ᠵᠢᠦ ᠶᠤᠸᠠᠨ ᠲᠣᠭᠤᠷᠢᠭ ᠤᠨ ᠯᠣᠩᠬᠤᠨ ᠳᠤ ᠰᠠᠪᠠᠯᠠᠭᠰᠠᠨ ᠰᠢᠩᠭᠡᠨᠵᠢᠮᠡᠯ ᠴᠢᠯᠠᠭᠤᠨ ᠲᠣᠰᠣᠨ ᠤ ᠬᠡᠶ ᠶᠢᠨ ᠢᠳᠡᠭᠡᠨ ᠤᠮᠳᠠᠭᠠᠨ ᠤ ᠲᠠᠯᠠᠪᠤᠷ ᠤᠨ ︽ᠯᠣᠩᠬᠤ ᠶᠢ ᠥᠭᠡᠷᠡᠴᠢᠯᠡᠨ ᠬᠠᠮᠢᠶᠠᠷᠬᠤ︾ ᠠᠵᠢᠯ ᠤᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/9/25
   ︽ᠵᠢᠥ ᠶᠤᠸᠠᠨ ᠲᠣᠭᠤᠷᠢᠭ ᠤᠨ ᠯᠣᠩᠬᠤᠨ ᠳᠤ ᠰᠠᠪᠠᠯᠠᠭᠰᠠᠨ ᠰᠢᠩᠭᠡᠨᠵᠢᠮᠡᠯ ᠴᠢᠯᠠᠭᠤᠨ ᠲᠣᠰᠣᠨ ᠤ ᠬᠡᠶ ᠶᠢᠨ ᠢᠳᠡᠭᠡᠨ ᠤᠮᠳᠠᠭᠠᠨ ᠤ ᠲᠠᠯᠠᠪᠤᠷ ᠭᠠᠵᠠᠷ ᠤᠨ〈 ᠯᠣᠩᠬᠤ ᠶᠢ ᠬᠤᠭᠤᠯᠠᠢ ᠪᠣᠯᠭᠠᠨ ᠥᠭᠡᠷᠡᠴᠢᠯᠡᠬᠦ〉ᠠᠵᠢᠯ ᠤᠨ ᠬᠡᠷᠡᠭᠵᠢᠭᠦᠯᠬᠦ ᠲᠥᠰᠦᠯ︾᠎ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢᠨᠢᠭᠡ᠂ ᠲᠣᠭᠲᠠᠭᠠᠭᠰᠠᠨ ᠠᠬᠤᠶ ᠪᠠᠶᠢᠳᠠᠯ    ᠰᠢᠲᠠᠮᠠᠬᠠᠶ ᠬᠡᠶ ᠶᠢᠨ ᠠᠳᠡᠯ ᠠᠴᠠ ᠭᠦᠨᠵᠡᠭᠡᠶ ᠰᠤᠷᠭᠠᠮᠵᠢ ᠠᠪᠴᠤ᠂ ᠢᠳᠡᠭᠡᠨ ᠤᠮᠳᠠᠭᠠᠨ ᠤ ᠲᠠᠯᠠᠪᠤᠷ ᠭᠠᠵᠠᠷ ᠤᠨ ᠯᠣᠩᠬᠤᠨ ᠳᠤ ᠰᠠᠪᠠᠯᠠᠭᠰᠠᠨ ᠰᠢᠩᠭᠡᠨᠵᠢᠮᠡᠯ ᠴᠢᠯᠠᠭᠤᠨ ᠲᠣᠰᠣᠨ ᠤ ᠬᠡᠢ ᠭᠤᠭᠤᠵᠢᠭᠰᠠᠨ ᠳᠡᠯᠪᠡᠷᠡᠯᠲᠡ ᠶᠢᠨ ᠠᠳᠡᠯ ᠭᠠᠷᠬᠤ ᠶᠢ ᠪᠥᠬᠦ ᠬᠦᠴᠦᠨ ᠢᠶᠠᠷ ᠢᠶᠠᠨ ᠰᠡᠷᠭᠡᠶᠢᠯᠡᠬᠦ ᠪᠠ ᠡᠷᠡᠰ ᠬᠤᠷᠢᠭᠯᠠᠵᠤ᠂ ᠢᠳᠡᠭᠡᠨ ᠤᠮᠳᠠᠭᠠᠨ ᠤ ᠲᠠᠯᠠᠪᠤᠷ ᠭᠠᠵᠠᠷ ᠤᠨ ᠯᠣᠩᠬᠤᠨ ᠳᠤ ᠰᠠᠪᠠᠯᠠᠭᠰᠠᠨ ᠰᠢᠩᠭᠡᠨᠵᠢᠮᠡᠯ ᠴᠢᠯᠠᠭᠤᠨ ᠲᠣᠰᠣᠨ ᠤ ᠬᠡᠢ ᠶᠢ ᠬᠡᠷᠡᠭᠯᠡᠬᠦ ᠭᠤᠭᠴᠤᠭ᠎ᠠ ᠶᠢᠨ ᠠᠮᠤᠷ ᠲᠦᠪᠰᠢᠨ ᠤ ᠲᠦᠭᠰᠢᠭᠦᠷᠢ ᠶᠢ ᠡᠬᠢ ᠡᠭᠦᠰᠦᠯ ᠠᠴᠠ ᠨᠢ ᠰᠡᠷᠭᠡᠶᠢᠯᠡᠨ ᠠᠷᠢᠯᠭᠠᠵᠤ᠂ ᠮᠠᠨ ᠤ ᠲᠣᠭᠤᠷᠢᠭ ᠤᠨ ᠬᠡᠪᠴᠢᠶᠡᠨ ᠳᠣᠲᠣᠷᠠᠬᠢ ᠢᠳᠡᠭᠡᠨ ᠤᠮᠳᠠᠭᠠᠨ ᠤ ᠲᠠᠯᠠᠪᠤᠷ ᠭᠠᠵᠠᠷ ᠲᠤ ᠯᠣᠩᠬᠤᠨ ᠳᠤ ᠰᠠᠪᠠᠯᠠᠭᠰᠠᠨ ᠰᠢᠩᠭᠡᠨᠵᠢᠮᠡᠯ ᠴᠢᠯᠠᠭᠤᠨ ᠲᠣᠰᠣᠨ ᠤ ᠬᠡᠢ ᠶᠢ ᠬᠡᠷᠡᠭᠯᠡᠬᠦ ᠶᠢ ᠬᠤᠭᠤᠯᠠᠶ ᠶᠢᠨ ᠪᠠᠶᠢᠭᠠᠯᠢ ᠶᠢᠨ ᠰᠢᠲᠠᠮᠠᠬᠠᠶ ᠬᠡᠶ ︵ᠳᠣᠷᠣᠭᠰᠢ ︽ᠯᠣᠩᠬᠤ ᠶᠢ ᠬᠤᠭᠤᠯᠠᠢ ᠪᠣᠯᠭᠠᠨ ᠥᠭᠡᠷᠡᠴᠢᠯᠡᠬᠦ︾ ᠭᠡᠵᠦ ᠲᠣᠪᠴᠢᠯᠠᠨ᠎ᠠ︶ ᠪᠣᠯᠭᠠᠨ ᠥᠭᠡᠷᠡᠴᠢᠯᠡᠬᠦ ᠶᠢ ᠠᠬᠢᠭᠤᠯᠬᠤ ᠶᠢᠨ ᠲᠤᠰᠠᠳᠠ᠂ ᠡᠳᠦᠭᠡ ᠮᠠᠨ ᠤ ᠲᠣᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃ ᠬᠤᠶᠠᠷ᠂ ᠠᠵᠢᠯ ᠤᠨ ᠬᠠᠷᠠᠯᠲᠠ ᠵᠢᠴᠢ ᠡᠭᠦᠷᠭᠡ    ᠮᠠᠨ ᠤ ᠲᠣᠭᠤᠷᠢᠭ ᠤᠨ ᠬᠤᠲᠠ ᠪᠠᠯᠭᠠᠰᠤ ᠶᠢᠨ ᠰᠢᠲᠠᠮᠠᠬᠠᠶ ᠬᠡᠶ ᠶᠢᠨ ᠬᠦᠷᠢᠶᠡᠨ ᠳᠤ ᠯᠣᠩᠬᠤᠨ ᠳᠤ ᠰᠠᠪᠠᠯᠠᠭᠰᠠᠨ ᠰᠢᠩᠭᠡᠨᠵᠢᠮᠡᠯ ᠴᠢᠯᠠᠭᠤᠨ ᠲᠣᠰᠣᠨ ᠤ ᠬᠡᠶ ᠶᠢ ᠬᠡᠷᠡᠭᠯᠡᠭᠰᠡᠨ ᠢᠳᠡᠭᠡᠨ ᠤᠮᠳᠠᠭᠠᠨ ᠤ ᠬᠡᠷᠡᠭᠯᠡᠭᠴᠢᠳ ᠲᠤ ᠠᠮᠤᠷ ᠲᠦᠪᠰᠢᠨ ᠢᠶᠠᠷ ᠰᠢᠲᠠᠮᠠᠬᠠᠶ ᠬᠡᠶ ᠬᠡᠷᠡᠭᠯᠡᠬᠦ ᠦᠵᠡᠯ ᠤᠬᠠᠮᠰᠠᠷ ᠨᠡᠯᠢᠶᠡᠳ ᠠᠨᠠᠶ᠂ ᠠᠮᠤᠷ ᠲᠦᠪᠰᠢᠨ ᠢᠶᠠᠷ ᠬᠡᠶ ᠬᠡᠷᠡᠭᠯᠡᠬᠦ ᠮᠡᠳᠡᠯᠭᠡ ᠪᠠ ᠰᠡᠷᠭᠡᠶᠢᠯᠡᠬᠦ ᠦᠨᠳᠦᠰᠦᠨ ᠤᠷ᠎ᠠ ᠴᠢᠳᠠᠪᠤᠷᠢ ᠪᠠᠷ ᠥᠨᠳᠥᠷ ᠪᠢᠰᠢ᠂ ᠬᠢᠷᠢ ᠲᠡᠩᠴᠡᠬᠦ ᠥᠬᠡᠶ ᠳᠠᠷᠤᠯᠲᠠ ᠪᠠᠭᠤᠷᠠᠭᠤᠯᠬᠤ ᠨᠡᠭᠡᠯᠡᠬᠡᠶ᠂ ᠵᠥᠭᠡᠯᠡᠨ ᠬᠤᠭᠤᠯᠠᠶ ᠪᠠ ᠤᠨᠲᠠᠷᠠᠭᠰᠠᠨ ᠥᠬᠡᠶ ᠭᠠᠯ ᠢ ᠬᠠᠮᠠᠭᠠᠯᠠᠬᠤ ᠲᠣᠨᠣᠭᠯᠠᠯ ᠤᠨ ᠰᠢᠲᠠᠬᠤ ᠪᠠᠭᠠᠵᠢ ᠬᠡᠷᠡᠭᠰᠡᠯ᠂ ᠰᠢᠲᠠᠮᠠᠬᠠᠶ ᠬᠡᠶ ᠶᠢᠨ ᠲᠦᠭᠰᠢᠭᠦᠷᠢ ᠮᠡᠳᠡᠭᠡᠯᠡᠬᠦ ᠲᠥᠬᠦᠭᠡᠷᠦᠮᠵᠢ ᠪᠠ ᠲᠠᠰᠤᠯᠬᠤ ᠲᠥᠬᠦᠭᠡᠷᠦᠮᠵᠢ ᠤᠭᠰᠠᠷᠠᠭᠰᠠᠨ ᠥᠬᠡᠶ ᠵᠡᠷᠭᠡ ᠠᠰᠠᠭᠤᠳᠠᠯ ᠳᠤ ᠴᠢᠭᠯᠡᠭᠦᠯᠦᠨ᠂ ︽ᠯᠣᠩᠬᠤ ᠶᠢ ᠬᠤᠭᠤᠯᠠᠢ ᠪᠣᠯᠭᠠᠨ ᠥᠭᠡᠷᠡᠴᠢᠯᠡᠬᠦ︾ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠭᠤᠤᠯ ᠬᠡᠷᠡᠭᠵᠢᠭᠦᠯᠬᠦ ᠬᠡᠪᠴᠢᠶ᠎ᠡ᠂ ᠠᠯᠬᠤᠮ ᠳᠠᠷᠠᠭ᠎ᠠ ᠵᠢᠴᠢ ᠪᠠᠯᠠ ᠮᠥᠩᠭᠦ ᠶᠢᠨ ᠬᠡᠰᠡᠭ ᠵᠡᠷᠭᠡ ᠠᠭᠤᠯᠭ᠎ᠠ ᠶᠢ ᠲᠣᠳᠣᠷᠬᠠᠶᠢᠯᠠᠪᠠ᠃ 2023 ᠣᠨ ᠤ 12 ᠰᠠᠷ᠎ᠠ ᠶᠢᠨ 31᠎ ᠤ ᠡᠳᠦᠷ ᠠᠴᠠ ᠡᠮᠦᠨ᠎ᠡ᠂ ᠬᠤᠭᠤᠯᠠᠶ ᠶᠢᠨ ᠰᠢᠲᠠᠮᠠᠬᠠᠶ ᠬᠡᠶ ᠶᠢᠨ ᠬᠠᠮᠤᠷᠬᠤ ᠣᠷᠣᠨ ᠪᠦᠰᠡ ᠶᠢᠨ ᠳᠣᠲᠣᠷᠠᠬᠢ ᠥᠭᠡᠷᠡᠴᠢᠯᠡᠬᠦ ᠨᠥᠬᠦᠴᠡᠯ ᠪᠥᠬᠦᠶ ᠢᠳᠡᠭᠡᠨ ᠤᠮᠳᠠᠭᠠᠨ ᠤ ᠲᠠᠯᠠᠪᠤᠷ ᠭᠠᠵᠠᠷ ᠤᠨ ︽ᠯᠣᠩᠬᠤ ᠶᠢ ᠬᠤᠭᠤᠯᠠᠢ ᠪᠣᠯᠭᠠᠨ ᠥᠭᠡᠷᠡᠴᠢᠯᠡᠬᠦ》ᠡᠭᠦᠷᠭᠡ ᠶᠢ ᠪᠡᠶᠡᠯᠡᠭᠦᠯᠦᠨ᠎ᠡ᠃ ᠬᠡᠷᠡᠭᠯᠡᠬᠦ ᠡᠷᠦᠬᠡ ᠰᠠᠶᠢᠨ ᠳᠤᠷ᠎ᠠ ᠠᠴᠠ ᠪᠠᠨ ᠪᠠᠶᠢᠬᠤ ᠵᠠᠷᠴᠢᠮ ᠤᠨ ᠶᠣᠰᠣᠭᠠᠷ᠂ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠠᠴᠠ ᠨᠥᠬᠦᠪᠥᠷᠢ ᠥᠭᠴᠦ᠂ ᠲᠦᠩᠰᠡ ᠶᠢ ᠥᠭᠡᠷᠡᠴᠢᠯᠡᠨ ᠬᠠᠮᠢᠶᠠᠷᠬᠤ ᠨᠥᠬᠦᠴᠡᠯ ᠢ ᠪᠦᠷᠢᠯᠳᠦᠭᠦᠯᠦᠭᠡᠳᠦᠶ ᠢᠳᠡᠭᠡᠨ ᠤᠮᠳᠠᠭᠠᠨ ᠤ ᠬᠡᠷᠡᠭᠯᠡᠬᠦ ᠡᠷᠦᠬᠡ ᠵᠢᠴᠢ ᠰᠠᠭᠤᠭᠠᠯᠢ ᠠᠷᠠᠳ ᠤᠨ ᠬᠡᠷᠡᠭᠯᠡᠬᠦ ᠡᠷᠦᠬᠡ ᠶᠢ ᠲᠦᠯᠬᠢᠨ ᠠᠬᠢᠭᠤᠯᠵᠤ᠂ ᠮᠡᠷᠭᠡᠵᠢᠯ ᠤᠨ ᠰᠡᠷᠭᠡᠶᠢᠯᠡᠯᠲᠡ ᠬᠢᠯᠭᠡᠵᠦ ᠪᠠᠶᠢᠬᠤ ᠲᠦᠭᠰᠢᠭᠦᠷᠢ ᠮᠡᠳᠡᠭᠡᠯᠡᠬᠦ ᠲᠥᠬᠦᠭᠡᠷᠦᠮᠵᠢ ᠨᠡᠮᠡᠵᠦ ᠤᠭᠰᠠᠷᠠᠬᠤ ᠶᠢ ᠪᠡᠶᠡᠯᠡᠭᠦᠯᠵᠦ᠂ ᠨᠢᠭᠡᠨᠲᠡ ᠲᠠᠰᠤᠯᠬᠤ ᠨᠡᠭᠡᠯᠡᠬᠡᠶ ᠵᠢᠴᠢ ᠰᠢᠲᠠᠮᠠᠬᠠᠶ ᠬᠡᠢ ᠶᠢᠨ ᠲᠦᠭᠰᠢᠭᠦᠷᠢ ᠮᠡᠳᠡᠭᠡᠯᠡᠬᠦ ᠮᠠᠰᠢᠨ ᠢ ᠨᠡᠮᠡᠵᠦ ᠤᠭᠰᠠᠷᠠᠭᠰᠠᠨ ᠬᠡᠷᠡᠭᠯᠡᠭᠴᠢ ᠨᠡᠮᠡᠵᠦ ᠤᠭᠰᠠᠷᠠᠬᠤ ᠦᠭᠡᠶ ᠪᠠᠶᠢᠵᠤ ᠪᠣᠯᠤᠨ᠎ᠠ᠃ᠭᠤᠷᠪᠠ᠂ ᠪᠢᠴᠢᠭ ᠮᠠᠲ᠋ᠧᠷᠢᠶᠠᠯ ᠢ ᠬᠡᠷᠡᠭᠵᠢᠭᠦᠯᠬᠦ ᠬᠡᠪᠴᠢᠶ᠎ᠡ ᠲᠣᠰ ᠲᠥᠰᠦᠯ ᠢ ᠵᠢᠦ ᠶᠤᠸᠠᠨ ᠲᠣᠭᠤᠷᠢᠭ ᠤᠨ ᠰᠢᠲᠠᠮᠠᠬᠠᠶ ᠬᠡᠶ ᠢ ᠬᠤᠭᠤᠯᠠᠶ ᠪᠠᠷ ᠳᠠᠮᠵᠢᠭᠤᠯᠬᠤ ᠶᠢᠨ ᠬᠠᠮᠤᠷᠬᠤ ᠬᠡᠪᠴᠢᠶᠡᠨ ᠳᠣᠲᠣᠷ᠎ᠠ᠂ ︽ᠬᠤᠲᠠ ᠪᠠᠯᠭᠠᠰᠤ ᠶᠢᠨ ᠰᠢᠲᠠᠮᠠᠬᠠᠶ ᠬᠡᠶ ᠶᠢᠨ ᠵᠢᠷᠤᠭ ᠲᠥᠯᠥᠪᠯᠡᠭᠡ ᠶᠢᠨ ᠵᠢᠷᠤᠮᠵᠢᠯ︾᠎ ᠳᠤ ᠨᠡᠶᠢᠴᠡᠬᠦ᠂ ᠬᠡᠷ ᠪᠠᠶᠢᠰᠢᠩ ᠤᠨ ᠥᠮᠴᠢᠯᠡᠯ ᠤᠨ ᠡᠷᠬᠡ ᠪᠠᠷ ᠬᠤᠭᠤᠯᠠᠶ ᠪᠠᠷ ᠳᠠᠮᠵᠢᠭᠤᠯᠬᠤ ᠰᠢᠲᠠᠮᠠᠬᠠᠶ ᠬᠡᠶ ᠶᠢ ᠥᠭᠡᠷᠡᠴᠢᠯᠡᠬᠦ ᠨᠥᠬᠦᠴᠡᠯ ᠢ ᠲᠣᠳᠣᠷᠬᠠᠶ ᠪᠣᠯᠭᠠᠭᠰᠠᠨ ᠳᠣᠤᠷᠠᠬᠢ ᠲᠠᠯᠠᠪᠤᠷ ᠭᠠᠵᠠᠷ ᠲᠤ ᠳᠣᠭᠢᠷᠠᠭᠤᠯᠪᠠ᠄     ︵ᠨᠢᠭᠡ︶ ᠪᠠᠶᠢᠭᠤᠯᠵᠤ ᠪᠠᠶᠢᠭ᠎ᠠ ᠡᠯ᠎ᠡ ᠲᠥᠷᠥᠯ ᠤᠨ ᠪᠠᠷᠢᠯᠭ᠎ᠠ ᠶᠢᠨ ᠭᠠᠵᠠᠷ ᠤᠨ ᠲᠦᠷ ᠴᠠᠭ ᠤᠨ ᠬᠤᠭᠤᠯᠠᠨ ᠬᠡᠷ᠃    ︵ᠬᠤᠶᠠᠷ︶ ᠲᠣᠭᠲᠠᠮᠠᠯ ᠡᠵᠡᠩᠨᠡᠯᠲᠡ ᠶᠢᠨ ᠲᠠᠯᠠᠪᠤᠷ ᠭᠠᠵᠠᠷ ᠥᠭᠡᠢ ᠬᠤᠪᠢ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠡᠷᠥᠭᠡ ︵ᠢᠳᠡᠭᠡᠨ ᠤᠮᠳᠠᠭᠠᠨ ᠤ ᠨᠡᠭᠦᠳᠡᠯ ᠳᠡᠯᠭᠡᠭᠦᠷᠴᠢᠨ︶    ︵ᠭᠤᠷᠪᠠ︶ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠭᠤᠯᠠᠶ ᠶᠢᠨ ᠵᠢᠷᠤᠭ ᠲᠥᠯᠥᠪᠯᠡᠭᠡ᠂ ᠪᠥᠲᠥᠭᠡᠨ ᠪᠠᠶᠢᠭᠤᠯᠤᠯᠲᠠ᠂ ᠠᠵᠢᠯᠯᠠᠭᠠᠨ᠂ ᠠᠮᠤᠷ ᠲᠦᠪᠰᠢᠨ ᠤ ᠬᠠᠮᠢᠶ᠎ᠠ ᠪᠥᠬᠦᠶ ᠪᠠᠷᠢᠮᠵᠢᠶ᠎ᠠ ᠶᠢᠨ ᠵᠢᠷᠤᠮᠵᠢᠯ ᠳᠤ ᠥᠯᠥ ᠨᠡᠶᠢᠴᠡᠬᠦ ᠲᠠᠯᠠᠪᠤᠷ ᠭᠠᠵᠠᠷ᠃ ᠳᠥᠷᠪᠡ᠂ ᠭᠤᠤᠯ ᠠᠭᠤᠯᠭ᠎ᠠ ᠶᠢᠨ ᠲᠠᠶᠢᠯᠤᠮᠵᠢ ︽ᠲᠥᠰᠦᠯ︾᠎ ᠢ ᠨᠡᠶᠢᠲᠡ ᠲᠤᠯᠤᠭᠠᠨ ᠶᠡᠭᠡ ᠬᠡᠰᠡᠭ ᠲᠤ ᠬᠤᠪᠢᠶᠠᠪᠠ᠃ ᠨᠢᠭᠡᠳᠦᠭᠡᠷ ᠬᠡᠰᠡᠭ ᠢ ᠵᠢᠯᠣᠭᠤᠳᠬᠤ ᠦᠵᠡᠯ ᠰᠠᠨᠠᠭ᠎ᠠ ᠭᠡᠵᠦ ᠬᠤᠪᠢᠶᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ᠂ ᠢᠯᠠᠩᠭᠤᠶ᠎ᠠ ᠰᠢᠲᠠᠮᠠᠬᠠᠶ ᠬᠡᠶ ᠶᠢᠨ ᠠᠮᠤᠷ ᠲᠦᠪᠰᠢᠨ ᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠥᠬᠦᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠠᠵᠢᠯ ᠤᠨ ᠱᠠᠭᠠᠷᠳᠠᠯᠭ᠎ᠠ ᠶᠣᠰᠣᠭᠠᠷ᠂ ᠲᠦᠭᠰᠢᠭᠦᠷᠢ ᠶᠢ ᠰᠡᠷᠭᠡᠶᠢᠯᠡᠬᠦ ᠦᠵᠡᠯ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠎ᠠ᠃ ᠲᠣᠰ ᠤᠳᠠᠭᠠᠨ ᠤ ︽ᠯᠣᠩᠬᠤ ᠶᠢ ᠬᠤᠭᠤᠯᠠᠢ ᠪᠣᠯᠭᠠᠨ ᠥᠭᠡᠷᠡᠴᠢᠯᠡᠬᠦ︾ ᠠᠵᠢᠯ ᠤᠨ ᠠᠬᠢᠴᠠ ᠪᠠᠷ ᠳᠠᠮᠵᠢᠭᠤᠯᠤᠨ᠂ ᠨᠡᠶᠢᠭᠡᠮ ᠨᠡᠶᠢᠲᠡ ᠶᠢᠨ ᠠᠮᠤᠷ ᠲᠦᠪᠰᠢᠨ ᠪᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠪᠠ᠃ ᠬᠤᠶᠠᠳᠤᠭᠠᠷ ᠬᠡᠰᠡᠭ ᠨᠢ ᠬᠡᠷᠡᠭᠵᠢᠭᠦᠯᠬᠦ ᠬᠠᠷᠠᠯᠲᠠ ᠪᠣᠯᠣᠨ᠎ᠠ᠃ ᠮᠠᠨ ᠤ ᠲᠤᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠬᠤ ᠶᠢᠨ ᠬᠠᠮᠲᠤ ᠲᠡᠷᠢᠭᠦᠨ ᠤ ᠬᠤᠲᠠ ᠶᠢᠨ ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ ᠢ ᠢᠳᠡᠪᠬᠢᠲᠡᠶ ᠰᠤᠷᠤᠯᠴᠠᠵᠤ᠂ 2023 ᠣᠨ ᠤ 12 ᠳ᠋ᠤᠭᠠᠷ ᠰᠠᠷ᠎ᠠ ᠶᠢᠨ 31᠎ ᠤ ᠡᠳᠦᠷ ᠠᠴᠠ ᠡᠮᠦᠨ᠎ᠡ᠂ ᠰᠢᠲᠠᠮᠠᠬᠠᠶ ᠬᠡᠶ ᠢ ᠬᠤᠭᠤᠯᠠᠶ ᠶᠢᠨ ᠪᠦᠷᠬᠦᠴᠡ ᠶᠢᠨ ᠣᠷᠣᠨ ᠪᠦᠰᠡ ᠶᠢᠨ ᠳᠣᠲᠣᠷᠠᠬᠢ ᠥᠭᠡᠷᠡᠴᠢᠯᠡᠬᠦ ᠨᠥᠬᠦᠴᠡᠯ ᠪᠥᠷᠢᠳᠦᠭᠰᠡᠨ ᠢᠳᠡᠭᠡᠨ ᠤᠮᠳᠠᠭᠠᠨ ᠤ ᠲᠠᠯᠠᠪᠤᠷ ᠭᠠᠵᠠᠷ ᠤᠨ ︽ᠯᠣᠩᠬᠤ ᠶᠢ ᠬᠤᠭᠤᠯᠠᠢ ᠪᠣᠯᠭᠠᠨ ᠥᠭᠡᠷᠡᠴᠢᠯᠡᠬᠦ︾ ᠡᠭᠦᠷᠭᠡ ᠶᠢ ᠪᠡᠶᠡᠯᠡᠭᠦᠯᠦᠨ᠎ᠡ ᠃ ᠬᠡᠷᠡᠭᠯᠡᠬᠦ ᠡᠷᠦᠬᠡ ᠶᠢᠨ ᠰᠠᠶᠢᠨ ᠳᠤᠷ᠎ᠠ ᠶᠢᠨ ᠵᠠᠷᠴᠢᠮ ᠶᠣᠰᠣᠭᠠᠷ᠂ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠠᠴᠠ ︽ᠯᠣᠩᠬᠤ ᠶᠢ ᠬᠤᠭᠤᠯᠠᠢ ᠪᠣᠯᠭᠠᠨ ᠥᠭᠡᠷᠡᠴᠢᠯᠡᠬᠦ︾ ᠨᠥᠬᠦᠴᠡᠯ ᠦᠭᠡᠢ ᠢᠳᠡᠭᠡᠨ ᠤᠮᠳᠠᠭᠠᠨ ᠤ ᠬᠡᠷᠡᠭᠯᠡᠭᠴᠢ ᠵᠢᠴᠢ ᠰᠠᠭᠤᠭᠠᠯᠢ ᠠᠷᠠᠳ ᠤᠨ ᠬᠡᠷᠡᠭᠯᠡᠭᠴᠢ ᠶᠢ ᠲᠦᠯᠬᠢᠨ ᠠᠬᠢᠭᠤᠯᠵᠤ᠂ ᠮᠡᠷᠭᠡᠵᠢᠯ ᠤᠨ ᠰᠡᠷᠭᠡᠶᠢᠯᠡᠯᠲᠡ ᠶᠢᠨ ᠢᠯᠲᠠᠰᠤ ᠨᠡᠮᠡᠵᠦ ᠤᠭᠰᠠᠷᠠᠬᠤ ᠲᠦᠭᠰᠢᠭᠦᠷᠢ ᠮᠡᠳᠡᠭᠡᠯᠡᠬᠦ ᠲᠥᠬᠦᠭᠡᠷᠦᠮᠵᠢ ᠶᠢ ᠪᠡᠶᠡᠯᠡᠭᠦᠯᠵᠦ᠂ ᠬᠠᠭᠠᠯᠬᠤ ᠨᠡᠭᠡᠯᠡᠬᠡᠶ ᠵᠢᠴᠢ ᠰᠢᠲᠠᠮᠠᠬᠠᠶ ᠬᠡᠢ ᠶᠢᠨ ᠲᠦᠭᠰᠢᠭᠦᠷᠢ ᠮᠡᠳᠡᠭᠡᠯᠡᠬᠦ ᠮᠠᠰᠢᠨ ᠢ ᠨᠡᠮᠡᠵᠦ ᠤᠭᠰᠠᠷᠠᠬᠤ ᠭᠤᠷᠪᠠᠳᠠᠬᠢ ᠬᠡᠰᠡᠭ ᠤᠨ ᠬᠡᠷᠡᠭᠵᠢᠭᠦᠯᠬᠦ ᠬᠦᠷᠢᠶ᠎ᠡ ᠬᠡᠪᠴᠢᠶ᠎ᠡ ᠶᠢ ᠨᠡᠮᠡᠵᠦ ᠪᠣᠯᠬᠤ ᠥᠬᠡᠶ᠃ ᠲᠣᠰ ᠲᠥᠰᠦᠯ ᠢ ᠵᠢᠥ ᠶᠤᠸᠠᠨ ᠲᠣᠭᠤᠷᠢᠭ ᠤᠨ ᠬᠤᠭᠤᠯᠠᠶ ᠶᠢᠨ ᠰᠢᠲᠠᠮᠠᠬᠠᠶ ᠬᠡᠶ ᠶᠢᠨ ᠪᠦᠷᠬᠦᠴᠡ ᠶᠢᠨ ᠬᠡᠪᠴᠢᠶᠡᠨ ᠳᠤ ᠬᠡᠷᠡᠭᠯᠡᠵᠦ᠂ ︽ᠬᠤᠲᠠ ᠪᠠᠯᠭᠠᠰᠤ ᠶᠢᠨ ᠰᠢᠲᠠᠮᠠᠬᠠᠶ ᠬᠡᠶ ᠶᠢᠨ ᠵᠢᠷᠤᠭ ᠲᠥᠯᠥᠪᠯᠡᠭᠡ ᠶᠢᠨ ᠵᠢᠷᠤᠮᠵᠢᠯ︾᠎ ᠳᠤ ᠨᠡᠶᠢᠴᠡᠬᠦ᠂ ᠬᠡᠷ ᠪᠠᠶᠢᠰᠢᠩ ᠤᠨ ᠥᠮᠴᠢᠯᠡᠯ ᠤᠨ ᠡᠷᠬᠡ ᠨᠢ ᠲᠣᠳᠣᠷᠬᠠᠶ᠂ ᠬᠤᠭᠤᠯᠠᠶ ᠶᠢᠨ ᠰᠢᠲᠠᠮᠠᠬᠠᠶ ᠬᠡᠶ ᠶᠢ ᠥᠭᠡᠷᠡᠴᠢᠯᠡᠬᠦ ᠨᠥᠬᠦᠴᠡᠯ ᠢ ᠪᠦᠷᠢᠯᠳᠦᠭᠦᠯᠦᠭᠰᠡᠨ ᠰᠢᠩᠭᠡᠨᠵᠢᠮᠡᠯ ᠴᠢᠯᠠᠭᠤᠨ ᠲᠣᠰᠣᠨ ᠤ ᠬᠡᠷᠡᠭᠯᠡᠬᠦ ᠡᠷᠦᠬᠡ ᠭᠡᠵᠦ ᠲᠣᠳᠣᠷᠬᠠᠶ ᠲᠣᠭᠲᠠᠭᠠᠪᠠ᠃   ᠳᠥᠷᠪᠡᠳᠦᠭᠡᠷ ᠬᠡᠰᠡᠭ ᠨᠢ ᠬᠡᠷᠡᠭᠵᠢᠭᠦᠯᠬᠦ ᠠᠯᠬᠤᠮ ᠳᠠᠷᠠᠭ᠎ᠠ ᠪᠣᠯᠣᠨ᠎ᠠ᠃ ᠲᠣᠰ ᠲᠥᠰᠦᠯ ᠢ ᠪᠣᠳᠠᠲᠠᠶ ᠪᠠᠷ ᠳᠥᠷᠪᠡᠨ ᠠᠯᠬᠤᠮ ᠬᠤᠪᠢᠶᠠᠨ ︽ᠯᠣᠩᠬᠤ ᠶᠢ ᠬᠤᠭᠤᠯᠠᠢ ᠪᠣᠯᠭᠠᠨ ᠥᠭᠡᠷᠡᠴᠢᠯᠡᠬᠦ︾ ᠠᠵᠢᠯ ᠢ ᠥᠷᠨᠢᠭᠦᠯᠦᠨ᠎ᠡ᠂ ᠨᠢᠭᠡ ᠳᠤ ᠤᠬᠠᠭᠤᠯᠭ᠎ᠠ ᠲᠤᠭ᠎ᠠ ᠪᠦᠷᠢᠳᠬᠡᠯ ᠬᠢᠨ᠎ᠡ᠂ ᠬᠤᠶᠠᠷ ᠲᠤ ᠭᠡᠷ᠎ᠡ ᠶᠢ ᠲᠣᠭᠲᠠᠭᠠᠨ᠎ᠠ᠂ ᠭᠤᠷᠪᠠ ᠳᠤ ᠲᠥᠬᠦᠭᠡᠷᠦᠮᠵᠢ ᠬᠤᠳᠠᠯᠳᠤᠨ ᠠᠪᠤᠨ᠎ᠠ᠂ ᠳᠥᠷᠪᠡ ᠳᠤ ᠮᠡᠳᠡᠭᠡ ᠵᠠᠩᠭᠢ ᠶᠢ ᠨᠤᠲᠠᠯᠠᠨ᠎ᠠ᠃    ᠲᠠᠪᠤᠳᠤᠭᠠᠷ ᠬᠡᠰᠡᠭ ᠢ ᠪᠡᠯᠡ ᠮᠥᠩᠭᠦ ᠴᠤᠭᠯᠠᠭᠤᠯᠬᠤ ᠭᠡᠵᠦ ᠬᠤᠪᠢᠶᠠᠨ᠎ᠠ᠃ ᠲᠣᠰ ᠤᠳᠠᠭᠠᠨ ᠤ ︽ᠯᠣᠩᠬᠤ ᠶᠢ ᠬᠤᠭᠤᠯᠠᠢ ᠪᠣᠯᠭᠠᠨ ᠥᠭᠡᠷᠡᠴᠢᠯᠡᠬᠦ︾ ᠥᠭᠡᠷᠡᠴᠢᠯᠡᠯᠲᠡ ᠶᠢᠨ ᠵᠠᠷᠤᠳᠠᠯ ᠢ ᠪᠠᠷᠢᠯᠭ᠎ᠠ ᠪᠠᠷᠢᠬᠤ ᠠᠴᠠ ᠪᠣᠯᠤᠭᠰᠠᠨ ᠪᠣᠳᠠᠲᠠᠶ ᠵᠠᠷᠤᠳᠠᠯ ᠢ ᠦᠨᠳᠦᠰᠦᠯᠡᠨ ᠬᠤᠭᠤᠯᠠᠶ ᠶᠢᠨ ᠰᠢᠲᠠᠮᠠᠬᠠᠶ ᠬᠡᠶ ᠡᠵᠡᠩᠨᠡᠬᠦ ᠠᠵᠤ ᠠᠬᠤᠶᠢᠯᠠᠯ ᠪᠣᠯᠤᠨ ᠥᠭᠡᠷᠡᠴᠢᠯᠡᠭᠰᠡᠨ ᠬᠡᠷᠡᠭᠯᠡᠬᠦ ᠡᠷᠦᠬᠡ ᠯᠦᠭᠡ ᠭᠡᠷ᠎ᠡ ᠲᠣᠭᠲᠠᠬᠤ ᠪᠠᠷ ᠪᠠᠷᠢᠮᠵᠢᠶ᠎ᠠ ᠪᠣᠯᠭᠠᠬᠤ ᠶᠢ ᠤᠯᠠᠮ ᠨᠢᠭᠡ ᠠᠯᠬᠤᠮ ᠲᠣᠳᠣᠷᠬᠠᠶᠢᠯᠠᠨ᠎ᠠ᠃ ︽ᠠᠵᠤ ᠠᠬᠤᠶᠢᠯᠠᠯ 40%᠎ ᠶᠢ ᠨᠢ ᠡᠭᠦᠷᠭᠡᠯᠡᠵᠦ᠂ ᠵᠠᠰᠠᠭ ᠤᠨ ᠣᠷᠳᠣᠨ 30%᠎ ᠶᠢ ᠨᠢ ᠨᠥᠬᠦᠪᠥᠷᠢᠯᠡᠵᠦ᠂ ᠬᠡᠷᠡᠭᠯᠡᠭᠴᠢᠳ 30%᠎ ᠶᠢ ᠨᠢ ᠡᠭᠦᠷᠭᠡᠯᠡᠬᠦ︾ ᠠᠷᠠᠳ ᠲᠤ ᠠᠰᠢᠭ ᠬᠦᠷᠲᠡᠭᠡᠬᠦ ᠵᠣᠷᠢᠭᠵᠢᠭᠤᠯᠤᠯ ᠪᠠ ᠪᠡᠯᠡ ᠮᠥᠩᠭᠦ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠠᠪᠤᠨ᠎ᠠ᠃     ᠵᠢᠷᠭᠤᠳᠤᠭᠠᠷ ᠬᠡᠰᠡᠭ ᠢ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠭᠡᠵᠦ ᠬᠤᠪᠢᠶᠠᠨ᠎ᠠ᠃ ᠵᠢᠦ ᠶᠤᠸᠠᠨ ᠲᠣᠭᠤᠷᠢᠭ ᠤᠨ ︽ᠯᠣᠩᠬᠤ ᠶᠢ ᠬᠤᠭᠤᠯᠠᠢ ᠪᠣᠯᠭᠠᠨ ᠥᠭᠡᠷᠡᠴᠢᠯᠡᠬᠦ︾ᠳᠥᠰᠦᠯ ᠤᠨ ᠤᠳᠤᠷᠢᠳᠬᠤ ᠳᠤᠭᠤᠢᠯᠠᠩ ᠢ ᠪᠠᠢᠭᠤᠯᠤᠨ᠎ᠠ᠃ ᠤᠳᠤᠷᠢᠳᠬᠤ ᠳᠤᠭᠤᠶᠢᠯᠠᠩ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯ ᠬᠤᠷᠠᠯᠳᠤᠭᠤᠯᠵᠤ ᠨᠢᠭᠡᠳᠦᠯᠲᠡᠶ ᠲᠣᠬᠢᠷᠠᠭᠤᠯᠤᠯᠲᠠ ᠬᠢᠵᠦ᠂ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠢᠳᠪᠤᠷᠢᠯᠡᠵᠣ᠂ ᠳᠤᠭᠤᠶᠢᠯᠠᠩ ᠤᠨ ᠪᠦᠷᠢᠯᠳᠦᠬᠦᠨ ᠨᠢᠭᠡᠴᠡ ᠬᠠᠮᠲᠤ ᠪᠠᠷ ᠵᠣᠬᠢᠴᠠᠭᠤᠯᠤᠨ ᠬᠠᠮᠵᠢᠯᠴᠠᠵᠤ ︽ᠯᠣᠩᠬᠤ ᠶᠢ ᠬᠤᠭᠤᠯᠠᠢ ᠪᠣᠯᠭᠠᠨ ᠥᠭᠡᠷᠡᠴᠢᠯᠡᠬᠦ︾ ᠠᠵᠢᠯ ᠢ ᠰᠠᠶᠢᠲᠤᠷ ᠬᠢᠪᠡ᠃    ᠳᠣᠯᠣᠳᠤᠭᠠᠷ ᠬᠡᠰᠡᠭ ᠨᠢ ᠪᠠᠲᠤᠯᠠᠭ᠎ᠠ ᠶᠢᠨ ᠠᠷᠭ᠎ᠠ ᠬᠡᠮᠵᠢᠶ᠎ᠡ᠃ ᠭᠤᠣᠯᠳᠠᠭᠤ ᠳᠣᠯᠣᠳᠤᠭᠠᠷ ᠬᠡᠰᠡᠭ ᠠᠴᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠣᠯᠣᠨ᠎ᠠ᠃ ᠭᠤᠤᠯᠳᠠᠭᠤ ᠡᠭᠦᠷᠭᠡ ᠶᠢ ᠳᠤᠳᠤᠷᠬᠠᠶᠢᠯᠠᠬᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠳᠤᠭᠳᠠᠭᠰᠠᠨ ᠬᠤᠭᠤᠴᠠᠭ᠎ᠠ ᠲᠠᠢ ᠪᠠᠷ ᠳᠤᠬᠢᠷᠠᠭᠤᠯᠵᠤ᠂ ᠬᠦᠴᠦ ᠪᠠᠨ ᠬᠠᠮᠳᠤᠳᠬᠠᠨ ᠬᠠᠮᠵᠢᠯᠴᠠᠬᠤ᠂ ᠬᠠᠮᠢᠶᠠᠷᠤᠯᠲᠠ ᠪᠠᠨ ᠴᠢᠩᠭᠠᠳᠬᠠᠵᠤ᠂ ᠶᠠᠰᠤ ᠴᠢᠨᠠᠷ ᠢ ᠦᠨᠡᠨ ᠬᠦ ᠪᠠᠲᠤᠯᠠᠬᠤ ᠬᠡᠷᠡᠭᠲᠡᠶ᠃ ᠤᠬᠠᠭᠤᠯᠭ᠎ᠠ ᠶᠢ ᠴᠢᠩᠭᠠᠳᠬᠠᠵᠤ᠂ ᠠᠭᠤᠷ ᠠᠮᠢᠰᠬᠤᠯ ᠢ ᠪᠣᠶ ᠪᠣᠯᠭᠠᠬᠤ ᠵᠡᠷᠭᠡ ᠲᠠᠯ᠎ᠠ ᠪᠠᠷ ᠳᠡᠮᠵᠢᠯᠭᠡ ᠬᠠᠩᠭᠠᠨ᠎ᠠ᠃      ᠬᠡᠷᠡᠭᠵᠢᠭᠦᠯᠬᠦ ᠲᠥᠰᠦᠯ ᠢ ᠲᠠᠶᠢᠯᠪᠤᠷᠢᠯᠠᠬᠤ ᠪᠠᠶᠢᠭᠤᠯᠭ᠎ᠠ᠂ ᠲᠠᠶᠢᠯᠪᠤᠷᠢᠯᠠᠭᠴᠢᠲᠠᠶᠢᠯᠤᠮᠵᠢ ᠬᠢᠬᠦ ᠪᠠᠶᠢᠭᠤᠯᠭ᠎ᠠ᠄ ᠵᠢᠥ ᠶᠤᠸᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠲᠠᠶᠢᠯᠪᠤᠷᠢᠯᠠᠭᠴᠢ᠄ ᠵᠧᠤ ᠶᠦᠩ ᠮᠢᠩ     ᠬᠠᠷᠢᠯᠴᠠᠬᠤ ᠤᠲᠠᠰᠤ᠄ 0472 - 7102546   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号