ᠨᠡᠶᠢᠲᠡ ᠶᠢᠨ ᠠᠰᠠᠷᠠᠮᠵᠢ ᠬᠥᠮᠦᠰ ᠤᠨ ᠰᠡᠳᠬᠢᠯ ᠢ ᠲᠤᠯᠠᠭᠠᠴᠠᠭᠤᠯᠵᠤ᠂ ᠵᠢᠷᠤᠮ ᠤᠨ ᠬᠠᠶᠢᠴᠢ ᠦᠨᠡᠨ ᠰᠡᠳᠬᠢᠯᠭᠡ ᠶᠢ ᠳᠠᠮᠵᠢᠭᠤᠯᠤᠨ᠎ᠠ — ᠰᠢᠩ ᠶᠤᠸᠠᠨ  ᠭᠡᠷ ᠬᠤᠷᠢᠶᠠᠯᠠᠯ ᠤᠨ ᠬᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/9/28
C:\Users\Administrator\Desktop\新闻照片\5.jpg
    ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ ᠳᠡᠯᠭᠡᠷᠡᠭᠦᠯᠬᠦ᠂ ᠨᠠᠰᠤᠲᠠᠶᠢᠴᠤᠳ ᠤᠨ ᠬᠠᠮᠲᠤᠯᠢᠭ ᠲᠤ ᠦᠢᠯᠡᠴᠢᠯᠡᠬᠦ ᠴᠢᠳᠠᠪᠤᠷᠢ ᠶᠢ ᠰᠢᠯᠢᠳᠡᠭᠵᠢᠭᠦᠯᠦᠨ ᠳᠡᠭᠡᠭᠰᠢᠯᠡᠭᠦᠯᠬᠦ ᠶᠢᠨ ᠲᠥᠯᠥᠭᠡ᠂ 9 ᠰᠠᠷ᠎ᠠ ᠶᠢᠨ 20᠎ ᠤ ᠡᠳᠦᠷ᠂ ᠰᠢᠩ ᠶᠤᠸᠠᠨ  ᠭᠡᠷ ᠬᠤᠷᠢᠶᠠᠯᠠᠯ ᠤᠨ ᠬᠢᠨ ᠬᠠᠷᠢᠶᠠᠨ ᠳᠠᠬᠢ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠮᠡᠳᠡᠭᠳᠡᠯ ᠢ ᠲᠠᠷᠬᠠᠭᠠᠭᠰᠠᠨ ᠤ ᠲᠠᠷᠠᠭ᠎ᠠ᠂ ᠬᠠᠷᠢᠶᠠᠲᠤ ᠣᠷᠣᠨ ᠤ ᠣᠯᠠᠩᠬᠢ ᠨᠠᠰᠤᠲᠠᠶᠢᠴᠤᠳ ᠤᠨ ᠠᠩᠬᠠᠷᠤᠯ ᠢ ᠲᠠᠲᠠᠵᠤ᠂ ᠰᠠᠭᠤᠭᠠᠯᠢ ᠠᠷᠠᠳ ᠤᠨ ᠲᠣᠭᠤᠷᠢᠭ ᠤᠨ ᠭᠤᠤ ᠠᠪᠠᠭ᠎ᠠ ᠥᠷᠯᠥᠭᠡ ᠡᠷᠲᠡ ᠵᠡᠷᠭᠡᠯᠡᠳᠡᠭᠡ ᠠᠶᠢᠯ ᠤᠨ ᠬᠢᠨ ᠲᠠᠢ ᠪᠠᠨ ᠮᠥᠷᠯᠡᠨ ᠬᠦᠯᠢᠶᠡᠵᠦ᠂ ᠰᠠᠶᠢᠨ ᠳᠤᠷ᠎ᠠ ᠶᠢᠨ ᠦᠢᠯᠡᠴᠢᠯᠡᠭᠴᠢᠳ ᠨᠢᠭᠡ ᠲᠠᠯ᠎ᠠ ᠪᠠᠷ ᠨᠠᠰᠤᠲᠠᠶᠢᠴᠤᠳ ᠤᠨ ᠱᠠᠭᠠᠷᠳᠠᠯᠭ᠎ᠠ ᠪᠠᠷ ᠨᠠᠷᠢᠨ ᠬᠢᠨᠠᠮᠠᠭᠠᠢ ᠵᠠᠰᠠᠨ ᠰᠡᠯᠪᠢᠵᠦ᠂ ᠨᠦᠬᠦᠭᠡ ᠲᠠᠯ᠎ᠠ ᠪᠠᠷ ᠨᠠᠰᠤᠲᠠᠶᠢᠴᠤᠳ ᠲᠠᠢ ᠵᠣᠭᠤᠭᠳᠠᠵᠤ᠂ ᠲᠤᠬᠠᠢ ᠶᠢᠨ ᠲᠠᠯᠠᠪᠤᠷ ᠲᠤ ᠪᠠᠶᠠᠷ ᠪᠠᠶᠠᠰᠬᠤᠯᠠᠩ ᠲᠠᠢ ᠠᠭᠤᠷ ᠠᠮᠢᠰᠬᠤᠯ ᠢᠯᠡᠷᠡᠵᠡᠢ᠃ ᠨᠠᠰᠤᠲᠠᠶᠢᠴᠤᠳ ᠲᠤ ᠨᠡᠶᠢᠲᠡ 20 ᠭᠠᠷᠤᠶ ᠬᠥᠮᠦᠨ ᠳᠤ ᠦᠢᠯᠡᠴᠢᠯᠡᠪᠡ᠃
C:\Users\Administrator\Desktop\新闻照片\6.jpg
    ︽ᠡᠨᠡ ᠵᠠᠯᠠᠭᠤ ᠶᠢᠨ ᠨᠠᠷᠢᠨ ᠨᠢᠮᠪᠠᠶ ᠵᠠᠰᠠᠵᠤ ᠬᠠᠶᠢᠴᠢᠯᠠᠭᠰᠠᠨ ᠢᠶᠠᠷ ᠤᠷᠢᠳᠤᠬᠢ ᠠᠴᠠ ᠪᠠᠨ ᠨᠡᠩ ᠰᠠᠢᠬᠠᠨ ᠪᠣᠯᠵᠤ᠂ ᠴᠤᠭ ᠰᠦᠯᠳᠡ ᠲᠠᠢ᠂ ᠪᠤᠰᠢᠭᠤ ᠱᠠᠯᠠᠮᠠᠭᠠᠶ ᠪᠣᠯᠵᠠᠶ︾ ᠭᠡᠵᠦ ᠭᠤᠤ ᠠᠪᠠᠭ᠎ᠠ ᠢᠯᠡᠳᠬᠡᠪᠡ᠃    ᠲᠣᠰ ᠤᠳᠠᠭᠠᠨ ᠤ ᠵᠢᠷᠤᠮ ᠤᠨ ᠬᠠᠶᠢᠴᠢ ᠶᠢᠨ ᠠᠵᠢᠯᠯᠠᠭ᠎ᠠ ᠨᠢ ᠨᠠᠰᠤᠲᠠᠶᠢᠴᠤᠳ ᠤᠨ ᠦᠨᠳᠦᠰᠦᠨ ᠱᠠᠭᠠᠷᠳᠠᠯᠭ᠎ᠠ ᠶᠢ ᠬᠠᠩᠭᠠᠭᠰᠠᠨ ᠢᠶᠠᠷ ᠪᠠᠷᠠᠬᠤ ᠥᠬᠡᠶ᠂ ᠬᠤᠭᠤᠷᠣᠨᠳᠣᠬᠢ ᠰᠣᠯᠢᠯᠴᠠᠭ᠎ᠠ ᠶᠢ ᠴᠤ ᠠᠬᠢᠭᠤᠯᠤᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ ᠰᠢᠩ ᠶᠤᠸᠠᠨ ᠭᠡᠷ ᠬᠤᠷᠢᠶᠠᠯᠠᠯ ᠤᠨ ᠬᠢᠨ ᠠᠯᠢᠪᠠ ᠠᠵᠢᠯ ᠢ ᠤᠯᠠᠨ ᠲᠦᠮᠡᠨ ᠤ ᠪᠣᠳᠠᠲᠠᠢ ᠬᠡᠷᠡᠭᠴᠡᠭᠡ ᠠᠴᠠ ᠡᠭᠦᠰᠬᠦ ᠶᠢ ᠪᠠᠷᠢᠮᠲᠠᠯᠠᠵᠤ᠂ ᠪᠣᠳᠠᠲᠠᠢ ᠶᠠᠪᠤᠳᠠᠯ ᠰᠠᠶᠢᠨ ᠶᠠᠪᠤᠳᠠᠯ ᠢ ᠤᠯᠠᠨ ᠲᠦᠮᠡᠨ ᠤ ᠰᠡᠳᠬᠢᠯ ᠳᠤ ᠦᠨᠡᠨᠬᠦ ᠬᠦᠷᠭᠡᠵᠦ᠂ ᠬᠠᠷᠢᠶ᠎ᠠ ᠲᠣᠭᠤᠷᠢᠭ ᠤᠨ ᠨᠠᠰᠤᠲᠠᠶᠢᠴᠤᠳ ᠲᠤ ᠨᠡᠶᠢᠭᠡᠮ ᠲᠣᠭᠤᠷᠢᠭ ᠤᠨ ᠦᠨᠡᠨ ᠰᠡᠳᠬᠢᠯᠭᠡ ᠪᠠ ᠬᠠᠶᠢᠷ᠎ᠠ ᠬᠠᠯᠠᠮᠵᠢ ᠶᠢ ᠬᠦᠷᠲᠡᠭᠡᠨ᠎ᠡ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号