ᠰᠠᠷᠠᠭᠤᠯ ᠳᠦᠷᠪᠡᠳᠦᠭᠡᠷ ᠭᠡᠷ ᠬᠤᠷᠢᠶᠠᠯᠠᠯ ᠤᠨ ᠵᠡᠮᠳᠡᠭᠴᠦᠳ ᠤᠨ ᠬᠤᠯᠪᠣᠭ᠎ᠠ ᠪᠦᠬᠦ ᠤᠯᠤᠰ ᠤᠨ ᠵᠡᠮᠳᠡᠭᠴᠦᠳ ᠤᠨ ᠦᠨᠳᠦᠰᠦᠨ ᠪᠠᠶᠢᠳᠠᠯ ᠢ ᠡᠷᠦᠬᠡ ᠳᠤ ᠬᠦᠷᠴᠦ ᠰᠤᠷᠪᠤᠯᠵᠢᠯᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠡᠢ
ᠨᠡᠶᠢᠲᠡᠯᠡᠭᠰᠡᠨ ᠴᠠᠭ᠄
2023/9/23
C:\Users\Administrator\Desktop\新闻照片\7.jpg
    ᠵᠡᠮᠳᠡᠭᠴᠦᠳ ᠤᠨ ᠦᠨᠳᠦᠰᠦᠨ ᠦᠢᠯᠡᠴᠢᠯᠡᠭᠡᠨ ᠤ ᠪᠠᠶᠢᠳᠠᠯ ᠪᠣᠯᠤᠨ ᠬᠡᠷᠡᠭᠴᠡᠭᠡ ᠱᠠᠭᠠᠷᠳᠠᠯᠭ᠎ᠠ ᠶᠢᠨ ᠮᠡᠳᠡᠭᠡ ᠵᠠᠩᠭᠢ ᠶᠢ ᠪᠥᠬᠦ ᠲᠠᠯ᠎ᠠ ᠪᠠᠷ  ᠡᠵᠡᠮᠰᠢᠵᠦ᠂ ᠵᠡᠮᠳᠡᠭᠴᠦᠳ ᠲᠤ ᠦᠢᠯᠡᠴᠢᠯᠡᠬᠦ ᠠᠵᠢᠯ ᠤᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠤᠰᠠᠳᠠ᠂ 9 ᠰᠠᠷ᠎ᠠ ᠶᠢᠨ 20᠎ ᠤ ᠡᠳᠦᠷ᠂ ᠰᠠᠷᠠᠭᠤᠯ ᠳᠦᠷᠪᠡᠳᠦᠭᠡᠷ ᠭᠡᠷ ᠬᠤᠷᠢᠶᠠᠯᠠᠯ ᠤᠨ ᠵᠡᠮᠳᠡᠭᠴᠦᠳ ᠤᠨ ᠬᠤᠯᠪᠣᠭᠠᠴᠢᠨ ᠭᠡᠷ ᠬᠤᠷᠢᠶᠠᠯᠠᠯ ᠤᠨ ᠰᠦᠯᠵᠢᠶᠡᠨ ᠳᠤ ᠭᠦᠨᠵᠡᠭᠡᠶᠢᠷᠡᠵᠦ ᠵᠡᠮᠳᠡᠭ ᠡᠷᠦᠬᠡ ᠳᠤ ᠬᠦᠷᠴᠦ ᠰᠤᠷᠪᠤᠯᠵᠢᠯᠠᠬᠤ ᠠᠵᠢᠯᠯᠠᠭ᠎ᠠ ᠥᠷᠨᠢᠭᠦᠯᠵᠦ᠂ ᠨᠡᠶᠢᠭᠡᠮ ᠲᠣᠭᠤᠷᠢᠭ ᠠᠴᠠ ᠲᠡᠳᠡᠨ ᠢ ᠬᠠᠶᠢᠷᠠᠯᠠᠨ ᠬᠠᠯᠠᠮᠵᠢᠯᠠᠵᠤ ᠪᠠᠶᠢᠭ᠎ᠠ ᠰᠡᠳᠬᠢᠯᠭᠡ ᠶᠢ ᠠᠯᠬᠤᠮ ᠠᠯᠬᠤᠮ ᠢᠶᠠᠷ ᠬᠡᠮᠵᠢᠵᠦ᠂ ᠵᠡᠮᠳᠡᠭᠴᠦᠳ ᠤᠨ ᠦᠨᠳᠦᠰᠦᠨ ᠪᠠᠶᠢᠳᠠᠯ ᠢ ᠪᠠᠶᠢᠴᠠᠭᠠᠬᠤ ᠠᠵᠢᠯ ᠢ ᠥᠷᠨᠢᠭᠦᠯᠵᠡᠢ᠃    ᠰᠤᠷᠪᠤᠯᠵᠢᠯᠠᠬᠤ ᠶᠠᠪᠤᠴᠠ ᠳᠤ᠂ ᠭᠡᠷ ᠬᠤᠷᠢᠶᠠᠯᠠᠯ ᠤᠨ ᠵᠡᠮᠳᠡᠭᠴᠦᠳ ᠤᠨ ᠬᠤᠯᠪᠣᠭ᠎ᠠ ᠶᠢᠨ ᠠᠵᠢᠯᠲᠠᠳ ᠵᠡᠮᠳᠡᠭᠴᠦᠳ ᠵᠢᠴᠢ ᠲᠡᠳᠡᠨ ᠤ ᠬᠡᠷ ᠪᠦᠯᠢ ᠶᠢᠨ ᠬᠢᠨ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠣᠶᠢᠷ᠎ᠠ ᠶᠢᠨ ᠬᠤᠭᠤᠴᠠᠭᠠᠨ ᠤ ᠦᠨᠳᠦᠰᠦᠨ ᠠᠮᠢᠳᠤᠷᠠᠯ ᠤᠨ ᠪᠠᠶᠢᠳᠠᠯ ᠵᠢᠴᠢ ᠬᠡᠷ ᠪᠦᠯᠢ ᠶᠢᠨ ᠠᠵᠢᠯ ᠣᠯᠭᠤᠯᠲᠠ ᠶᠢᠨ ᠠᠵᠤ ᠠᠬᠤᠶ ᠶᠢᠨ ᠪᠠᠶᠢᠳᠠᠯ ᠢ ᠣᠶᠢᠯᠠᠭᠠᠬᠤ ᠶᠢᠨ ᠬᠠᠮᠲᠤ ᠲᠡᠳᠡᠨ ᠳᠤ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠲᠠᠶᠢᠯᠤᠮᠵᠢ ᠶᠢ ᠢᠳᠡᠪᠬᠢᠲᠡᠶ ᠬᠢᠵᠦ᠂ ᠬᠠᠨᠳᠤᠯᠭᠠᠲᠤ ᠴᠢᠨᠠᠷᠲᠠᠶ ᠪᠠᠷ ᠬᠠᠪᠰᠤᠷᠤᠯᠭ᠎ᠠ ᠦᠵᠡᠭᠦᠯᠵᠦ᠂ ᠨᠠᠩ ᠴᠤ ᠲᠡᠳᠡᠨ ᠢ ᠢᠲᠡᠭᠡᠯ ᠵᠣᠷᠢᠭ ᠲᠠᠢ ᠪᠣᠯᠵᠣ᠂ ᠢᠳᠡᠪᠬᠢᠲᠡᠶ ᠣᠪᠣᠷ ᠢᠶᠠᠷ ᠠᠮᠢᠳᠤᠷᠠᠯ ᠳᠤ ᠬᠠᠨᠳᠤᠬᠤ ᠶᠢ ᠵᠣᠷᠢᠭᠵᠢᠭᠤᠯᠵᠠᠶ᠃
C:\Users\Administrator\Desktop\新闻照片\8.jpg
     ᠰᠠᠷᠠᠭᠤᠯ ᠳᠦᠷᠪᠡᠳᠦᠭᠡᠷ ᠭᠡᠷ ᠬᠤᠷᠢᠶᠠᠯᠠᠯ ᠤᠨ 37 ᠵᠡᠮᠳᠡᠭ ᠬᠥᠮᠦᠨ ᠨᠢᠭᠡᠨᠲᠡ ᠡᠷᠦᠬᠡ ᠳᠤ ᠬᠦᠷᠴᠦ ᠪᠠᠶᠢᠴᠠᠭᠠᠯᠲᠠ ᠬᠢᠬᠦ ᠶᠢᠨ ᠬᠠᠮᠲᠤ ᠰᠢᠰᠲ᠋ᠧᠮ ᠳᠤ ᠣᠷᠣᠭᠤᠯᠵᠤ᠂ ᠲᠠᠷᠠᠭᠠᠴᠢ ᠶᠢᠨ ᠠᠯᠬᠤᠮ ᠳᠤ ᠭᠡᠷ ᠬᠤᠷᠢᠶᠠᠯᠠᠯ ᠤᠨ ᠬᠢᠨ ᠵᠡᠮᠳᠡᠭᠴᠦᠳ ᠤᠨ ᠦᠨᠳᠦᠰᠦᠨ ᠪᠠᠶᠢᠳᠠᠯ ᠤᠨ ᠪᠠᠶᠢᠴᠠᠭᠠᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠥᠷᠨᠢᠭᠦᠯᠬᠦ ᠪᠣᠯᠤᠨ᠎ᠠ᠃ ᠲᠡᠷᠡᠴᠢᠯᠡᠨ ᠪᠠᠶᠢᠴᠠᠭᠠᠯᠲᠠ ᠶᠢᠨ ᠪᠠᠶᠢᠳᠠᠯ ᠢ ᠦᠨᠳᠦᠰᠦᠯᠡᠨ᠂ ᠬᠠᠷᠢᠶᠠᠲᠤ ᠣᠷᠣᠨ ᠤ ᠵᠡᠮᠳᠡᠭᠴᠦᠳ ᠲᠤ ᠥᠪᠡᠷᠮᠢᠴᠡ ᠦᠢᠯᠡᠴᠢᠯᠡᠭᠡ ᠬᠠᠩᠭᠠᠵᠤ᠂ ᠡᠨᠡ ᠤᠳᠠᠭᠠᠨ ᠤ ᠰᠤᠷᠪᠤᠯᠵᠢᠯᠠᠬᠤ ᠠᠵᠢᠯᠯᠠᠭ᠎ᠠ ᠪᠠᠷ ᠳᠡᠮᠵᠢᠨ᠂ ᠬᠠᠷᠢᠶᠠᠲᠤ ᠣᠷᠣᠨ ᠤ ᠵᠡᠮᠳᠡᠭᠴᠦᠳ ᠤᠨ ᠬᠡᠷ ᠪᠦᠯᠢ ᠶᠢᠨ ᠣᠳᠣᠬᠢ ᠪᠠᠶᠢᠳᠠᠯ ᠪᠠ ᠬᠡᠷᠡᠭᠴᠡᠭᠡ ᠱᠠᠭᠠᠷᠳᠠᠯᠭ᠎ᠠ ᠶᠢ ᠨᠠᠩ ᠪᠥᠬᠦ ᠲᠠᠯ᠎ᠠ ᠪᠠᠷ ᠣᠨᠣᠪᠴᠢᠲᠠᠶ ᠡᠵᠡᠮᠰᠢᠵᠦ᠂ ᠨᠡᠶᠢᠭᠡᠮ ᠲᠣᠭᠤᠷᠢᠭ ᠤᠨ ᠵᠡᠮᠳᠡᠭᠴᠦᠳ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠳᠥᠯᠭᠢᠨ ᠠᠬᠢᠭᠤᠯᠬᠤ᠂ ᠵᠡᠮᠳᠡᠭᠴᠦᠳ ᠤᠨ ᠠᠮᠢᠳᠤᠷᠠᠯ ᠤᠨ ᠪᠠᠶᠢᠳᠠᠯ ᠢ ᠰᠠᠶᠢᠵᠢᠷᠠᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ᠂ ᠵᠡᠮᠳᠡᠭᠴᠦᠳ ᠲᠤ ᠰᠠᠶᠢᠨ ᠶᠠᠪᠤᠳᠠᠯ᠂ ᠵᠡᠮᠳᠡᠭᠴᠦᠳ ᠲᠤ ᠪᠣᠳᠠᠲᠠᠶ ᠶᠠᠪᠤᠳᠠᠯ᠂ ᠵᠡᠮᠳᠡᠭᠴᠦᠳ ᠲᠤ ᠪᠠᠴᠢᠮ ᠶᠠᠪᠤᠳᠠᠯ ᠬᠢᠵᠦ ᠥᠭᠬᠦ ᠶᠢ ᠤᠯᠠᠮ ᠨᠢᠭᠡ ᠠᠯᠬᠤᠮ ᠪᠡᠶᠡᠯᠡᠭᠦᠯᠵᠦ᠂ ᠵᠡᠮᠳᠡᠭᠴᠦᠳ ᠲᠤ ᠨᠠᠩ ᠣᠯᠠᠨ ᠵᠣᠯ ᠵᠢᠷᠭᠠᠯ ᠤᠨ ᠲᠥᠷᠥᠭᠳᠡᠯ ᠲᠠᠢ ᠪᠣᠯᠭᠠᠨ᠎ᠠ᠃
C:\Users\Administrator\Desktop\新闻照片\9.jpg
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号