ᠴᠢᠨᠦ ᠢᠷᠡᠬᠦ ᠶᠢ ᠯᠡ ᠬᠦᠯᠢᠶᠡᠵᠦ ᠪᠠᠶᠢᠨ᠎ᠠ︕ ᠲᠠᠷᠢᠶᠠᠴᠢᠳ ᠡᠯᠪᠡᠭ ᠬᠤᠷᠢᠶᠠᠯᠲᠠ ᠶᠢᠨ ᠪᠠᠶᠠᠷ ᠲᠤ ᠨᠠᠮᠤᠷ ᠤᠨ ᠡᠬᠢ ᠪᠠᠷ ᠳᠤᠷ᠎ᠠ ᠵᠣᠷᠢᠭ ᠢᠶᠠᠷ ᠢᠶᠠᠨ ᠪᠠᠶᠠᠷᠯᠠᠨ᠎ᠠ
ᠨᠡᠶᠢᠲᠡᠯᠡᠭᠰᠡᠨ ᠴᠠᠭ᠄
2023/9/21
   ᠨᠠᠮᠤᠷ ᠤᠨ ᠦᠶ᠎ᠡ ᠳᠤ ᠬᠦᠷᠴᠦ᠂ ᠡᠯᠪᠡᠭ ᠬᠤᠷᠢᠶᠠᠯᠲᠠ ᠤᠯᠬᠤ ᠦᠶ᠎ᠡ ᠪᠣᠯᠤᠯ᠎ᠠ᠂ 2023 ᠣᠨ ᠤ 9 ᠰᠠᠷ᠎ᠠ ᠶᠢᠨ 22 ᠤᠨ ᠡᠳᠦᠷ ᠠᠴᠠ 9 ᠰᠠᠷ᠎ᠠ ᠶᠢᠨ 24 ᠤ ᠡᠳᠦᠷ ᠪᠣᠯᠲᠠᠯ᠎ᠠ᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠵᠤ ᠡᠯᠪᠡᠭ ᠬᠤᠷᠢᠶᠠᠯᠲᠠ ᠶᠢ ᠪᠡᠯᠭᠡᠯᠡᠵᠦ᠂ ᠦᠨᠳᠦᠰᠦᠲᠡᠨ ᠤ ᠪᠦᠯᠬᠦᠮᠳᠡᠯ ᠡᠶ᠎ᠡ ᠨᠠᠶᠢᠷᠠᠮᠳᠠᠭᠤ ᠰᠠᠶᠢᠬᠠᠨ ᠢ ᠠᠬᠢᠭᠤᠯᠤᠨ᠎ᠠ︾ ᠬᠤᠷᠢᠨᠭᠡᠷ ᠪᠠᠯᠭᠠᠰᠤᠨ ᠤ ᠵᠢᠷᠭᠤᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠦᠪᠡᠳᠡᠭᠰᠢ ᠶᠡᠬᠡᠪᠡᠷ ᠡᠬᠢᠯᠡᠯ᠎ᠡ︕    01ᠡᠬᠢᠯᠡᠬᠦ ᠶᠣᠰᠣᠯᠠᠯ
   ᠬᠥᠳᠡᠯᠭᠡᠭᠡᠨ ᠬᠢᠬᠦ ᠴᠠᠭ᠄ 9 ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨᠡᠬᠢ 10 ᠴᠠᠭ    ᠠᠵᠢᠯᠯᠠᠭᠠᠨ ᠤ ᠭᠠᠵᠠᠷ᠄ ᠲᠢᠶᠠᠨ ᠬᠡ ᠲᠠᠷᠢᠶᠠᠯᠠᠩ ᠤᠨ ᠠᠮᠢ ᠠᠬᠤᠶ ᠶᠢᠨ ᠲᠡᠭᠦᠬᠦ ᠬᠦᠷᠢᠶᠡᠯᠡᠩ   ᠠᠵᠢᠯᠯᠠᠭ᠎ᠠ ᠶᠢᠨ ᠠᠭᠤᠯᠭ᠎ᠠ᠄ ᠨᠢᠭᠡ ᠳᠤ ᠤᠷᠠᠨ ᠰᠠᠶᠢᠬᠠᠨ ᠡᠬᠢᠯᠡᠯᠲᠡ ᠶᠢᠨ ᠲᠣᠭᠯᠠᠯᠲᠠ᠃ ᠬᠤᠶᠠᠷ ᠲᠤ᠂ ᠰᠢᠨ᠎ᠡ ᠪᠠᠷ ᠪᠠᠶᠢᠭᠤᠯᠤᠭᠰᠠᠨ ᠪᠠᠯᠭᠠᠰᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠣᠷᠳᠣᠨ ᠢ ᠲᠣᠭᠤᠷᠢᠨ ᠦᠵᠡᠨ᠎ᠡ᠃ ᠭᠤᠷᠪᠠ ᠳᠤ ᠮᠠᠯᠴᠢᠨ ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ᠂ ᠳᠠᠷᠢᠵᠤ ᠲᠡᠵᠢᠭᠡᠨ ᠦᠷᠡᠵᠢᠭᠦᠯᠬᠦ ᠲᠣᠮᠣ ᠡᠷᠦᠬᠡ᠂ ᠶᠣᠰᠣ ᠰᠤᠷᠲᠠᠬᠤᠨ ᠤ ᠵᠢᠱᠢᠶᠡᠴᠢ ᠵᠢᠴᠢ ᠰᠢᠨ᠎ᠡ ᠴᠠᠭ ᠦᠶ᠎ᠡ ᠶᠢᠨ ᠪᠣᠯᠪᠠᠰᠤᠨ ᠤ  ᠦᠢᠯᠡᠳᠦᠯᠭᠡ ᠶᠢᠨ ᠥᠷᠲᠡᠭᠡ ᠶᠢ ᠬᠥᠬᠢᠭᠦᠯᠦᠨ ᠰᠠᠶᠢᠰᠢᠶᠠᠨ᠎ᠠ᠃ ᠲᠦᠷᠪᠡ ᠳᠤ ︽ᠨᠢᠭᠡ ᠲᠣᠰᠬᠤᠨ ᠨᠢᠭᠡ ᠪᠦᠲᠦᠭᠡᠭᠳᠡᠬᠦᠨ︾ ᠤ ᠤᠨᠴᠠᠯᠢᠭᠳᠤ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠪᠣᠷᠣᠯᠠᠭᠤᠯᠬᠤ ᠠᠵᠢᠯᠯᠠᠭ᠎ᠠ ᠪᠣᠯᠤᠨ᠎ᠠ᠃
 02 ᠪᠡᠶ᠎ᠡ ᠴᠢᠭᠢᠷᠠᠭᠵᠢᠭᠤᠯᠬᠤ ᠲᠠᠯᠠᠪᠠᠢ ᠶᠢᠨ ᠪᠥᠵᠢᠭ ᠤᠨ ᠲᠤᠰᠬᠠᠶ ᠦᠵᠡᠭᠦᠯᠦᠯᠭᠡ
   ᠬᠥᠳᠡᠯᠭᠡᠭᠡᠨ ᠬᠢᠬᠦ ᠴᠠᠭ᠄ 9 ᠰᠠᠷ᠎ᠠ ᠶᠢᠨ 23 ᠤ ᠡᠳᠦᠷ ᠤᠨ ᠦᠳᠡ ᠶᠢᠨ ᠡᠮᠦᠨᠡᠬᠢ 10 ᠴᠠᠭ    ᠠᠵᠢᠯᠯᠠᠭᠠᠨ ᠤ ᠭᠠᠵᠠᠷ᠄ ᠲᠢᠶᠠᠨ ᠬᠡ ᠲᠠᠷᠢᠶᠠᠯᠠᠩ ᠤᠨ ᠠᠮᠢ ᠠᠬᠤᠶ ᠶᠢᠨ ᠲᠡᠭᠦᠬᠦ ᠬᠦᠷᠢᠶᠡᠯᠡᠩ  ᠠᠵᠢᠯᠯᠠᠭ᠎ᠠ ᠶᠢᠨ ᠠᠭᠤᠯᠭ᠎ᠠ᠄ ᠨᠢᠭᠡ ᠳᠤ ᠤᠷᠠᠨ ᠰᠠᠶᠢᠬᠠᠨ ᠤ ᠲᠣᠭᠯᠠᠯᠲᠠ ᠶᠢ ᠡᠬᠢᠯᠡᠭᠦᠯᠦᠨ᠎ᠡ᠃ ᠬᠤᠶᠠᠷ ᠲᠤ ᠲᠠᠯᠠᠪᠠᠶ ᠶᠢᠨ ᠪᠥᠵᠢᠭ ᠤᠨ ᠤᠷᠤᠯᠳᠤᠭᠠᠨ ᠢ ᠵᠣᠬᠢᠶᠠᠨ ᠪᠠᠶᠢᠭᠤᠯᠤᠨ᠎ᠠ᠃ ᠭᠤᠷᠪᠠ ᠳᠤ᠂ ᠰᠣᠶᠣᠯ ᠤᠨ ᠣᠷᠳᠣᠨ ᠤ ᠪᠠᠭᠰᠢ ᠶᠢᠨ ᠳᠠᠭᠠᠭᠤᠯᠭ᠎ᠠ ᠳᠣᠤᠷ᠎ᠠ᠂ ︽ᠮᠢᠩᠭᠠᠨ ᠬᠥᠮᠦᠨ ᠬᠠᠮᠲᠤ ᠪᠠᠷ ︿ᠪᠢ ᠪᠣᠯᠤᠨ ᠮᠢᠨᠦ ᠡᠬᠡ ᠤᠯᠤᠰ﹀ ᠶᠢ ᠳᠠᠭᠤᠯᠠᠵᠤ︾᠂ ᠣᠯᠠᠨ ᠲᠦᠮᠡᠨ ᠲᠠᠢ ᠣᠶᠢᠷᠠᠲᠤᠭᠰᠠᠨ ᠠᠷᠠᠳ ᠤᠨ ᠳᠠᠭᠤᠤ ᠪᠥᠵᠢᠭ ᠤᠨ ᠲᠣᠭᠯᠠᠯᠲᠠ ᠪᠠᠷ ᠬᠥᠳᠡᠭᠡ ᠶᠢᠨ ᠵᠠᠩ ᠰᠤᠷᠲᠠᠯ ᠤᠨ ᠪᠣᠯᠪᠠᠰᠤᠨ ᠢ ᠳᠡᠯᠭᠡᠨ ᠦᠵᠡᠭᠦᠯᠦᠨ᠎ᠡ᠃
   03 ᠨᠠᠮᠤᠷ ᠤᠨ ᠤᠯᠠᠷᠢᠯ ᠤᠨ ︽ᠲᠣᠰᠬᠤᠨ ᠤ ᠣᠷᠣᠶ︾ ᠶᠢᠨ ᠣᠷᠣᠨ ᠨᠤᠲᠤᠭ ᠤᠨ ᠰᠢ ᠳᠠᠭᠤᠷᠢᠯᠢᠭ ᠤᠨ ᠲᠤᠰᠬᠠᠶ ᠦᠵᠡᠭᠦᠯᠦᠭᠡ
   ᠬᠥᠳᠡᠯᠭᠡᠭᠡᠨ ᠬᠢᠬᠦ ᠴᠠᠭ᠄ 9 ᠰᠠᠷ᠎ᠠ ᠶᠢᠨ 24 ᠤ ᠡᠳᠦᠷ ᠤᠨ ᠦᠳᠡ ᠶᠢᠨ ᠡᠮᠦᠨᠡᠬᠢ 10 ᠴᠠᠭ    ᠠᠵᠢᠯᠯᠠᠭᠠᠨ ᠤ ᠭᠠᠵᠠᠷ᠄ ᠲᠢᠶᠠᠨ ᠬᠡ ᠲᠠᠷᠢᠶᠠᠯᠠᠩ ᠤᠨ ᠠᠮᠢ ᠠᠬᠤᠶ ᠶᠢᠨ ᠲᠡᠭᠦᠬᠦ ᠬᠦᠷᠢᠶᠡᠯᠡᠩ   ᠠᠵᠢᠯᠯᠠᠭ᠎ᠠ ᠶᠢᠨ ᠠᠭᠤᠯᠭ᠎ᠠ᠄ ᠬᠤᠶᠠᠷ ᠬᠥᠮᠦᠨ ᠲᠠᠢ ᠲᠠᠪᠴᠠᠩ ᠤᠨ ᠲᠣᠭᠯᠠᠯᠲᠠ ︽ᠤᠯᠠᠭᠠᠨ ᠳ᠋ᠧᠩ ᠡᠯᠭᠦᠬᠦ︾ ᠪᠠᠷ ᠡᠬᠢᠯᠡᠵᠦ᠂ ᠡᠯ᠎ᠡ ᠲᠣᠰᠬᠤᠨ ᠤ ᠰᠣᠶᠣᠯ ᠤᠨ ᠶᠡᠭᠡ ᠬᠦᠷᠢᠶᠡᠯᠡᠩ ᠢ ᠵᠣᠬᠢᠶᠠᠨ ᠪᠠᠶᠢᠭᠤᠯᠤᠨ ᠨᠢᠭᠡᠳ ᠨᠢᠭᠡ ᠪᠠᠷ ᠳᠡᠯᠭᠡᠨ ᠦᠵᠡᠭᠦᠯᠵᠦ᠂ ᠬᠥᠳᠡᠭᠡ ᠲᠣᠰᠬᠤᠨ ᠤ ᠪᠣᠯᠪᠠᠰᠤᠨ ᠰᠤᠷᠲᠠᠯ ᠢ ᠪᠤᠢ ᠪᠣᠯᠭᠠᠵᠤ᠂ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠣᠶᠣᠯ ᠤᠨ ᠠᠮᠢᠵᠢᠷᠠᠯ ᠤᠨ ᠬᠦᠴᠦᠨ ᠢ ᠬᠥᠭᠵᠢᠭᠡᠪᠡ᠃
   04 ︽ᠭᠤᠷᠪᠠᠨ ᠬᠥᠮᠦᠨ ᠤ ᠲᠦᠷᠢᠮ︾ ᠤᠨ ᠪᠠᠷᠢᠮᠵᠢᠶᠠᠲᠤ ᠰᠠᠭᠰᠤᠨ ᠪᠥᠮᠪᠦᠭᠡ ᠶᠢᠨ ᠤᠷᠤᠯᠳᠤᠭᠠᠨ
   ᠬᠥᠳᠡᠯᠭᠡᠭᠡᠨ ᠬᠢᠬᠦ ᠴᠠᠭ᠄ 10 ᠰᠠᠷ᠎ᠠ ᠶᠢᠨ 13 ᠤ ᠡᠳᠦᠷ — 10 ᠰᠠᠷ᠎ᠠ ᠶᠢᠨ 14 ᠤ ᠡᠳᠦᠷ    ᠬᠥᠳᠡᠯᠭᠡᠭᠡᠨ ᠬᠢᠬᠦ ᠭᠠᠵᠠᠷ᠄ ᠬᠥᠬᠡ ᠰᠢᠪᠠᠭᠤ ᠪᠡᠶ᠎ᠡ ᠰᠤᠪᠢᠯᠠᠬᠤ ᠡᠳ᠋ᠯᠡᠩ ᠤᠨ ᠪᠡᠶ᠎ᠡ ᠶᠢᠨ ᠲᠠᠮᠢᠷ ᠤᠨ ᠣᠷᠳᠣᠨ   ᠠᠵᠢᠯᠯᠠᠭ᠎ᠠ ᠶᠢᠨ ᠠᠭᠤᠯᠭ᠎ᠠ᠄ ᠡᠯ᠎ᠡ ᠲᠣᠰᠬᠤᠨ ᠤ ᠲᠥᠯᠥᠭᠡᠯᠡᠭᠴᠢᠳ ᠤᠨ ᠠᠩᠭᠢ ᠶᠢ ᠵᠣᠬᠢᠶᠠᠨ ᠪᠠᠶᠢᠭᠤᠯᠵᠤ ︽ᠭᠤᠷᠪᠠᠨ ᠬᠥᠮᠦᠨ ᠤ ᠳᠦᠷᠢᠮ︾ ᠤᠨ ᠪᠠᠷᠢᠮᠵᠢᠶᠠᠲᠤ ᠰᠠᠭᠰᠤᠨ ᠪᠥᠮᠪᠦᠭᠡ ᠶᠢᠨ ᠤᠷᠤᠯᠳᠤᠭᠠᠨ ᠶᠠᠪᠤᠭᠤᠯᠵᠤ᠂ ᠲᠠᠷᠢᠶᠠᠴᠢᠨ ᠲᠦᠮᠡᠨ ᠤ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠤᠬᠠᠮᠰᠠᠷ ᠢ ᠨᠡᠮᠡᠭᠳᠡᠭᠦᠯᠦᠨ᠂ ᠴᠤᠭ ᠪᠠᠳᠠᠷᠠᠩᠭᠤᠶ ᠬᠥᠳᠡᠭᠡ ᠲᠣᠰᠬᠤᠨ ᠤ ᠰᠢᠨ᠎ᠡ ᠳᠦᠷᠰᠦ ᠪᠠᠶᠢᠳᠠᠯ ᠢ ᠪᠤᠶ ᠪᠣᠯᠭᠠᠨ᠎ᠠ᠃    ᠭᠤᠶᠢᠳᠠ ᠰᠠᠶᠢᠬᠠᠨ ᠬᠥᠳᠡᠯᠭᠡᠭᠡᠨ ᠤᠳᠠᠯ ᠦᠭᠡᠢ ᠡᠬᠢᠯᠡᠬᠦ ᠭᠡᠵᠦ ᠪᠠᠶᠢᠨ᠎ᠠ    ᠪᠠᠰᠠ ᠶᠠᠭᠤ ᠬᠦᠯᠢᠶᠡᠵᠦ ᠪᠠᠶᠢᠬᠤ ᠪᠣᠢ︖    ᠴᠢᠨᠦ ᠬᠦᠷᠴᠦ ᠢᠷᠡᠬᠦ ᠶᠢ ᠬᠦᠰᠡᠵᠦ ᠪᠠᠶᠢᠨ᠎ᠠ    ᠡᠯᠪᠡᠭ ᠬᠤᠷᠢᠶᠠᠯᠲᠠ ᠶᠢᠨ ᠪᠠᠶᠠᠷ ᠪᠠᠶᠠᠰᠤᠯ ᠢᠶᠠᠨ ᠪᠠᠨ ᠬᠠᠮᠲᠤ ᠪᠠᠷ ᠪᠡᠯᠭᠡᠯᠡᠵᠦ    9 ᠰᠠᠷ᠎ᠠ ᠶᠢᠨ 22 ᠤᠨ ᠡᠳᠦᠷ ᠠᠴᠠ ᠡᠬᠢᠯᠡᠨ    ᠪᠢᠳᠡ ᠬᠤᠷᠢᠨᠭᠡᠷ ᠪᠠᠯᠭᠠᠰᠤᠨ ᠳᠤ ᠴᠢᠮ᠎ᠠ ᠶᠢ ᠬᠦᠯᠢᠶᠡᠵᠦ ᠪᠠᠶᠢᠨ᠎ᠠ    ᠴᠢᠮ᠎ᠠ ᠲᠠᠢ ᠠᠭᠤᠯᠵᠠᠬᠤ ᠦᠭᠡᠢ ᠪᠣᠯ ᠰᠠᠯᠬᠤ ᠦᠭᠡᠢ᠃    
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号