲᠡᠷᠡᠴᠢᠯᠡᠨ ᠰᠠᠭᠤᠭᠠᠯᠢ ᠠᠷᠠᠳ ᠤᠨ ᠠᠰᠠᠭᠤᠨ ᠯᠠᠪᠯᠠᠭᠰᠠᠨ ᠡᠯ᠎ᠡ ᠵᠦᠢᠯ ᠤᠨ ᠠᠰᠠᠭᠤᠳᠠᠯ ᠢ ᠬᠦᠯᠢᠴᠡᠩᠭᠦᠶ ᠪᠠᠷ ᠬᠠᠷᠢᠭᠤᠯᠵᠤ᠂ ᠥᠷᠭᠡᠨ ᠣᠯᠠᠨ ᠲᠦᠮᠡᠨ ᠳᠤ ᠥᠪᠡᠷ ᠤᠨ ᠪᠡᠶ᠎ᠡ ᠶᠢᠨ ᠪᠠᠶᠢᠳᠠᠯ ᠢ ᠤᠯᠠᠮ ᠨᠢᠭᠡ ᠠᠯᠬᠤᠮ ᠣᠶᠢᠯᠠᠭᠠᠭᠤᠯᠵᠤ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠮᠡᠳᠡᠯᠭᠡ ᠶᠢ ᠡᠵᠡᠮᠰᠢᠭᠦᠯᠦᠨ᠂ ᠥᠪᠡᠷ ᠢ ᠪᠠᠨ ᠡᠷᠡᠭᠦᠯᠵᠢᠭᠦᠯᠬᠦ ᠤᠬᠠᠮᠰᠠᠷ ᠢ ᠨᠢ ᠳᠡᠭᠡᠭᠰᠢᠯᠡᠭᠦᠯᠦᠭᠰᠡᠨ ᠪᠠᠶᠢᠨ᠎ᠠ᠃
C:\Users\Administrator\Desktop\新闻照片\17.jpg
    ᠲᠣᠰ ᠤᠳᠠᠭᠠᠨ ᠤ ᠵᠢᠷᠤᠮ ᠤᠨ ᠡᠮᠴᠢᠯᠡᠭᠡᠨ ᠤ ᠠᠵᠢᠯᠯᠠᠭ᠎ᠠ ᠳᠤ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ᠂ ᠴᠢᠰᠤᠨ ᠤ ᠥᠭᠡᠬᠦ ᠥᠨᠳᠥᠷ ᠵᠡᠷᠭᠡ ᠡᠪᠡᠳᠴᠢᠨ ᠤ ᠤᠬᠠᠭᠤᠯᠭ᠎ᠠ ᠶᠢᠨ ᠵᠢᠷᠤᠭᠲᠤ ᠳᠡᠪᠲᠡᠷ ᠪᠠ ᠡᠷᠡᠭᠦᠯ ᠮᠡᠨᠳᠦ ᠶᠢᠨ ᠪᠡᠯᠡᠭ ᠤᠨ ᠪᠣᠭᠴᠣ ᠶᠢ 50 ᠭᠠᠷᠤᠶ ᠲᠦᠭᠡᠭᠡᠵᠡᠶ᠃ ᠰᠠᠭᠤᠭᠠᠯᠢ ᠠᠷᠠᠳ ᠤᠨ ᠡᠷᠡᠭᠡᠯᠵᠡᠭᠡ ᠶᠢ 60 ᠭᠠᠷᠤᠶ ᠤᠳᠠᠭ᠎ᠠ ᠲᠠᠶᠢᠯᠬᠤ ᠶᠢᠨ ᠬᠠᠮᠲᠤ ᠰᠠᠭᠤᠭᠠᠯᠢ ᠠᠷᠠᠳ ᠤᠨ ᠡᠳᠦᠷ ᠲᠤᠲᠤᠮ ᠤᠨ ᠡᠷᠡᠭᠦᠯᠵᠢᠯ ᠪᠠ ᠪᠠᠶᠢᠩᠭᠤ ᠲᠣᠬᠢᠶᠠᠯᠳᠤᠳᠠᠭ ᠡᠪᠡᠳᠴᠢᠨ᠂ ᠣᠯᠠᠨ ᠡᠭᠦᠰᠳᠡᠭ ᠡᠪᠡᠳᠴᠢᠨ ᠢ ᠤᠷᠢᠳᠴᠢᠯᠠᠨ ᠰᠡᠷᠭᠡᠶᠢᠯᠡᠬᠦ᠂ ᠪᠠᠶᠢᠩᠭᠤ ᠬᠡᠷᠡᠭᠯᠡᠬᠦ ᠡᠮ ᠢ ᠤᠤᠭᠤᠬᠤ ᠵᠡᠷᠭᠡ ᠲᠠᠯ᠎ᠠ ᠳᠤ ᠵᠢᠯᠣᠭᠤᠳᠣᠯᠭ᠎ᠠ ᠥᠭᠴᠦ᠂ ᠣᠯᠠᠨ ᠲᠦᠮᠡᠨ ᠳᠤ ᠦᠨᠳᠦᠰᠦᠨ ᠡᠷᠡᠭᠦᠯ ᠮᠡᠨᠳᠦ ᠶᠢᠨ ᠡᠷᠡᠭᠦᠯᠵᠢᠯ ᠤᠨ ᠮᠡᠳᠡᠯᠭᠡ ᠪᠠ ᠤᠷ᠎ᠠ ᠴᠢᠳᠠᠪᠤᠷᠢ ᠶᠢ ᠡᠵᠡᠮᠰᠢᠭᠦᠯᠵᠦ᠂ ᠰᠠᠭᠤᠭᠠᠯᠢ ᠠᠷᠠᠳ ᠤᠨ ᠰᠠᠶᠢᠨ ᠦᠨᠡᠯᠡᠯᠲᠡ ᠶᠢ ᠤᠯᠪᠠ᠃ ᠲᠠᠷᠠᠭᠠᠴᠢ ᠶᠢᠨ ᠠᠯᠬᠤᠮ ᠳᠤ᠂ ᠵᠥᠩ ᠬᠤᠶ ᠭᠡᠷ ᠬᠤᠷᠢᠶᠠᠯ ᠤᠨ ᠬᠢᠨ ᠦᠷᠭᠦᠯᠵᠢᠯᠡᠨ ᠡᠬᠢ ᠪᠠᠶᠠᠯᠢᠭ ᠢᠶᠠᠨ ᠡᠮᠬᠢᠯᠡᠨ ᠨᠡᠶᠢᠯᠡᠭᠦᠯᠵᠦ᠂ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠦᠨᠳᠦᠰᠦᠨ ᠮᠡᠳᠡᠯᠭᠡ ᠪᠠ ᠤᠷ᠎ᠠ ᠴᠢᠳᠠᠪᠤᠷᠢ ᠶᠢ ᠭᠦᠨᠵᠡᠭᠡᠶ ᠲᠦᠭᠡᠮᠡᠯᠵᠢᠭᠦᠯᠦᠨ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠪᠥᠬᠦ ᠰᠠᠭᠤᠭᠠᠯᠢ ᠠᠷᠠᠳ ᠲᠤ ᠪᠥᠬᠦ ᠲᠠᠯ᠎ᠠ ᠶᠢᠨ ᠡᠷᠡᠭᠦᠯ ᠮᠡᠨᠳᠦ ᠶᠢᠨ ᠦᠢᠯᠡᠴᠢᠯᠡᠭᠡ ᠪᠠ ᠡᠷᠡᠭᠦᠯ ᠮᠡᠨᠳᠦ ᠶᠢᠨ ᠬᠥᠮᠦᠵᠢᠯ ᠤᠬᠠᠭᠤᠯᠭ᠎ᠠ ᠶᠢ ᠲᠠᠰᠤᠷᠠᠯᠲᠠ ᠥᠬᠡᠶ ᠬᠠᠩᠭᠠᠬᠤ ᠪᠣᠯᠤᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号