ᠯᠦ ᠶᠤᠸᠠᠨ ᠭᠡᠷ ᠬᠤᠷᠢᠶᠠᠯᠠᠯ᠄ ᠬᠠᠶᠢᠷ᠎ᠠ ᠬᠠᠯᠠᠮᠵᠢ ᠡᠭᠦᠨ ᠠᠴᠠ ᠡᠬᠢᠯᠡᠵᠦ ᠡᠷᠡᠭᠦᠯ ᠮᠡᠨᠳᠦ ᠡᠭᠦᠨ ᠠᠴᠠ ᠡᠬᠢᠯᠡᠨ᠎ᠡ
ᠨᠡᠶᠢᠲᠡᠯᠡᠭᠰᠡᠨ ᠴᠠᠭ᠄
2024/1/10
C:\Users\Administrator\Desktop\新闻照片\图片4.jpg
    ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠡᠷᠡᠭᠦᠯ ᠮᠡᠨᠳᠦ ᠡᠷᠡᠭᠦᠯᠵᠢᠯ ᠤᠨ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ 1 ᠰᠠᠷ᠎ᠠ ᠶᠢᠨ 8᠎ ᠤ ᠡᠳᠦᠷ ᠤᠨ ᠦᠳᠡ ᠶᠢᠨ ᠡᠮᠦᠨ᠎ᠡ᠂ ᠯᠦ ᠶᠤᠸᠠᠨ ᠭᠡᠷ ᠬᠤᠷᠢᠶᠠᠯᠠᠯ ᠪᠣᠯᠤᠨ ᠬᠠᠮᠲᠤ ᠪᠠᠷ ᠪᠠᠶᠢᠭᠤᠯᠤᠭᠰᠠᠨ ᠨᠢᠭᠡᠴᠡ ᠶᠢᠨ ᠰᠠᠶᠢᠬᠠᠨ ᠵᠡᠭᠡᠯᠢ ᠭᠤᠳᠤᠮᠵᠢ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠬᠠᠷᠢᠶᠠᠲᠤ ᠣᠷᠣᠨ ᠤ ᠨᠠᠰᠤᠲᠠᠶᠢᠴᠤᠳ ᠲᠤ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠪᠡᠶ᠎ᠡ ᠶᠢᠨ ᠪᠠᠶᠢᠴᠠᠭᠠᠯᠲᠠ ᠶᠢᠨ ᠠᠵᠢᠯᠯᠠᠭ᠎ᠠ ᠶᠢ ᠭᠤᠤᠯᠳᠠᠭᠤ ᠪᠦᠬᠦᠯᠢ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠵᠣᠷᠢᠭᠤᠯᠤᠭᠰᠠᠨ ᠪᠥᠭᠡᠳ ᠲᠡᠳᠡᠨ ᠳᠤ ᠡᠷᠡᠭᠦᠯ ᠮᠡᠨᠳᠦ ᠶᠢᠨ ᠲᠠᠩᠰᠠ ᠡᠪᠬᠡᠮᠡᠯ ᠪᠠᠶᠢᠭᠤᠯᠤᠨ ᠥᠭᠴᠦ᠂ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠬᠢᠯᠭᠡᠨ᠎ᠡ᠃
C:\Users\Administrator\Desktop\新闻照片\图片5.jpg
    ᠪᠡᠶ᠎ᠡ ᠶᠢᠨ ᠪᠠᠶᠢᠴᠠᠭᠠᠯᠲᠠ ᠶᠢᠨ ᠲᠤᠬᠠᠶ ᠶᠢᠨ ᠲᠠᠯᠠᠪᠤᠷ ᠲᠤ᠂ ᠡᠮᠨᠡᠯᠭᠡ ᠶᠢᠨ ᠠᠵᠢᠯᠲᠠᠳ ᠨᠠᠰᠤᠲᠠᠶᠢᠴᠤᠳ ᠤᠨ ᠴᠢᠰᠤᠨ ᠳᠠᠷᠤᠯᠲᠠ ᠶᠢ ᠨᠠᠷᠢᠨ ᠬᠢᠨᠠᠮᠠᠭᠠᠶ ᠬᠡᠮᠵᠢᠬᠦ ᠶᠢᠨ ᠬᠠᠮᠲᠤ ᠨᠠᠰᠤᠲᠠᠶᠢᠴᠤᠳ ᠤᠨ ᠪᠡᠶ᠎ᠡ ᠶᠢᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠡᠷᠡᠭᠦᠯ ᠬᠠᠮᠠᠭᠠᠯᠠᠯ ᠤᠨ ᠵᠦᠢᠯᠡᠰ᠂ ᠢᠳᠡᠭᠡᠨ ᠤᠮᠳᠠᠭᠠᠨ ᠤ ᠠᠮᠤᠷ ᠲᠦᠪᠰᠢᠨ᠂ ᠵᠦᠢ ᠵᠣᠬᠢᠰᠲᠠᠶ ᠪᠠᠷ ᠡᠮ ᠬᠡᠷᠡᠭᠯᠡᠬᠦ ᠵᠡᠷᠭᠡ ᠡᠷᠡᠭᠦᠯ ᠬᠠᠮᠠᠭᠠᠯᠠᠯ ᠤᠨ ᠶᠡᠷᠦ ᠶᠢᠨ ᠮᠡᠳᠡᠯᠭᠡ ᠶᠢ ᠬᠦᠯᠢᠴᠡᠩᠭᠦᠶ ᠪᠠᠷ ᠨᠠᠷᠢᠨ ᠨᠢᠮᠪᠠᠶ ᠲᠠᠶᠢᠯᠪᠤᠷᠢᠯᠠᠵᠤ ᠥᠭᠲᠡᠭ᠃ ᠡᠭᠦᠨ ᠳᠤ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠰᠦᠢᠳᠬᠡᠯ ᠬᠤᠷᠢᠶᠠᠬᠤ ᠥᠬᠡᠶ ᠪᠠᠷ ᠪᠡᠶ᠎ᠡ ᠶᠢᠨ ᠪᠠᠶᠢᠴᠠᠭᠠᠯᠲᠠ ᠬᠢᠬᠦ ᠵᠦᠢᠯ ᠳᠤ᠄ ᠬᠡᠪᠡᠯᠢ ᠶᠢᠨ ᠬᠡᠰᠡᠭ ᠤᠨ B ᠬᠡᠲᠦ ᠳᠣᠯᠭᠢᠶᠠᠨ ᠂ ᠵᠢᠷᠦᠬᠡᠨ ᠤ ᠯᠤᠭᠰᠢᠯᠲᠠ ᠶᠢᠨ ᠵᠢᠷᠤᠭ᠂ ᠴᠢᠰᠤᠨ ᠤ ᠵᠤᠷᠰᠢᠯ᠂ ᠰᠢᠭᠡᠰᠦᠨ ᠤ ᠵᠤᠷᠰᠢᠯ᠂ ᠡᠯᠢᠭᠡᠨ ᠤ ᠠᠵᠢᠯᠯᠠᠭ᠎ᠠ᠂ ᠪᠥᠭᠡᠷᠡᠨ ᠤ ᠠᠵᠢᠯᠯᠠᠭ᠎ᠠ᠂ ᠴᠢᠰᠤᠨ ᠳᠠᠷᠤᠯᠲᠠ᠂ ᠡᠷᠡᠭᠦᠯ ᠮᠡᠨᠳᠦ ᠶᠢᠨ ᠯᠠᠪᠯᠠᠯᠲᠠ ᠵᠡᠷᠭᠡ ᠠᠭᠤᠯᠭ᠎ᠠ ᠪᠠᠭᠲᠠᠨ᠎ᠠ᠃    ᠪᠡᠶ᠎ᠡ ᠶᠢᠨ ᠪᠠᠶᠢᠴᠠᠭᠠᠯᠲᠠ ᠳᠠᠭᠤᠰᠤᠭᠰᠠᠨ ᠤ ᠳᠠᠷᠠᠭ᠎ᠠ᠂ ᠡᠮᠨᠡᠯᠭᠡ ᠶᠢᠨ ᠠᠵᠢᠯᠲᠠᠳ ᠡᠷᠡᠭᠦᠯ ᠮᠡᠨᠳᠦ ᠶᠢᠨ ᠪᠠᠶᠢᠴᠠᠭᠠᠯᠲᠠ ᠶᠢᠨ ᠮᠡᠳᠡᠭᠦᠯᠦᠯᠲᠡ ᠪᠠᠨ ᠴᠠᠭ ᠲᠤᠬᠠᠶ ᠳᠤᠨᠢ ᠪᠡᠶ᠎ᠡ ᠶᠢᠨ ᠪᠠᠶᠢᠴᠠᠭᠠᠯᠲᠠ ᠶᠢᠨ ᠡᠲᠡᠭᠡᠳ ᠲᠤ ᠬᠠᠷᠢᠭᠤ ᠡᠭᠦᠨ ᠤ ᠬᠠᠮᠲᠤ ᠨᠠᠰᠤᠲᠠᠶᠢᠴᠤᠳ ᠲᠤ ᠨᠡᠶᠢᠳᠡᠮ ᠣᠷᠣᠰᠢᠵᠤ ᠪᠠᠶᠢᠭ᠎ᠠ ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ ᠵᠡᠷᠭᠡ ᠤᠳᠠᠭᠠᠨ ᠴᠢᠨᠠᠷᠲᠠᠶ ᠡᠪᠡᠳᠴᠢᠨ ᠳᠤ ᠴᠢᠭᠯᠡᠭᠦᠯᠦᠨ ᠡᠷᠡᠭᠦᠯ ᠮᠡᠨᠳᠦ ᠶᠢᠨ ᠰᠠᠨᠠᠯ ᠢᠶᠠᠨ ᠳᠤᠷᠠᠳᠴᠤ᠂ ᠡᠷᠡᠭᠦᠯ ᠮᠡᠨᠳᠦ ᠶᠢᠨ ᠵᠢᠯᠣᠭᠤᠳᠣᠯᠭ᠎ᠠ᠂ ᠡᠮ ᠤᠨ ᠵᠦᠢᠯ ᠢᠶᠠᠷ ᠭᠠᠷ ᠲᠦᠷᠦᠭᠦ ᠪᠠ ᠲᠣᠭᠲᠠᠮᠠᠯ ᠬᠤᠭᠤᠴᠠᠭ᠎ᠠ ᠲᠠᠢ ᠪᠠᠷ ᠳᠠᠭᠠᠵᠤ ᠰᠤᠷᠪᠤᠯᠵᠢᠯᠠᠬᠤ ᠵᠡᠷᠭᠡ ᠠᠷᠭ᠎ᠠ ᠮᠠᠶ᠋ᠢᠭ ᠢᠶᠠᠷ ᠨᠠᠰᠤᠲᠠᠶᠢᠴᠤᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠵᠤ᠂ ᠨᠠᠰᠤᠲᠠᠶᠢᠴᠤᠳ ᠲᠤ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠠᠴᠠ ᠪᠣᠯᠤᠭᠰᠠᠨ ᠪᠣᠳᠠᠲᠤ ᠠᠰᠢᠭ ᠪᠠ ᠠᠰᠢᠭ ᠲᠤᠰᠠ ᠶᠢ ᠪᠡᠶ᠎ᠡ ᠪᠠᠷ ᠢᠶᠠᠨ ᠮᠡᠳᠡᠷᠡᠭᠦᠯᠵᠦ᠂ ᠨᠠᠰᠤᠲᠠᠶᠢᠴᠤᠳ ᠤᠨ ᠲᠣᠰ ᠪᠡᠶ᠎ᠡ ᠶᠢᠨ ᠡᠷᠡᠭᠦᠯ ᠮᠡᠨᠳᠦ ᠶᠢᠨ ᠲᠤᠬᠠᠶ ᠲᠠᠨᠢᠯᠲᠠ ᠶᠢ ᠳᠡᠭᠡᠭᠰᠢᠯᠡᠭᠦᠯᠦᠨ ᠂ ᠨᠠᠰᠤᠲᠠᠶᠢᠴᠤᠳ ᠲᠤ ᠨᠠᠮ ᠪᠠ ᠵᠠᠰᠠᠭ ᠤᠨ ᠣᠷᠳᠣᠨ ᠤ ᠨᠠᠰᠤᠲᠠᠶᠢᠴᠤᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠦᠨᠳᠦᠳᠬᠡᠨ ᠬᠠᠶᠢᠷᠠᠯᠠᠵᠤ ᠪᠠᠶᠢᠬᠤ ᠶᠢ ᠭᠦᠢᠴᠡᠳ ᠮᠡᠳᠡᠷᠡᠭᠦᠯᠪᠡ᠃
C:\Users\Administrator\Desktop\新闻照片\图片6.jpg
    ᠪᠡᠶ᠎ᠡ ᠶᠢᠨ ᠪᠠᠶᠢᠴᠠᠭᠠᠯᠲᠠ ᠪᠠᠷ ᠳᠡᠮᠵᠢᠨ᠂ ᠨᠠᠰᠤᠲᠠᠶᠢᠴᠤᠳ ᠲᠤ ᠲᠣᠰ ᠪᠡᠶ᠎ᠡ ᠶᠢᠨ ᠡᠷᠡᠭᠦᠯ ᠮᠡᠨᠳᠦ ᠶᠢᠨ ᠪᠠᠶᠢᠳᠠᠯ ᠢ ᠣᠶᠢᠯᠠᠭᠠᠭᠤᠯᠵᠤ᠂ ᠨᠠᠰᠤᠲᠠᠶᠢᠴᠤᠳ ᠤᠨ ᠡᠷᠡᠭᠦᠯ ᠪᠤᠰᠤ ᠠᠮᠢᠳᠤᠷᠠᠯ ᠤᠨ ᠵᠠᠩ ᠳᠠᠳᠬᠠᠯ ᠢ ᠴᠠᠭ ᠲᠤᠬᠠᠶ ᠳᠤᠨᠢ ᠵᠠᠯᠠᠷᠠᠭᠤᠯᠵᠤ᠂ ᠡᠪᠡᠳᠴᠢᠯᠡᠬᠦ ᠨᠣᠷᠮ᠎ᠠ ᠶᠢ ᠪᠦᠲᠦᠮᠵᠢᠲᠡᠶ ᠪᠠᠭᠤᠷᠠᠭᠤᠯᠤᠭᠰᠠᠨ ᠢᠶᠠᠷ ᠪᠠᠷᠠᠬᠤ ᠥᠬᠡᠶ᠂ ᠨᠠᠰᠤᠲᠠᠶᠢᠴᠤᠳ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠣᠶᠢᠯᠠᠭᠠᠬᠤ ᠨᠣᠷᠮ᠎ᠠ ᠪᠠ ᠣᠷᠣᠯᠴᠠᠬᠤ ᠨᠣᠷᠮ᠎ᠠ ᠶᠢ ᠳᠡᠭᠡᠭᠰᠢᠯᠡᠭᠦᠯᠦᠭᠰᠡᠨ ᠪᠥᠭᠡᠳ ᠠᠷᠠᠳ ᠲᠦᠮᠡᠨ ᠳᠤ ᠦᠨᠡᠨ ᠪᠣᠳᠠᠲᠠᠶ ᠪᠠᠷ ᠦᠢᠯᠡᠴᠢᠯᠡᠬᠦ ᠠᠵᠢᠯᠯᠠᠭ᠎ᠠ ᠪᠠᠷ ᠥᠷᠭᠡᠨ ᠣᠯᠠᠨ ᠰᠠᠭᠤᠭᠠᠯᠢ ᠠᠷᠠᠳ ᠤᠨ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号