ᠵᠢᠶᠠᠨ ᠬᠤᠸᠠ ᠭᠡᠷ ᠬᠤᠷᠢᠶᠠᠯᠠᠯ᠄ ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠭᠦᠨ᠎ᠡ — ᠬᠡᠷ ᠲᠤᠨᠢ ᠬᠦᠷᠴᠦ ᠵᠡᠮᠳᠡᠭᠴᠦᠳ ᠲᠤ ᠬᠦᠷᠳᠦᠲᠦ ᠰᠠᠨᠳᠠᠯᠢ ᠬᠦᠷᠭᠡᠵᠦ᠂ ᠵᠡᠮᠳᠡᠭᠴᠦᠳ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2023/9/5
C:\Users\Administrator\Desktop\新闻照片\4.jpg
    ᠭᠡᠷ ᠬᠤᠷᠢᠶᠠᠯᠠᠯ ᠤᠨ ᠣᠨᠴᠠᠭᠠᠶ ᠬᠦᠴᠢᠷᠳᠡᠯᠲᠡᠶ ᠵᠡᠮᠳᠡᠭᠴᠦᠳ ᠤᠨ ᠬᠡᠷ ᠪᠦᠯᠢ ᠶᠢᠨ ᠦᠨᠳᠦᠰᠦᠨ ᠪᠠᠶᠢᠳᠠᠯ ᠢ ᠨᠠᠩ ᠰᠠᠶᠢᠲᠤᠷ ᠡᠵᠡᠮᠰᠢᠵᠦ᠂ ᠣᠨᠴᠠᠭᠠᠶ ᠬᠦᠴᠢᠷᠳᠡᠯᠲᠡᠶ ᠵᠡᠮᠳᠡᠭᠴᠦᠳ ᠤᠨ ᠬᠡᠷ ᠪᠦᠯᠢ ᠳᠤ ᠲᠤᠯᠭᠠᠷᠠᠵᠤ ᠪᠠᠶᠢᠭ᠎ᠠ ᠲᠣᠪᠤᠶᠢᠮ᠎ᠠ ᠬᠦᠴᠢᠷᠳᠡᠯ ᠵᠢᠴᠢ ᠪᠠᠴᠢᠮ ᠢ ᠰᠢᠢᠳᠪᠤᠷᠢᠯᠡᠬᠦ ᠴᠢᠬᠤᠯᠠᠲᠠᠶ ᠠᠰᠠᠭᠤᠳᠠᠯ ᠢ ᠭᠦᠨᠵᠡᠭᠡᠶ ᠤᠶᠢᠯᠠᠭᠠᠨ᠂ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠠᠵᠢᠯᠯᠠᠭ᠎ᠠ ᠶᠢ ᠯᠠᠪᠳᠠᠭᠤᠨ ᠪᠠᠲᠤᠲᠠᠶ ᠦᠢᠯᠡᠳᠦᠯᠭᠡᠵᠢᠭᠦᠯᠭᠦ ᠶᠢᠨ ᠲᠥᠯᠥᠭᠡ᠂ ᠵᠢᠶᠠᠨ ᠬᠤᠸᠠ ᠭᠡᠷ ᠬᠤᠷᠢᠶᠠᠯᠠᠯ ᠤᠨ ᠰᠦᠯᠵᠢᠶᠡᠨ ᠤ ᠠᠵᠢᠯᠲᠠᠨ ᠵᠡᠮᠳᠡᠭᠴᠦᠳ ᠤᠨ ᠬᠤᠯᠪᠣᠭ᠎ᠠ ᠵᠢᠴᠢ ᠵᠡᠭᠡᠯᠢ ᠭᠤᠳᠤᠮᠵᠢ ᠶᠢᠨ ᠠᠵᠢᠯᠲᠠᠳ ᠲᠠᠢ ᠬᠠᠮᠵᠢᠯᠴᠠᠨ ᠬᠠᠷᠢᠶ᠎ᠠ ᠣᠷᠣᠨ ᠤ ᠳᠣᠲᠣᠷᠠᠬᠢ ᠵᠡᠮᠳᠡᠭᠴᠦᠳ ᠢ ᠬᠠᠮᠲᠤ ᠪᠠᠷ ᠲᠣᠬᠤᠨᠢᠭᠤᠯᠪᠠ᠃    ᠵᠢᠶᠠᠨ ᠬᠤᠸᠠ ᠭᠡᠷ ᠬᠤᠷᠢᠶᠠᠯᠠᠯ ᠤᠨ ᠲᠣᠣᠷᠵᠢᠯ ᠤᠨ ᠬᠠᠮᠢᠶᠠᠷᠤᠭᠴᠢ ᠡᠷᠦᠬᠡ ᠳᠤ ᠬᠦᠷᠴᠦ ᠰᠤᠷᠪᠤᠯᠵᠢᠯᠠᠬᠤ ᠪᠠᠷ ᠳᠡᠮᠵᠢᠨ ᠡᠶ᠎ᠡ ᠵᠣᠬᠢᠴᠠᠯᠳᠤ ᠴᠠᠭᠳᠠᠭᠠᠨ ᠤ ᠬᠦᠷᠢᠶᠡᠯᠡᠩ ᠤᠨ B ᠲᠣᠭᠤᠷᠢᠭ ᠤᠨ ᠶᠢᠨ ᠡᠮᠡᠭᠡ ᠶᠢᠨ ᠨᠢᠭᠡ ᠬᠡᠷ ᠤᠨ ᠬᠠᠷᠠᠰᠠᠯᠲᠤ ᠤᠴᠠᠷᠠᠯ ᠢ ᠣᠶᠢᠯᠠᠭᠠᠪᠠ᠃ ᠲᠡᠭᠦᠨ ᠤ ᠬᠦᠦ ᠨᠢ 2016 ᠣᠨ ᠳᠤ ᠵᠣᠯ ᠪᠤᠰᠤ ᠪᠠᠷ ᠲᠡᠷᠭᠡᠨ ᠠᠳᠡᠯ ᠭᠠᠷᠴᠤ᠂ ᠭᠠᠪᠠᠯᠠ ᠶᠢᠨ ᠳᠣᠲᠣᠷᠠᠬᠢ ᠶᠡᠭᠡ ᠬᠡᠪᠴᠢᠶᠡᠨ ᠤ ᠭᠡᠮᠲᠦᠯ ᠠᠴᠠ ᠪᠤᠯᠵᠤ ᠳᠣᠣᠷ᠎ᠠ ᠮᠥᠴᠢ ᠨᠢ ᠲᠠᠮᠪᠠᠷᠠᠵᠤ᠂ ᠬᠥᠳᠡᠯᠵᠦ ᠪᠠᠷᠢᠬᠤ ᠳᠤ ᠳᠥᠭᠦᠮ ᠦᠭᠡᠢ ᠠᠴᠠ ᠪᠤᠯᠵᠤ ᠪᠡᠶ᠎ᠡ ᠪᠠᠨ ᠠᠷᠭᠠᠴᠠᠵᠤ ᠳᠡᠶᠢᠯᠬᠦ ᠦᠭᠡᠢ ᠪᠣᠯᠪᠠ᠂ ᠬᠦᠦ ᠪᠠᠨ ᠬᠠᠷᠠᠭᠠᠯᠵᠠᠬᠤ ᠶᠢᠨ ᠲᠥᠯᠥᠭᠡ᠂ 2019 ᠣᠨ ᠳᠤ ᠲᠡᠳᠡ ᠴᠢᠩ ᠱᠠᠨ ᠠᠴᠠ ᠡᠶ᠎ᠡ ᠵᠣᠬᠢᠴᠠᠩᠭᠤᠢ ᠴᠠᠭᠳᠠᠭᠠᠨ ᠤ ᠬᠦᠷᠢᠶᠡᠯᠡᠩ ᠳᠤ ᠨᠡᠭᠦᠵᠦ ᠣᠴᠢᠪᠠ᠂ ᠶᠢᠨ ᠡᠮᠡᠭᠡ᠄ ︽ᠮᠠᠨ ᠤ ᠭᠡᠷ ᠤᠨ ᠬᠦᠦ ᠬᠥᠳᠡᠯᠵᠦ ᠪᠠᠷᠢᠬᠤ ᠳᠤ ᠳᠥᠭᠦᠮ ᠦᠭᠡᠢ ᠠᠴᠠ ᠪᠤᠯᠵᠤ ᠡᠳᠦᠷᠵᠢᠨ ᠣᠷᠤ ᠳᠡᠭᠡᠷ᠎ᠡ ᠪᠠᠨ ᠬᠡᠪᠲᠡᠵᠦ ᠨᠢᠭᠡ ᠬᠦᠷᠳᠦᠲᠦ ᠰᠠᠨᠳᠠᠯᠢ ᠪᠠᠴᠢᠮ ᠬᠡᠷᠡᠭᠰᠡᠨ᠎ᠡ᠂ ᠪᠢᠳᠡ ᠬᠤᠶᠠᠭᠤᠯᠠ ᠴᠤ ᠨᠠᠰᠤ ᠠᠬᠢᠵᠠᠢ᠂ ᠲᠡᠭᠦᠨ ᠢ ᠬᠠᠷᠠᠭᠠᠯᠵᠠᠬᠤ ᠳᠤ ᠲᠤᠩ ᠬᠦᠴᠢᠷᠲᠡᠢ︾ ᠭᠡᠵᠦ ᠬᠡᠯᠡᠪᠡ᠃ ᠲᠡᠷᠡ ᠬᠦᠦ ᠳᠡᠭᠡᠨ ᠪᠠᠰᠠ ᠵᠡᠮᠳᠡᠭᠴᠦᠳ ᠤᠨ ᠦᠨᠡᠮᠯᠡᠯ ᠠᠪᠬᠤ ᠰᠠᠨᠠᠭ᠎ᠠ ᠲᠠᠢ᠂ ᠬᠦᠦ ᠪᠠᠨ ᠵᠡᠮᠳᠡᠭᠴᠦᠳ ᠤᠨ ᠬᠤᠯᠪᠣᠭᠠᠨ ᠳᠤ ᠠᠪᠠᠴᠢᠵᠤ ᠵᠡᠮᠳᠡᠭᠴᠦᠳ ᠤᠨ ᠦᠨᠡᠮᠯᠡᠯ ᠠᠪᠬᠤ ᠶᠢᠨ ᠠᠷᠭ᠎ᠠ ᠦᠭᠡᠢ ᠪᠥᠭᠡᠳ ᠬᠡᠨ ᠠᠴᠠ ᠲᠤᠰᠠᠯᠠᠮᠵᠢ ᠭᠤᠶᠤᠬᠤ ᠪᠠᠨ ᠮᠡᠳᠡᠬᠦ ᠦᠭᠡᠢ ᠪᠠᠶᠢᠨ᠎ᠠ ᠭᠡᠪᠡ᠃
C:\Users\Administrator\Desktop\新闻照片\5.jpg
    ᠲᠡᠭᠡᠭᠡᠳ ᠲᠣᠣᠷᠵᠢᠯ ᠤᠨ ᠬᠠᠮᠢᠶᠠᠷᠤᠭᠴᠢ ᠨᠠᠰᠤᠲᠠᠨ ᠤ ᠬᠦᠦ ᠶᠢᠨ ᠣᠶᠢᠷ᠎ᠠ ᠶᠢᠨ ᠪᠠᠶᠢᠳᠠᠯ ᠵᠢᠴᠢ ᠭᠡᠷ ᠪᠦᠯᠢ ᠶᠢᠨ ᠬᠠᠪᠰᠤᠷᠤᠮᠵᠢ ᠶᠢ ᠨᠢᠭᠡᠳ ᠨᠢᠭᠡ ᠪᠠᠷ ᠲᠡᠮᠳᠡᠭᠯᠡᠵᠦ᠂ ᠡᠭᠦᠨ ᠤ ᠵᠡᠷᠭᠡ ᠳᠤ ᠶᠢᠨ ᠡᠮᠡᠭᠡ ᠳᠤ ᠪᠠᠰᠠ ᠵᠠᠰᠠᠭ ᠤᠨ ᠣᠷᠳᠣᠨ ᠤ ᠵᠡᠮᠳᠡᠭᠴᠦᠳ ᠢ ᠲᠡᠳᠬᠦᠨ ᠲᠤᠰᠠᠯᠠᠬᠤ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠤᠬᠠᠭᠤᠯᠵᠤ᠂ ᠲᠡᠳᠡᠨ ᠢ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠢᠳᠡᠪᠬᠢᠲᠡᠶ ᠪᠠᠶᠠᠰᠤᠩᠭᠤᠶ ᠣᠪᠣᠷ ᠢᠶᠠᠷ ᠠᠮᠢᠳᠤᠷᠠᠯ ᠳᠤ ᠬᠠᠨᠳᠤᠵᠤ᠂ ᠶᠠᠪᠤᠬᠤ ᠦᠶ᠎ᠡ ᠳᠡᠭᠡᠨ ᠲᠡᠳᠡᠨ ᠳᠤ ᠬᠠᠷᠢᠯᠴᠠᠬᠤ ᠣᠲᠠᠰᠤ ᠪᠠᠨ ᠦᠯᠡᠳᠡᠭᠡᠨ ᠥᠭᠴᠦ᠂ ᠬᠡᠷᠡᠭᠴᠡᠭᠡ ᠲᠠᠢ ᠪᠣᠯ ᠭᠡᠷ ᠬᠤᠷᠢᠶᠠᠯᠠᠯ ᠲᠠᠢ ᠬᠠᠷᠢᠯᠴᠠᠵᠤ ᠪᠣᠯᠤᠨ᠎ᠠ᠂ ᠭᠡᠷ ᠬᠤᠷᠢᠶᠠᠯᠠᠯ ᠠᠴᠠ ᠲᠡᠳᠡᠨ ᠳᠤ ᠬᠠᠪᠰᠤᠷᠤᠯᠭ᠎ᠠ ᠦᠵᠡᠭᠦᠯᠦᠨ᠎ᠡ ᠭᠡᠵᠦ ᠵᠣᠷᠢᠭᠵᠢᠭᠤᠯᠵᠠᠶ᠃    ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠣᠶᠢᠷ᠎ᠠ ᠳᠤ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠤᠳᠤᠷᠢᠳᠤᠯᠭ᠎ᠠ ᠸᠤᠨ ᠡᠷᠬᠢᠯᠡᠭᠴᠢ᠂ ᠶᠠᠳᠠᠭᠤ ᠶᠢ ᠲᠡᠳᠬᠦᠬᠦ ᠡᠮᠨᠡᠯᠭᠡ ᠶᠢᠨ ᠬᠤᠷᠢᠶ᠎ᠠ ᠶᠢᠨ ᠵᠡᠮᠳᠡᠭᠴᠦᠳ ᠢ ᠰᠢᠯᠭᠠᠷᠠᠭᠤᠯᠬᠤ ᠲᠤᠰᠬᠠᠶ ᠮᠡᠷᠭᠡᠵᠢᠯᠲᠡᠨ ᠶᠢᠨ ᠡᠮᠡᠭᠡ ᠶᠢᠨ ᠬᠡᠷ ᠲᠤ ᠬᠦᠷᠴᠦ ᠬᠦᠤ ᠳᠤᠨᠢ ᠵᠡᠮᠳᠡᠭᠴᠦᠳ ᠢ ᠰᠢᠯᠭᠠᠷᠠᠭᠤᠯᠵᠤ ᠥᠭᠭᠦᠭᠰᠡᠨ ᠪᠥᠭᠡᠳ ᠵᠡᠮᠳᠡᠭᠴᠦᠳ ᠤᠨ ᠦᠨᠡᠮᠯᠡᠯ ᠤᠨ ᠬᠤᠯᠪᠣᠭᠳᠠᠯ ᠪᠥᠬᠦᠶ ᠤᠴᠢᠷ ᠶᠠᠪᠤᠳᠠᠯ ᠢ ᠲᠡᠭᠦᠨ ᠳᠤ ᠬᠡᠯᠡᠵᠦ ᠥᠭᠴᠡᠶ᠃
C:\Users\Administrator\Desktop\新闻照片\6.jpg
    ᠲᠤᠰᠬᠠᠶ ᠮᠡᠷᠭᠡᠵᠢᠯᠲᠡᠳ ᠤᠨ ᠬᠦᠷᠦᠯᠴᠡᠨ ᠢᠷᠡᠭᠰᠡᠨ ᠳᠤ ᠶᠢᠨ ᠡᠮᠡᠭᠡ ᠶᠢ ᠶᠡᠬᠡᠳᠡ ᠰᠣᠴᠢᠭᠠᠨ ᠪᠠᠶᠠᠷᠯᠠᠭᠤᠯᠵᠠᠶ᠂ ᠲᠤᠰᠬᠠᠶ ᠮᠡᠷᠭᠡᠵᠢᠯᠲᠡᠳ ᠥᠪᠡᠷ ᠤᠨ ᠪᠡᠶ᠎ᠡ ᠪᠠᠷ ᠢᠶᠠᠨ ᠵᠡᠮᠳᠡᠭᠴᠦᠳ ᠢ ᠰᠢᠭᠦᠮᠵᠢᠯᠡᠬᠦ ᠪᠠᠷ ᠢᠷᠡᠭᠰᠡᠨ ᠢ ᠮᠡᠳᠡᠭᠰᠡᠨ ᠤ ᠳᠠᠷᠠᠭ᠎ᠠ ᠨᠠᠰᠤᠲᠠᠨ ︽ᠣᠳᠣ ᠶᠢᠨ ᠲᠥᠷᠥ ᠶᠢᠨ ᠪᠣᠳᠣᠯᠭ᠎ᠠ ᠦᠨᠡᠨ ᠰᠡᠳᠬᠢᠯ ᠠᠴᠠ ᠪᠠᠨ ᠰᠠᠶᠢᠨ ᠪᠣᠯᠵᠠᠶ᠂ ᠲᠠ ᠨᠠᠷ ᠲᠤ ᠶᠡᠬᠡᠳᠡ ᠲᠠᠯᠠᠷᠬᠠᠵᠤ ᠪᠠᠶᠢᠨ᠎ᠠ︾ ᠭᠡᠵᠦ ᠲᠠᠰᠤᠷᠠᠯᠲᠠ ᠦᠭᠡᠶ ᠶᠠᠷᠢᠵᠤ ᠪᠠᠶᠢᠯ᠎ᠠ᠃
C:\Users\Administrator\Desktop\新闻照片\7.jpg
    ᠳᠠᠷᠠᠭᠠᠴᠢ ᠶᠢᠨ ᠠᠯᠬᠤᠮ ᠳᠤ᠂ ᠵᠢᠶᠠᠨ ᠬᠤᠸᠠ ᠭᠡᠷ ᠬᠤᠷᠢᠶᠠᠯᠠᠯ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠷᠭᠦᠯᠵᠢᠯᠡᠨ ᠪᠠᠷᠢᠮᠲᠠᠯᠠᠵᠤ᠂ ᠵᠡᠮᠳᠡᠭ ᠤᠯᠠᠨ ᠲᠦᠮᠡᠨ ᠤ ᠬᠠᠯᠠᠭᠤᠨ ᠬᠦᠢᠳᠡᠨ ᠢ ᠢᠮᠠᠭᠲᠠ ᠰᠡᠳᠬᠢᠯ ᠳᠡᠭᠡᠨ ᠪᠤᠳᠤᠵᠤ᠂ ᠶᠠᠳᠠᠭᠤ ᠬᠦᠴᠢᠷᠳᠡᠯᠲᠡᠢ ᠬᠥᠮᠦᠰ ᠢ ᠬᠠᠪᠰᠤᠷᠤᠨ ᠬᠠᠶᠢᠷ᠎ᠠ ᠬᠠᠯᠠᠮᠵᠢ ᠬᠦᠷᠭᠡᠬᠦ ᠠᠵᠢᠯ ᠢ ᠦᠨᠡᠨᠬᠦ ᠰᠠᠶᠢᠲᠤᠷ ᠬᠢᠵᠦ᠂ ᠶᠠᠳᠠᠭᠤ ᠬᠦᠴᠢᠷᠳᠡᠯᠲᠡᠢ ᠵᠡᠮᠳᠡᠭᠴᠦᠳ ᠲᠤ ᠨᠡᠶᠢᠭᠡᠮ ᠲᠣᠭᠤᠷᠢᠭ ᠤᠨ ᠬᠠᠯᠠᠭᠤᠨ ᠳᠤᠯᠠᠭᠠᠨ ᠢ ᠬᠦᠷᠲᠡᠭᠡᠵᠦ᠂ ᠪᠣᠳᠠᠲᠤ ᠠᠵᠢᠯᠯᠠᠭ᠎ᠠ ᠪᠠᠷ ᠢᠶᠠᠨ ᠶᠠᠳᠠᠭᠤ ᠬᠦᠴᠢᠷᠳᠡᠯᠲᠡᠢ ᠵᠡᠮᠳᠡᠭ ᠤᠯᠠᠨ ᠲᠦᠮᠡᠨ ᠤ ᠪᠠᠲᠤᠯᠠᠪᠤᠷᠢ ᠶᠢᠨ ᠲᠣᠣᠷ ᠢ ᠪᠠᠬᠢᠵᠢᠭᠦᠯᠵᠦ᠂ ᠬᠠᠶᠢᠷ᠎ᠠ ᠬᠠᠯᠠᠮᠵᠢ ᠪᠠᠷ ᠬᠠᠯᠠᠮᠵᠢᠯᠠᠨ ᠬᠠᠶᠢᠷᠠᠯᠠᠵᠤ ᠲᠡᠳᠬᠦᠬᠦ ᠢᠳᠡᠪᠬᠢ ᠬᠦᠴᠦᠨ ᠢ ᠨᠢᠭᠲᠠᠷᠠᠭᠤᠯᠤᠨ᠎ᠠ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号