1 - 8 ᠰᠠᠷ᠎ᠠ ᠳᠤ᠂ ᠵᠢᠦ ᠶᠤᠸᠠᠨ ᠲᠣᠭᠤᠷᠢᠭ ᠤᠨ 61 ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠤᠷᠢ ᠶᠢᠨ ᠠᠵᠤ ᠠᠬᠤᠶᠢᠯᠠᠯ ᠲᠣᠰ ᠰᠠᠷ᠎ᠠ ᠶᠢᠨ ᠦᠢᠯᠡᠳᠭᠦᠨ ᠤ ᠥᠷᠲᠡᠭ ᠢ 31.74 ᠳ᠋ᠦᠩᠰᠢᠭᠤᠷ | ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 19.67 % ᠪᠠᠷ ᠨᠡᠮᠡᠭᠳᠡᠨ᠂ ᠨᠡᠶᠢᠲᠡ 236. | 56 ᠳ᠋ᠦᠩᠰᠢᠭᠤᠷ ᠲᠥᠭᠦᠷᠢᠭ ᠤᠨ ᠦᠢᠯᠡᠳᠭᠦᠨ ᠤ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ | 10.83 % ᠪᠠᠷ ᠨᠡᠮᠡᠭᠳᠡᠪᠡ᠃ 1 - 8 ᠳ᠋ᠤᠭᠠᠷ ᠰᠠᠷ᠎ᠠ ᠳᠤ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠤᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 24.6% ᠳᠤ ᠬᠦᠷᠴᠦ᠂ ᠳᠡᠭᠡᠷ᠎ᠡ | ᠰᠠᠷ᠎ᠠ ᠶᠢᠨ ᠬᠢ ᠠᠴᠠ 2.2 ᠵᠠᠭᠤᠨ ᠤ ᠨᠢᠭᠡᠴᠢ ᠳᠡᠭᠡᠭᠰᠢᠯᠡᠵᠦ᠂ ᠨᠡᠮᠡᠭᠳᠡᠯ ᠤᠨ ᠬᠤᠷᠳᠤᠴᠠ ᠢᠯᠡᠳᠲᠡ ᠨᠡᠮᠡᠭᠳᠡᠪᠡ᠃ | | | | | | ᠶᠡᠭᠡ ᠬᠡᠮᠵᠢᠶᠡᠨ ᠤ ᠠᠵᠤ ᠦᠢᠯᠡᠳᠪᠦᠷᠢ ᠶᠢᠨ ᠦᠢᠯᠡᠳᠬᠦᠨ ᠤ ᠦᠨ᠎ᠡ ᠬᠠᠩᠰᠢ ᠪᠠᠭᠤᠷᠠᠭᠰᠠᠨ ᠵᠡᠷᠭᠡ ᠬᠦᠴᠦᠨ | ᠵᠦᠢᠯ ᠤᠨ ᠨᠥᠯᠥᠭᠡ ᠠᠴᠠ ᠪᠣᠯᠵᠤ᠂ 61 ᠠᠵᠤ ᠠᠬᠤᠶᠢᠯᠠᠯ ᠤᠨ ᠳᠣᠲᠣᠷᠠᠬᠢ 30 ᠠᠵᠤ ᠠᠬᠤᠶᠢᠯᠠᠯ ᠤᠨ ᠲᠣᠰ | ᠰᠠᠷ᠎ᠠ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠪᠠᠭᠤᠷᠠᠵᠤ᠂ ᠪᠠᠭᠤᠷᠠᠯᠲᠠ ᠶᠢᠨ ᠬᠡᠪᠴᠢᠶ᠎ᠡ ᠨᠢ | 49.18% ᠶᠢ ᠡᠵᠡᠯᠡᠵᠦ᠂ ᠦᠢᠯᠡᠳᠬᠦᠨ ᠤ ᠥᠷᠲᠡᠭ ᠨᠢ ᠨᠡᠶᠢᠲᠡ 37 ᠠᠵᠤ ᠠᠬᠤᠶᠢᠯᠠᠯ ᠪᠠᠭᠤᠷᠠᠵᠤ᠂ | ᠪᠠᠭᠤᠷᠠᠭᠰᠠᠨ ᠬᠡᠪᠴᠢᠶ᠎ᠡ ᠨᠢ 60.66% ᠶᠢ ᠡᠵᠡᠯᠡᠪᠡ᠃ | ᠭᠤᠣᠯ ᠪᠣᠯᠬᠤ ᠠᠵᠢᠯ ᠲᠥᠷᠥᠯ ᠠᠴᠠ ᠦᠵᠡᠪᠡᠯ᠄ ᠲᠡᠮᠦᠷᠯᠢᠭ ᠪᠤᠰᠤ ᠬᠦᠳᠡᠷ ᠤᠨ ᠪᠦᠲᠦᠭᠡᠭᠳᠡᠬᠦᠨ ᠤ | ᠦᠢᠯᠡᠰ ᠤᠨ ᠦᠢᠯᠡᠳᠬᠦᠨ ᠤ ᠥᠷᠲᠡᠭ 42.06 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 11.58% ᠪᠠᠷ ᠨᠡᠮᠡᠭᠳᠡᠨ᠂ 17.78% ᠶᠢ ᠡᠵᠡᠯᠡᠪᠡ᠃ ᠥᠩᠭᠡᠲᠦ ᠲᠡᠮᠦᠷᠯᠢᠭ | ᠬᠠᠶᠢᠯᠤᠭᠤᠯᠬᠤ ᠪᠠ ᠳᠠᠷᠤᠵᠤ ᠤᠷᠲᠤᠳᠬᠠᠭᠰᠠᠨ ᠡᠳ᠋ᠰᠢᠬᠦᠯᠦᠯᠳᠡ ᠶᠢᠨ ᠦᠢᠯᠡᠰ ᠤᠨ ᠦᠢᠯᠡᠳᠬᠦᠨ ᠤ ᠥᠷᠲᠡᠭ 37. | 92 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.03% ᠶᠢ ᠡᠵᠡᠯᠡᠪᠡ᠃ | ᠴᠠᠬᠢᠯᠭᠠᠨ ᠬᠦᠴᠦ᠂ ᠢᠯᠴᠢ ᠶᠢᠨ ᠬᠦᠴᠦᠨ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ | ᠬᠠᠩᠭᠠᠯᠭ᠎ᠠ ᠶᠢᠨ ᠦᠢᠯᠡᠰ ᠤᠨ ᠦᠢᠯᠡᠳᠬᠦᠨ ᠤ ᠥᠷᠲᠡᠭ 53.24 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 28.61% ᠪᠠᠷ ᠨᠡᠮᠡᠭᠳᠡᠵᠦ᠂ 22.50% ᠶᠢ ᠡᠵᠡᠯᠡᠪᠡ᠃ ᠬᠢᠮᠢ ᠶᠢᠨ | ᠲᠦᠭᠦᠬᠡᠶ ᠮᠠᠲ᠋ᠧᠷᠢᠶᠠᠯ ᠪᠠ ᠬᠢᠮᠢ ᠶᠢᠨ ᠪᠦᠲᠦᠭᠡᠭᠳᠡᠬᠦᠨ ᠦᠢᠯᠡᠳᠬᠦ ᠦᠢᠯᠡᠰ ᠤᠨ ᠦᠢᠯᠡᠳᠭᠦᠨ ᠤ ᠥᠷᠲᠡᠭ 50.78 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.57% ᠪᠠᠭᠤᠷᠠᠵᠤ᠂ 21. | 47% ᠶᠢ ᠡᠵᠡᠯᠡᠪᠡ᠃ ᠬᠠᠷ᠎ᠠ ᠲᠡᠮᠦᠷᠯᠢᠭ ᠬᠠᠶᠢᠯᠤᠭᠤᠯᠬᠤ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ | 37.86 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.60% ᠢᠶᠠᠷ ᠪᠠᠭᠤᠷᠠᠵᠤ | ᠂ 16.00% ᠢ ᠡᠵᠡᠯᠡᠪᠡ᠃ ᠪᠤᠰᠤᠳ 8 ᠠᠵᠢᠯ ᠲᠥᠷᠥᠯ ᠤᠨ ᠦᠢᠯᠡᠳᠬᠦᠨ ᠤ ᠥᠷᠲᠡᠭ 14.71 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 85.86% ᠨᠡᠮᠡᠭᠳᠡᠵᠦ᠂ 6.22% ᠢ ᠡᠵᠡᠯᠡᠪᠡ᠃ | | | | | | | ᠡᠭᠦᠨ ᠳᠤ ᠥᠩᠭᠡᠲᠦ ᠲᠡᠮᠦᠷᠯᠢᠭ ᠬᠠᠶᠢᠯᠤᠭᠤᠯᠬᠤ ᠪᠠ ᠳᠠᠷᠤᠵᠤ ᠬᠠᠪᠲᠠᠭᠠᠶᠢᠷᠠᠭᠤᠯᠬᠤ ᠡᠳ᠋ᠰᠢᠭᠦᠯᠬᠦ ᠦᠢᠯᠡᠰ ᠪᠠ | ᠬᠢᠮᠢ ᠶᠢᠨ ᠲᠦᠭᠦᠬᠡᠶ ᠮᠠᠲ᠋ᠧᠷᠢᠶᠠᠯ ᠪᠠ ᠬᠢᠮᠢ ᠶᠢᠨ ᠪᠦᠲᠦᠭᠡᠭᠳᠡᠬᠦᠨ ᠦᠢᠯᠡᠳᠬᠦ ᠦᠢᠯᠡᠰ ᠢᠯᠡᠳᠲᠡ ᠪᠠᠭᠤᠷᠠᠵᠤ᠂ | ᠪᠥᠬᠦ ᠲᠣᠭᠤᠷᠢᠭ ᠤᠨ ᠭᠤᠤᠯ ᠬᠥᠲᠥᠴᠢ ᠠᠵᠤ ᠠᠬᠤᠶᠢᠯᠠᠯ ᠡᠨᠡ ᠬᠤᠶᠠᠷ ᠠᠵᠢᠯ ᠲᠥᠷᠥᠯ ᠳᠤ ᠲᠥᠪᠯᠡᠷᠡᠵᠦ᠂ | ᠦᠢᠯᠡᠳᠬᠦᠨ ᠤ ᠥᠷᠲᠡᠭ ᠲᠤ ᠨᠡᠯᠢᠶᠡᠳ ᠶᠡᠭᠡ ᠨᠥᠯᠥᠭᠡ ᠦᠵᠡᠭᠦᠯᠵᠦ᠂ ᠥᠪᠥᠷ ᠮᠣᠩᠭᠤᠯ ᠤᠨ ᠳ᠋ᠠ ᠴᠢᠤᠸᠠᠨ | ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠳᠣᠤᠷ᠎ᠠ ᠬᠠᠭᠠᠰ ᠵᠢᠯ ᠳᠤ ᠬᠥᠮᠥᠷᠭᠡ ᠳᠤ ᠣᠷᠣᠭᠤᠯᠵᠤ | ᠬᠤᠷᠢᠶᠠᠩᠭᠤᠶᠢᠯᠠᠨ ᠪᠦᠷᠢᠳᠬᠡᠵᠦ᠂ ᠦᠢᠯᠡᠳᠬᠦᠨ ᠤ ᠥᠷᠲᠡᠭ ᠤᠨ ᠳᠡᠭᠡᠭᠰᠢᠯᠡᠯᠲᠡ᠂ ᠳᠠᠶᠢᠴᠢᠯᠠᠯᠲᠠ ᠶᠢ ᠢᠯᠡᠷᠬᠡᠶ | ᠪᠣᠯᠭᠠᠵᠤ᠂ ᠵᠢᠱᠢᠯᠲᠡ ᠪᠠᠷ ᠪᠥᠬᠦ ᠲᠣᠭᠤᠷᠢᠭ ᠤᠨ ᠦᠢᠯᠡᠳᠭᠦᠨ ᠤ ᠥᠷᠲᠡᠭ ᠦᠷᠭᠦᠯᠵᠢᠯᠡᠨ ᠳᠡᠭᠡᠭᠰᠢᠯᠡᠵᠦ᠂ ᠨᠡᠮᠡᠭᠳᠡᠯ | ᠥᠷᠲᠡᠭ ᠢ ᠳᠠᠶᠢᠴᠢᠯᠠᠨ ᠵᠡᠷᠭᠡ ᠪᠠᠷ ᠥᠰᠬᠡᠬᠦ ᠪᠣᠯᠤᠨ᠎ᠠ᠃ |