ᠪᠤᠭᠤᠲᠤ ᠬᠤᠲᠠ ᠶᠢᠨ ᠵᠢᠦ ᠶᠣᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ | ᠭᠠᠵᠠᠷ ᠠᠴᠠ ᠲᠠᠷᠬᠠᠭᠠᠭᠰᠠᠨ ﹇2024﹈ 1 ᠳ᠋ᠣᠭᠡᠷ ᠲᠣᠭᠠᠲᠤ | | ︽ᠵᠢᠦ ᠶᠣᠸᠠᠨ ᠲᠣᠭᠤᠷᠢᠭ ᠤᠨ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠠᠵᠤ ᠦᠢᠯᠡᠰ ᠢ | ᠵᠢᠷᠤᠮᠵᠢᠭᠤᠯᠤᠨ ᠡᠷᠡᠭᠦᠯ ᠢᠶᠠᠷ ᠦᠷᠭᠦᠯᠵᠢᠯᠡᠨ ᠬᠥᠭᠵᠢᠭᠦᠯᠬᠦ ᠶᠢ ᠠᠬᠢᠭᠤᠯᠬᠤ ᠠᠵᠢᠯ ᠤᠨ ᠲᠥᠰᠦᠯ ︵ | ᠲᠤᠷᠰᠢᠨ ᠬᠡᠷᠡᠭᠵᠢᠭᠦᠯᠬᠦ︶︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ | | ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠶᠢᠨ ᠰᠢᠨᠵᠢᠯᠡᠬᠦ | ᠤᠬᠠᠭᠠᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠮᠥᠩᠭᠦᠨ | ᠭᠦᠢᠯᠭᠡᠭᠡᠨ ᠤ ᠠᠯᠪᠠᠨ ᠬᠡᠷ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ | ᠶᠡᠭᠡ ᠠᠩᠭᠢ᠂ ᠵᠢᠦ ᠱᠧᠩ ᠪᠦᠯᠦᠭᠯᠡᠯ ᠳᠤ᠄ | ᠲᠣᠭᠤᠷᠢᠭ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠵᠢᠦ ᠶᠣᠸᠠᠨ ᠲᠣᠭᠤᠷᠢᠭ ᠤᠨ | ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠠᠵᠤ ᠦᠢᠯᠡᠰ ᠢ ᠵᠢᠷᠤᠮᠵᠢᠭᠤᠯᠤᠨ ᠡᠷᠡᠭᠦᠯ ᠢᠶᠠᠷ ᠦᠷᠭᠦᠯᠵᠢᠯᠡᠨ | ᠬᠥᠭᠵᠢᠭᠦᠯᠬᠦ ᠶᠢ ᠠᠬᠢᠭᠤᠯᠬᠤ ᠠᠵᠢᠯ ᠤᠨ ᠲᠥᠰᠦᠯ ︵ᠲᠤᠷᠰᠢᠨ ᠬᠡᠷᠡᠭᠵᠢᠭᠦᠯᠬᠦ︶︾ ᠢ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠳᠠᠲᠠᠶ ᠲᠠᠢ ᠣᠶᠠᠯᠳᠣᠭᠤᠯᠣᠨ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠶ᠃ | ᠡᠭᠦᠨ ᠠᠴᠠ ᠣᠨᠴᠠᠭᠠᠶᠢᠯᠠᠨ ᠮᠡᠳᠡᠭᠳᠡᠪᠡ᠃ | | ᠪᠤᠭᠤᠲᠤ ᠬᠤᠲᠠ ᠶᠢᠨ ᠵᠢᠦ ᠶᠣᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ | 2024 ᠣᠨ ᠤ 1 ᠰᠠᠷ᠎ᠠ ᠶᠢᠨ 10 ᠤ ᠡᠳᠦᠷ | | ᠵᠢᠦ ᠶᠣᠸᠠᠨ ᠲᠣᠭᠤᠷᠢᠭ ᠤᠨ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠠᠵᠤ ᠦᠢᠯᠡᠰ ᠢ | ᠵᠢᠷᠤᠮᠵᠢᠭᠤᠯᠤᠨ ᠡᠷᠡᠭᠦᠯ ᠢᠶᠠᠷ ᠦᠷᠭᠦᠯᠵᠢᠯᠡᠨ ᠬᠥᠭᠵᠢᠭᠦᠯᠬᠦ ᠶᠢ ᠠᠬᠢᠭᠤᠯᠬᠤ ᠠᠵᠢᠯ ᠤᠨ ᠲᠥᠰᠦᠯ ︵ | ᠲᠤᠷᠰᠢᠨ ᠬᠡᠷᠡᠭᠵᠢᠭᠦᠯᠬᠦ︶ | | ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠠᠵᠤ | ᠦᠢᠯᠡᠰ ᠢ ᠵᠢᠷᠤᠮᠵᠢᠭᠤᠯᠤᠨ ᠡᠷᠡᠭᠦᠯ ᠢᠶᠠᠷ ᠦᠷᠭᠦᠯᠵᠢᠯᠡᠨ ᠬᠥᠭᠵᠢᠭᠦᠯᠬᠦ ᠶᠢ ᠠᠬᠢᠭᠤᠯᠬᠤ ᠠᠵᠢᠯᠯᠠᠭ᠎ᠠ ᠶᠢᠨ ᠲᠥᠰᠦᠯ ︵ | ᠲᠤᠷᠰᠢᠨ ᠬᠡᠷᠡᠭᠵᠢᠭᠦᠯᠬᠦ︶﹀ ᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠡᠳᠡᠭᠳᠡᠯ︾ ᠢ ᠦᠨᠳᠦᠰᠦᠯᠡᠪᠡᠯ ︵ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠲᠠᠷᠬᠠᠭᠠᠪᠠ ︹ | 2023 ︺ 498 ᠳ᠋ᠤᠭᠠᠷ ᠲᠣᠭᠠᠲᠤ︶ ᠪᠠ ᠪᠤᠭᠤᠲᠤ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ᠂ ᠪᠤᠭᠤᠲᠤ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠤᠯᠤᠰ ᠤᠨ ᠭᠠᠶᠢᠯᠢ ᠶᠢᠨ ᠶᠠᠪᠤᠳᠠᠯ ᠤᠨ | ᠶᠡᠷᠦᠩᠬᠡᠶ ᠲᠣᠪᠴᠢᠶ᠎ᠠ ᠶᠢᠨ ᠪᠤᠭᠤᠲᠤ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ︽︿ᠪᠤᠭᠤᠲᠤ | ᠬᠤᠲᠠ ᠶᠢᠨ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠠᠷᠭ᠎ᠠ | ᠬᠡᠮᠵᠢᠶ᠎ᠡ ᠨᠦᠭᠦᠳ﹀ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠪᠤᠭᠤᠲᠤ ᠬᠤᠲᠠ ᠶᠢᠨ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠣᠪᠴᠢᠶ᠎ᠠ ᠲᠠᠷᠬᠠᠭᠠᠪᠠ ︹ 2022 ︺ 232 ᠳ᠋ᠤᠭᠠᠷ ᠲᠣᠭᠠᠲᠤ︶ ᠤᠨ ᠱᠠᠭᠠᠷᠳᠠᠯᠭ᠎ᠠ᠂ | ᠤᠯᠠᠮᠵᠢᠯᠠᠯᠲᠤ ᠪᠠᠷᠠᠭᠠᠨ ᠤ ᠭᠦᠢᠯᠭᠡᠭᠡᠨ ᠤ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠪᠠ ᠬᠠᠷᠢᠯᠴᠠᠨ | ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠲᠦᠷᠭᠡᠳᠬᠡᠨ ᠠᠬᠢᠭᠤᠯᠵᠤ᠂ ︽ᠢᠨᠲ᠋ᠧᠷ ᠰᠦᠯᠵᠢᠶ᠎ᠡ + ᠪᠠᠷᠠᠭᠠᠨ ᠤ | ᠲᠡᠭᠡᠭᠡᠪᠦᠷᠢ ᠪᠠᠷᠠᠭᠠᠨ ᠤ ᠭᠦᠢᠯᠭᠡᠭᠡᠨ︾ ᠤ ᠰᠢᠨ᠎ᠡ ᠵᠠᠭᠪᠤᠷ ᠢ ᠬᠦᠴᠦᠯᠡᠨ ᠪᠤᠶᠢᠵᠢᠭᠤᠯᠵᠤ᠂ ᠮᠠᠨ ᠤ ᠲᠣᠭᠤᠷᠢᠭ ᠤᠨ | ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ | ᠮᠠᠨ ᠤ ᠲᠣᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ | ᠭᠦᠨᠵᠡᠭᠡᠶ ᠬᠡᠷᠡᠭᠯᠡᠬᠦ ᠪᠠᠷ ᠳᠠᠮᠵᠢᠭᠤᠯᠤᠨ᠂ ᠤᠯᠠᠮᠵᠢᠯᠠᠯᠲᠤ ᠪᠠᠷᠠᠭᠠᠨ ᠤ ᠭᠦᠢᠯᠭᠡᠭᠡᠨ ᠤ ᠰᠠᠭᠤᠷᠢ ᠪᠡᠯᠡᠳᠬᠡᠮᠵᠢ ᠶᠢᠨ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠪᠠ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ | ᠲᠤᠯᠭᠠᠭᠤᠷᠢᠯᠠᠵᠤ᠂ ᠪᠠᠷᠠᠭᠠᠨ ᠤ ᠭᠦᠢᠯᠭᠡᠭᠡᠨ ᠤ ᠦᠢᠯᠡᠰ ᠤᠨ ᠰᠦᠯᠵᠢᠶᠡᠵᠢᠬᠦ᠂ ᠲᠣᠭᠠᠴᠢᠯᠠᠬᠤ᠂ ᠤᠶᠤᠨᠴᠢᠯᠠᠬᠤ | ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠦᠴᠦᠯᠡᠨ ᠪᠤᠶᠢᠵᠢᠭᠤᠯᠵᠤ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ | ᠳᠡᠭᠡᠭᠰᠢᠯᠡᠭᠦᠯᠵᠦ᠂ ᠲᠣᠭᠤᠷᠢᠭ ᠤᠨ ᠠᠵᠤ ᠠᠬᠤᠶ ᠶᠢᠨ ᠰᠢᠨ᠎ᠡ ᠶᠢ ᠡᠭᠦᠳᠦᠨ ᠬᠥᠭᠵᠢᠬᠦ ᠶᠢ ᠲᠦᠷᠭᠡᠳᠬᠡᠨ᠎ᠡ᠃ | ᠬᠤᠶᠠᠷ᠂ ᠬᠥᠭᠵᠢᠯᠲᠡ ᠶᠢᠨ ᠬᠠᠷᠠᠯᠲᠠ | ᠲᠠᠪᠴᠠᠩ ᠤᠨ ᠠᠵᠤ ᠠᠬᠤᠶ᠂ ᠣᠳᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠬᠥᠭᠵᠢᠯᠲᠡ ᠶᠢᠨ ᠵᠢᠮ᠎ᠡ᠂ | ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠲᠤᠬᠠᠶᠢᠯᠠᠭᠰᠠᠨ ᠠᠵᠢᠯ ᠤᠨ ᠪᠤᠴᠠᠭᠠᠯᠲᠠ᠂ ᠲᠤᠭ᠎ᠠ ᠪᠠᠷᠢᠮᠲᠠ ᠶᠢᠨ | ᠪᠤᠴᠠᠭᠠᠯᠲᠠ᠂ ᠭᠠᠶᠢᠯᠢ ᠲᠠᠲᠠᠪᠤᠷᠢ ᠶᠢᠨ ᠪᠤᠴᠠᠭᠠᠯᠲᠠ ᠶᠢ ᠬᠥᠭᠵᠢᠭᠦᠯᠬᠦ ᠬᠠᠷᠠᠯᠲᠠ ᠳᠤ ᠠᠩᠬᠠᠷᠤᠯ ᠢᠶᠠᠨ | ᠲᠥᠪᠯᠡᠷᠡᠭᠦᠯᠵᠦ᠂ ︽ᠲᠠᠪᠴᠠᠩ ᠢ ᠪᠤᠶᠢᠵᠢᠭᠤᠯᠬᠤ᠂ ᠠᠵᠤ ᠠᠬᠤᠶᠢᠯᠠᠯ ᠢ ᠲᠡᠳᠬᠦᠬᠦ᠂ ᠦᠢᠯᠡᠴᠢᠯᠡᠭᠡ ᠶᠢ | ᠰᠢᠯᠢᠳᠡᠭᠵᠢᠭᠦᠯᠬᠦ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ︾ ᠶᠡᠷᠦᠩᠬᠡᠶ ᠬᠥᠭᠵᠢᠯᠲᠡ ᠶᠢᠨ ᠰᠡᠳᠬᠢᠴᠡ | ᠶᠣᠰᠣᠭᠠᠷ᠂ ᠦᠢᠯᠡᠴᠢᠯᠡᠭᠡᠨ ᠤ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ᠂ ᠳᠡᠭᠡᠳᠦ ᠰᠢᠨ᠎ᠡ ᠮᠡᠷᠭᠡᠵᠢᠯ ᠵᠡᠷᠭᠡ | ᠳᠠᠪᠠᠭᠤᠯᠢᠭ ᠤᠨᠴᠠᠯᠢᠭᠳᠤ ᠠᠵᠤ ᠦᠢᠯᠡᠰ ᠤᠨ ᠪᠦᠯᠦᠭᠯᠡᠯ ᠤᠨ ᠲᠣᠭᠤᠷᠢᠨ ᠳᠤ᠂ ᠠᠵᠤ ᠦᠢᠯᠡᠰ ᠤᠨ ᠪᠦᠲᠦᠴᠡ᠂ | ᠲᠡᠭᠡᠭᠡᠪᠦᠷᠢ ᠶᠢᠨ ᠬᠡᠷᠡᠭᠴᠡᠭᠡ᠂ ᠠᠵᠤ ᠠᠬᠤᠶ ᠨᠡᠶᠢᠭᠡᠮ ᠯᠦᠭᠡ ᠬᠠᠷᠢᠯᠴᠠᠨ ᠬᠠᠮᠵᠢᠯᠴᠠᠭᠰᠠᠨ ᠰᠦᠯᠵᠢᠶᠡᠨ ᠤ | ᠪᠠᠷᠠᠭᠠᠨ ᠤ ᠲᠡᠭᠡᠭᠡᠪᠦᠷᠢ ᠶᠢᠨ ᠲᠠᠪᠴᠠᠩ ᠤᠨ ᠠᠵᠤ ᠠᠬᠤᠶ ᠶᠢ ᠲᠦᠷᠭᠡᠳᠬᠡᠨ ᠪᠠᠶᠢᠭᠤᠯᠵᠤ᠂ ᠰᠦᠯᠵᠢᠶ᠎ᠡ ᠪᠠᠷ ᠪᠠᠷᠠᠭ᠎ᠠ | ᠲᠡᠭᠡᠭᠡᠪᠦᠷᠢᠯᠡᠬᠦ ᠠᠵᠤ ᠦᠢᠯᠡᠰ ᠤᠨ ᠵᠢᠷᠤᠮᠵᠢᠯ ᠲᠠᠢ᠂ ᠡᠷᠡᠭᠦᠯ᠂ ᠦᠷᠭᠦᠯᠵᠢᠯᠡᠨ ᠬᠥᠭᠵᠢᠬᠦ ᠶᠢ ᠠᠬᠢᠭᠤᠯᠵᠤ᠂ ᠪᠥᠬᠦ | ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ᠂ ᠬᠠᠩᠭᠠᠯᠭ᠎ᠠ ᠶᠢᠨ | ᠬᠡᠯᠬᠢᠶ᠎ᠡ ᠶᠢ ᠡᠮᠬᠢᠯᠡᠨ ᠨᠡᠶᠢᠯᠡᠭᠦᠯᠬᠦ᠂ ᠪᠣᠬᠢᠷᠲᠤᠯ ᠥᠬᠡᠶ ᠪᠠᠷᠠᠭᠠᠨ ᠤ ᠭᠦᠢᠯᠭᠡᠭᠡᠨ᠂ ᠥᠨᠳᠥᠷ ᠦᠷ᠎ᠡ ᠪᠦᠲᠦᠮᠵᠢᠲᠡᠶ | ᠳᠥᠭᠦᠮ ᠳᠥᠲᠡ ᠪᠠᠶᠢᠬᠤ ᠶᠢ ᠨᠢᠭᠡ ᠴᠤᠭᠴᠠᠵᠢᠭᠤᠯᠤᠭᠰᠠᠨ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠵᠢᠱᠢᠶ᠎ᠡ | ᠦᠵᠡᠭᠦᠯᠬᠦ ᠬᠦᠷᠢᠶᠡᠯᠡᠩ ᠲᠣᠭᠤᠷᠢᠭ ᠢ ᠴᠢᠷᠮᠠᠶᠢᠨ ᠪᠠᠶᠢᠭᠤᠯᠵᠤ᠂ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠠᠵᠤ | ᠦᠢᠯᠡᠰ ᠤᠨ ᠲᠥᠪᠯᠡᠷᠡᠯ ᠤᠨ ᠥᠨᠳᠦᠷᠯᠢᠭ ᠢ ᠴᠢᠷᠮᠠᠶᠢᠨ ᠪᠣᠶ ᠪᠣᠯᠭᠠᠵᠤ᠂ ᠮᠠᠨ ᠤ ᠲᠣᠭᠤᠷᠢᠭ ᠤᠨ ᠠᠵᠤ ᠠᠬᠤᠶ ᠶᠢᠨ | ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠦᠨ᠎ᠡ᠃ | ᠭᠤᠷᠪᠠ᠂ ᠵᠣᠬᠢᠶᠠᠨ ᠪᠠᠶᠢᠭᠤᠯᠤᠯᠲᠠ ᠂ ᠤᠳᠤᠷᠢᠳᠤᠯᠭ᠎ᠠ | ᠵᠢᠦ ᠶᠣᠸᠠᠨ ᠲᠣᠭᠤᠷᠢᠭ ᠤᠨ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠠᠵᠢᠯ ᠤᠨ ᠲᠤᠰᠬᠠᠶ ᠠᠩᠭᠢ ᠶᠢ | ᠪᠠᠶᠢᠭᠤᠯᠵᠤ᠂ ᠪᠦᠷᠢᠯᠳᠦᠬᠦᠨ ᠭᠡᠰᠢᠭᠦᠨ ᠳᠣᠤᠷᠠᠬᠢ ᠮᠡᠲᠦ᠄ | ᠳᠤᠭᠤᠶᠢᠯᠠᠩ ᠤᠨ ᠳᠠᠷᠤᠭ᠎ᠠ᠄ | ᠯᠢᠦ ᠰᠢᠶᠤᠤ ᠫᠢᠩ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ | ᠵᠤᠤ ᠪᠦᠦ ᠵᠢᠶᠦ᠋ᠨ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ | ᠳᠡᠳ᠋ ᠳᠠᠷᠤᠭ᠎ᠠ | ᠭᠤᠣ ᠶᠦᠩ ᠹᠸᠢ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠲᠣᠭᠤᠷᠢᠭ ᠤᠨ ᠡᠳ᠋ ᠤᠨ | ᠵᠠᠰᠠᠭ ᠤᠨ ᠲᠣᠪᠴᠢᠶᠠᠨ ᠤ ᠳᠠᠷᠤᠭ᠎ᠠ | ᠭᠡᠰᠢᠭᠦᠨ᠄ | ᠬᠠᠨ ᠮᠢᠩ ᠺᠠᠶ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ | ᠬᠤᠤ ᠴᠢᠶᠠᠩ᠂ ᠲᠣᠭᠤᠷᠢᠭ ᠤᠨ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶᠠᠨ ᠤ ᠳᠠᠷᠤᠭ᠎ᠠ | ᠶᠢᠨ ᡁᠢ ᠴᠢᠶᠠᠩ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠳᠠᠷᠤᠭ᠎ᠠ | ᠯᠢᠦ ᠪᠥᠸᠧ᠂ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠳᠠᠷᠤᠭ᠎ᠠ | ᠲᠠᠩ ᠹᠸᠢ᠂ ᠲᠣᠭᠤᠷᠢᠭ ᠤᠨ ᠮᠥᠩᠭᠦᠨ ᠭᠦᠢᠯᠭᠡᠭᠡᠨ ᠤ ᠠᠯᠪᠠᠨ ᠭᠡᠷ ᠤᠨ ᠡᠷᠬᠢᠯᠡᠭᠴᠢ | ᠪᠠᠶ ᠬᠤᠸᠠ᠂ ᠲᠣᠭᠤᠷᠢᠭ ᠤᠨ ᠭᠠᠶᠢᠯᠢ ᠶᠢᠨ ᠲᠣᠪᠴᠢᠶᠠᠨ ᠤ ᠳᠠᠷᠤᠭ᠎ᠠ | ᠰᠦ ᠪᠢᠨ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠳᠠᠷᠤᠭ᠎ᠠ | ᠸᠠᠩ ᠬᠤᠩ ᠵᠢᠶᠦ᠋ᠨ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ | ᠯᠢ ᡁᠢ ᠫᠧᠩ᠂ ᠵᠢᠤ ᠱᠧᠩ ᠪᠦᠯᠦᠭᠯᠡᠯ ᠤᠨ ᠬᠡᠷᠡᠭ ᠮᠡᠳᠡᠭᠴᠢ | ᠠᠵᠢᠯ ᠤᠨ ᠲᠤᠰᠬᠠᠶ ᠠᠩᠭᠢ ᠨᠢ ᠵᠢᠦ ᠶᠣᠸᠠᠨ ᠲᠣᠭᠤᠷᠢᠭ ᠤᠨ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠬᠠᠮᠢᠶ᠎ᠠ | ᠪᠥᠬᠦᠶ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠬᠤ ᠶᠢ ᠬᠠᠷᠢᠭᠤᠴᠠᠵᠤ᠂ ᠡᠯ᠎ᠡ ᠵᠦᠢᠯ ᠤᠨ ᠲᠥᠷᠥ ᠶᠢᠨ | ᠪᠣᠳᠣᠯᠭ᠎ᠠ᠂ ᠡᠭᠦᠷᠭᠡ ᠶᠢᠨ ᠪᠠᠶᠢᠷᠢᠯᠠᠭᠤᠯᠤᠯᠲᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠂ ᠰᠦᠯᠵᠢᠶ᠎ᠡ ᠪᠠᠷ | ᠪᠠᠷᠠᠭ᠎ᠠ ᠲᠡᠭᠡᠭᠡᠪᠦᠷᠢᠯᠡᠬᠦ ᠬᠥᠭᠵᠢᠯᠲᠡ ᠶᠢᠨ ᠳᠤᠮᠳᠠᠬᠢ ᠬᠠᠮᠢᠶ᠎ᠠ ᠪᠥᠬᠦᠶ ᠠᠰᠠᠭᠤᠳᠠᠯ ᠢ ᠰᠢᠢᠳᠪᠦᠷᠢᠯᠡᠵᠦ᠂ ᠵᠢᠦ ᠶᠣᠸᠠᠨ | ᠲᠣᠭᠤᠷᠢᠭ ᠤᠨ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠵᠢᠷᠤᠮᠵᠢᠯ ᠲᠠᠢ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ | ᠠᠵᠢᠯ ᠤᠨ ᠲᠤᠰᠬᠠᠶ ᠠᠩᠭᠢ ᠶᠢᠨ ᠠᠯᠪᠠᠨ ᠬᠡᠷ ᠭᠠᠷᠭᠠᠵᠤ᠂ ᠠᠯᠪᠠᠨ ᠬᠡᠷ ᠢ ᠲᠣᠭᠤᠷᠢᠭ ᠤᠨ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ ᠳᠤ ᠪᠠᠶᠢᠷᠢᠯᠠᠭᠤᠯᠵᠤ᠂ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠲᠣᠭᠤᠷᠢᠭ ᠤᠨ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠯᠢᠦ ᠪᠥᠸᠧ ᠨᠥᠬᠦᠷ ᠡᠭᠦᠷᠭᠡᠯᠡᠵᠦ᠂ ᠭᠤᠤᠯᠳᠠᠭᠤ | ᠶᠡᠷᠦᠩᠬᠡᠶᠢᠯᠡᠨ ᠵᠣᠬᠢᠴᠠᠭᠤᠯᠬᠤ ᠪᠠ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠲᠣᠬᠢᠷᠠᠭᠤᠯᠬᠤ᠂ ᠡᠯ᠎ᠡ | ᠵᠦᠢᠯ ᠤᠨ ᠪᠢᠴᠢᠭ ᠮᠠᠲ᠋ᠧᠷᠢᠶᠠᠯ ᠤᠨ ᠲᠦᠷᠢᠮ ᠢ ᠲᠣᠭᠲᠠᠭᠠᠨ ᠲᠠᠷᠬᠠᠭᠠᠬᠤ᠂ ᠲᠤᠰᠬᠠᠶ ᠠᠩᠭᠢ ᠶᠢᠨ ᠠᠵᠢᠯ ᠤᠨ | ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠬᠤ ᠵᠡᠷᠭᠡ ᠶᠢ ᠬᠠᠷᠢᠭᠤᠴᠠᠨ᠎ᠠ᠃ | ᠳᠥᠷᠪᠡ᠂ ᠭᠤᠤᠯᠳᠠᠯᠭ᠎ᠠ ᠲᠠᠢ ᠡᠭᠦᠷᠭᠡ | ︵ᠨᠢᠭᠡ︶ ᠢᠵᠢ ᠪᠦᠷᠢᠳᠦᠭᠦᠯᠬᠦ ᠱᠠᠩᠨᠠᠵᠤ ᠲᠤᠰᠠᠯᠠᠬᠤ ᠲᠥᠷᠥ ᠶᠢᠨ ᠪᠤᠳᠤᠯᠭ᠎ᠠ ᠶᠢ ᠲᠣᠭᠲᠠᠭᠠᠨ᠎ᠠ | 1᠂ ᠱᠠᠩᠨᠠᠵᠤ ᠲᠤᠰᠠᠯᠠᠬᠤ ᠡᠲᠡᠭᠡᠳ ᠵᠢᠴᠢ ᠨᠥᠬᠦᠴᠡᠯ | ᠬᠥᠭᠵᠢᠯᠲᠡ ᠶᠢᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰᠬᠠᠶ ᠪᠠᠯᠠ ᠮᠥᠩᠭᠦ ᠶᠢ ᠳᠣᠤᠷᠠᠬᠢ | ᠪᠣᠶ ᠪᠥᠬᠦᠶ ᠨᠥᠬᠦᠴᠡᠯ ᠳᠤ ᠨᠡᠶᠢᠴᠡᠬᠦ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠠᠵᠤ ᠠᠬᠤᠶᠢᠯᠠᠯ ᠢ ᠳᠡᠮᠵᠢᠬᠦ ᠳᠤ | ᠬᠡᠷᠡᠭᠯᠡᠨ᠎ᠡ᠄ | ︵1︶ ᠠᠵᠤ ᠠᠬᠤᠶᠢᠯᠠᠯ ᠡᠷᠬᠡᠪᠰᠢ ᠵᠢᠦ ᠶᠣᠸᠠᠨ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠤ | ᠬᠡᠪᠴᠢᠶᠡᠨ ᠳᠤ ᠳᠠᠩᠰᠠᠯᠠᠭᠤᠯᠤᠨ ᠡᠷᠦᠬᠡ ᠠᠮᠠ ᠣᠷᠣᠭᠤᠯᠬᠤ ᠶᠢᠨ ᠬᠠᠮᠲᠤ ᠵᠢᠦ ᠶᠣᠸᠠᠨ ᠲᠣᠭᠤᠷᠢᠭ ᠲᠤ ᠬᠠᠤᠯᠢ | ᠶᠣᠰᠣᠭᠠᠷ ᠭᠠᠶᠢᠯᠢ ᠲᠤᠰᠢᠶᠠᠬᠤ ᠬᠡᠷᠡᠭᠲᠡᠶ︔ | ︵2︶ ᠡᠷᠬᠡᠪᠰᠢ ᠲᠣᠤᠷ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠡᠵᠡᠩᠨᠡᠯᠲᠡ ᠶᠢᠨ ᠵᠥᠪᠰᠢᠶᠡᠷᠡᠯ ᠤᠨ ᠬᠢᠷᠢ | ᠬᠡᠮ ᠢ ᠣᠯᠤᠭᠰᠠᠨ ᠮᠥᠷᠲᠡᠭᠡᠨ ᠬᠦᠴᠦᠨ ᠲᠠᠢ ᠬᠤᠭᠤᠴᠠᠭᠠᠨ ᠳᠤ ᠪᠠᠶᠢᠬᠤ ᠬᠡᠷᠡᠭᠲᠡᠶ︔ | ︵3︶ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠬᠤᠶᠠᠷ ᠱᠠᠲᠤᠨ ᠤ ᠰᠦᠯᠵᠢᠶ᠎ᠡ ᠪᠠᠷ ᠪᠠᠷᠠᠭ᠎ᠠ | ᠲᠡᠭᠡᠭᠡᠪᠦᠷᠢᠯᠡᠬᠦ ᠶᠢ ᠬᠢᠨᠠᠨ ᠬᠠᠮᠢᠶᠠᠷᠬᠤ ᠦᠢᠯᠡᠴᠢᠯᠡᠭᠡᠨ ᠤ ᠲᠠᠪᠴᠠᠩ ᠳᠤ ᠣᠷᠣᠭᠤᠯᠤᠨ᠎ᠠ︔ | ︵4︶ ᠲᠡᠭᠡᠭᠡᠪᠦᠷᠢ ᠶᠢᠨ ᠲᠤᠬᠠᠶᠢᠯᠠᠭᠰᠠᠨ ᠠᠵᠢᠯ ᠤᠨ ᠡᠬᠢᠯᠡᠵᠦ ᠳᠠᠭᠤᠰᠬᠤ ᠴᠡᠭ ᠤᠨ ᠨᠠᠭᠠᠳᠤ ᠵᠠᠬ᠎ᠠ ᠳᠠᠭᠠᠨ | ᠨᠢᠭᠡ ᠦᠵᠦᠭᠦᠷ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠯᠢ ᠳᠤ ᠪᠠᠶᠢᠬᠤ ᠶᠢᠨ ᠬᠠᠮᠲᠤ | ᠲᠣᠭᠲᠠᠭᠠᠯ ᠶᠣᠰᠣᠭᠠᠷ ᠲᠡᠭᠡᠭᠡᠪᠦᠷᠢ ᠶᠢᠨ ᠬᠠᠭᠤᠳᠠᠰᠤ ᠶᠢᠨ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠳᠠᠮᠵᠢᠭᠤᠯᠵᠤ᠂ | ᠲᠡᠭᠡᠭᠡᠪᠦᠷᠢ ᠶᠢᠨ ᠬᠠᠭᠤᠳᠠᠰᠤ ᠶᠢᠨ ᠲᠤᠭ᠎ᠠ ᠪᠠᠷᠢᠮᠲᠠ ᠨᠢ ᠡᠷᠬᠡᠪᠰᠢ ᠬᠠᠤᠯᠢ ᠶᠣᠰᠣᠨ ᠤ ᠲᠣᠭᠲᠠᠭᠠᠯ ᠳᠤ ᠨᠡᠶᠢᠴᠡᠭᠰᠡᠨ | ᠂ ᠦᠨᠡᠨ ᠪᠣᠳᠠᠲᠠᠶ ᠪᠥᠭᠡᠳ ᠬᠦᠴᠦᠨ ᠲᠠᠢ ᠪᠠᠶᠢᠬᠤ ᠬᠡᠷᠡᠭᠲᠡᠶ᠃ | ︵5︶ ᠥᠪᠡᠷᠲᠡᠭᠡᠨ ᠵᠠᠰᠠᠬᠤ ᠣᠷᠣᠨ ᠤ ᠲᠠᠰ ᠤᠨ ᠲᠤᠰᠬᠠᠶ ᠵᠦᠢᠯ ᠤᠨ ᠱᠠᠩᠨᠠᠵᠤ ᠲᠤᠰᠠᠯᠠᠬᠤ ᠪᠠᠯᠠ | ᠮᠥᠩᠭᠦ ᠶᠢ ᠭᠤᠶᠤᠴᠢᠯᠠᠨ ᠮᠡᠳᠡᠭᠦᠯᠬᠦ ᠬᠡᠰᠡᠭ ᠲᠤ ᠠᠵᠤ ᠠᠬᠤᠶᠢᠯᠠᠯ ᠤᠳ ︽ᠬᠤᠶᠠᠷ ᠰᠠᠷ᠎ᠠ ᠪᠦᠷᠢ ᠰᠦᠯᠵᠢᠶ᠎ᠡ ᠪᠠᠷ | ᠪᠠᠷᠠᠭ᠎ᠠ ᠲᠡᠭᠡᠭᠡᠪᠦᠷᠢᠯᠡᠬᠦ ᠲᠤᠬᠠᠶᠢᠯᠠᠭᠰᠠᠨ ᠠᠵᠢᠯ ᠤᠨ ᠦᠢᠯᠡᠳᠭᠦᠨ ᠤ ᠥᠷᠲᠡᠭ ᠨᠢ ᠨᠡᠶᠢᠯᠡᠭᠡᠳ 1000 ᠲᠦᠮᠡᠨ | ᠲᠥᠭᠦᠷᠢᠭ ᠢ ᠳᠠᠪᠠᠭᠰᠠᠨ︾ ᠨᠥᠬᠦᠴᠡᠯ ᠢ ᠬᠠᠩᠭᠠᠬᠤ ᠶᠢ ᠱᠠᠭᠠᠷᠳᠠᠨ᠎ᠠ᠃ | 2᠂ ᠱᠠᠩᠨᠠᠵᠤ ᠲᠤᠰᠠᠯᠠᠬᠤ ᠪᠡᠯᠡ ᠮᠥᠩᠭᠦ ᠶᠢᠨ ᠬᠠᠷᠢᠴᠠᠯ | ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠲᠥᠷᠥ ᠶᠢᠨ ᠪᠣᠳᠣᠯᠭ᠎ᠠ ᠶᠢ ᠦᠨᠳᠦᠰᠦᠯᠡᠨ᠂ | ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠠᠵᠤ ᠠᠬᠤᠶᠢᠯᠠᠯ ᠤᠨ ᠬᠤᠲᠠ ᠶᠢᠨ ᠲᠣᠰ ᠱᠠᠲᠤᠨ ᠤ ᠡᠳ᠋ ᠤᠨ ᠵᠠᠰᠠᠭ ᠪᠠ | ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠲᠤ ᠦᠵᠡᠭᠦᠯᠦᠭᠰᠡᠨ ᠬᠤᠪᠢ ᠨᠡᠮᠡᠷᠢ ᠶᠢᠨ ᠬᠡᠰᠡᠭ ᠢ ᠪᠦᠬᠦᠨ ᠢ | ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠠᠵᠤ ᠠᠬᠤᠶᠢᠯᠠᠯ ᠳᠤ ᠱᠠᠩᠨᠠᠵᠤ ᠨᠥᠬᠦᠪᠥᠷᠢᠯᠡᠨ᠎ᠡ᠃ | 3᠂ ᠱᠠᠩᠨᠠᠵᠤ ᠨᠥᠬᠦᠪᠥᠷᠢᠯᠡᠬᠦ ᠶᠢ ᠬᠢᠨᠠᠨ ᠬᠠᠷᠭᠤᠭᠤᠯᠵᠤ ᠪᠡᠯᠡᠨ ᠵᠣᠭᠤᠰ ᠪᠣᠯᠭᠠᠬᠤ | ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠱᠠᠩᠨᠠᠵᠤ ᠲᠤᠰᠠᠯᠠᠬᠤ ᠬᠡᠰᠡᠭ ᠢ ︽ᠪᠤᠭᠤᠲᠤ | ᠬᠤᠲᠠ ᠶᠢᠨ ᠲᠣᠤᠷ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠠᠵᠤ ᠠᠬᠤᠶᠢᠯᠠᠯ ᠤᠨ ᠱᠠᠩᠨᠠᠵᠤ ᠲᠤᠰᠠᠯᠠᠬᠤ | ᠪᠠᠯᠠ ᠮᠥᠩᠭᠦ ᠶᠢ ᠭᠤᠶᠤᠴᠢᠯᠠᠨ ᠮᠡᠳᠡᠭᠦᠯᠬᠦ ᠴᠤᠪᠤᠷᠠᠯ︾ ᠤᠨ ᠶᠣᠰᠣᠭᠠᠷ ᠨᠠᠶᠢᠳᠠᠪᠤᠷᠢᠵᠢᠭᠤᠯᠤᠨ᠎ᠠ᠃ ᠬᠤᠰᠢᠭᠤ | ᠰᠢᠶᠠᠨ ᠲᠣᠭᠤᠷᠢᠭ ᠤᠨ ᠱᠠᠩᠨᠠᠵᠤ ᠲᠤᠰᠠᠯᠠᠬᠤ ᠬᠡᠰᠡᠭ ᠤᠨ ᠪᠡᠶᠡᠯᠡᠭᠦᠯᠬᠦ ᠠᠯᠬᠤᠮ ᠳᠠᠷᠠᠭ᠎ᠠ ᠨᠢ ᠳᠣᠤᠷᠠᠬᠢ ᠮᠡᠲᠦ᠄ | ᠵᠢᠦ ᠱᠧᠩ ᠪᠦᠯᠦᠭᠯᠡᠯ ᠠᠴᠠ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠱᠠᠩᠨᠠᠯ ᠨᠥᠬᠦᠪᠥᠷᠢ ᠶᠢᠨ ᠪᠠᠯᠠ | ᠮᠥᠩᠭᠦ ᠶᠢᠨ ᠲᠠᠲᠠᠭᠠᠯ ᠢ ᠪᠠᠶᠢᠭᠤᠯᠵᠤ᠂ ᠪᠡᠯᠡᠨ ᠵᠣᠭᠤᠰ ᠰᠣᠯᠢᠬᠤ ᠶᠠᠪᠤᠴᠠ ᠶᠢ ᠡᠳ᠋ ᠤᠨ ᠵᠠᠰᠠᠭ ᠤᠨ ᠲᠣᠪᠴᠢᠶ᠎ᠠ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠵᠢᠦ ᠱᠧᠩ ᠪᠦᠯᠦᠭᠯᠡᠯ ᠬᠠᠮᠵᠢᠯᠴᠠᠨ | ᠪᠡᠶᠡᠯᠡᠭᠦᠯᠬᠦ ᠬᠡᠷᠡᠭᠲᠡᠶ᠃ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠲᠥᠷᠥᠯ ᠵᠦᠢᠯ ᠤᠨ ᠤᠷᠤᠭᠰᠢᠲᠠᠶ ᠶᠠᠪᠤᠭᠳᠠᠬᠤ ᠶᠢ | ᠪᠠᠲᠤᠯᠠᠬᠤ ᠶᠢᠨ ᠲᠤᠰᠠᠳᠠ᠂ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠡᠳ᠋ ᠤᠨ ᠵᠠᠰᠠᠭ ᠤᠨ ᠬᠤᠪᠢ ᠨᠡᠮᠡᠷᠢ | ᠦᠵᠡᠭᠦᠯᠦᠭᠰᠡᠨ ᠪᠠᠯᠠ ᠮᠥᠩᠭᠦ ᠶᠢᠨ ᠣᠷᠣᠨ ᠤ ᠲᠠᠰ ᠤᠨ ᠬᠡᠰᠡᠭ ᠢ ᠬᠤᠶᠠᠷ ᠰᠠᠷ᠎ᠠ ᠪᠠᠷ ᠨᠢᠭᠡ ᠦᠶᠡᠯᠡᠯ ᠤᠨ | ᠬᠤᠭᠤᠴᠠᠭ᠎ᠠ ᠪᠣᠯᠭᠠᠵᠤ᠂ ᠭᠤᠷᠪᠠᠳᠤᠭᠠᠷ ᠰᠠᠷ᠎ᠠ ᠳᠤ ᠭᠤᠶᠤᠴᠢᠯᠠᠯ ᠭᠠᠷᠭᠠᠵᠤ᠂ ᠰᠠᠷ᠎ᠠ ᠶᠢᠨ ᠰᠡᠭᠦᠯᠴᠢ ᠪᠠᠷ ᠪᠡᠯᠡᠨ | ᠵᠣᠭᠤᠰ ᠪᠣᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠱᠠᠲᠤ᠂ ᠬᠤᠲᠠ ᠶᠢᠨ ᠱᠠᠲᠤᠨ ᠤ ᠦᠯᠡᠳᠡᠭᠡᠨ ᠬᠠᠳᠠᠭᠠᠯᠠᠬᠤ | ᠬᠡᠰᠡᠭ ᠪᠠᠯᠠ ᠮᠥᠩᠭᠦ ᠶᠢ ᠳᠡᠭᠡᠷ᠎ᠡ ᠬᠤᠶᠠᠷ ᠱᠠᠲᠤᠨ ᠠᠴᠠ ᠵᠢᠦ ᠶᠣᠸᠠᠨ ᠲᠣᠭᠤᠷᠢᠭ ᠲᠤ ᠰᠢᠯᠵᠢᠭᠦᠯᠦᠨ ᠥᠭᠭᠦᠭᠰᠡᠨ ᠤ | ᠳᠠᠷᠠᠭ᠎ᠠ ᠲᠣᠰ ᠰᠠᠷ᠎ᠠ ᠳᠤ ᠰᠢᠯᠵᠢᠭᠦᠯᠦᠨ ᠥᠭᠭᠦᠨ᠎ᠡ᠃ | ︵1︶ ᠭᠤᠶᠤᠴᠢᠯᠠᠬᠤ | ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠠᠵᠤ ᠠᠬᠤᠶᠢᠯᠠᠯ ᠨᠢ ᠬᠤᠶᠠᠷ ᠰᠠᠷ᠎ᠠ ᠪᠠᠷ ᠨᠢᠭᠡ ᠦᠶᠡᠯᠡᠯ ᠤᠨ | ᠬᠤᠭᠤᠴᠠᠭ᠎ᠠ ᠪᠣᠯᠭᠠᠵᠤ᠂ ᠭᠤᠷᠪᠠᠳᠤᠭᠠᠷ ᠰᠠᠷ᠎ᠠ ᠶᠢᠨ 10 ᠤ ᠡᠳᠦᠷ ᠠᠴᠠ ᠡᠮᠦᠨ᠎ᠡ ᠭᠤᠶᠤᠴᠢᠯᠠᠯ ᠢᠶᠠᠨ ᠳᠤᠷᠠᠳᠴᠤ᠂ | ᠬᠤᠭᠤᠴᠠᠭ᠎ᠠ ᠬᠡᠲᠦᠷᠡᠭᠦᠯᠦᠨ ᠲᠤᠰᠢᠶᠠᠭᠰᠠᠨ ᠱᠠᠩᠨᠠᠯ ᠨᠥᠬᠦᠪᠥᠷᠢ ᠶᠢᠨ ᠭᠤᠶᠤᠴᠢᠯᠠᠯ ᠢ ᠪᠡᠯᠡᠨ ᠵᠣᠭᠤᠰ ᠪᠣᠯᠭᠠᠵᠤ | ᠥᠭᠬᠦ ᠥᠬᠡᠶ᠃ ᠠᠵᠤ ᠠᠬᠤᠶᠢᠯᠠᠯ ᠨᠢ ᠪᠥᠬᠦ ᠬᠤᠲᠠ ᠶᠢᠨ ᠨᠢᠭᠡᠳᠦᠯᠲᠡᠶ ᠲᠦᠷᠢᠮ ᠤᠨ ᠶᠣᠰᠣᠭᠠᠷ ᠮᠡᠳᠡᠭᠦᠯᠬᠦ | ᠮᠠᠲ᠋ᠧᠷᠢᠶᠠᠯ ᠢᠶᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠣᠭᠤᠷᠢᠭ ᠤᠨ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ ᠭᠠᠶᠢᠯᠢ ᠶᠢᠨ ᠶᠠᠪᠤᠳᠠᠯ ᠤᠨ | ᠲᠣᠪᠴᠢᠶ᠎ᠠ ᠳᠤ ᠲᠤᠰᠢᠶᠠᠵᠤ ᠬᠢᠨᠠᠨ ᠬᠠᠷᠭᠤᠭᠤᠯᠬᠤ ᠶᠢᠨ ᠬᠠᠮᠲᠤ᠂ ᠡᠯ᠎ᠡ ᠰᠠᠯᠠᠭ᠎ᠠ ᠮᠥᠴᠢᠷ ᠤᠨ ᠬᠢᠨᠠᠨ | ᠬᠠᠷᠭᠤᠭᠤᠯᠵᠤ ᠲᠠᠮᠠᠭ᠎ᠠ ᠳᠠᠷᠤᠭᠰᠠᠨ ᠤ ᠳᠠᠷᠠᠭᠠᠬᠢ ᠬᠢᠨᠠᠨ ᠬᠠᠷᠭᠤᠭᠤᠯᠤᠭᠰᠠᠨ ᠬᠦᠰᠦᠨᠦᠭᠲᠦ ᠪᠠᠨ ᠲᠣᠭᠤᠷᠢᠭ ᠤᠨ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠳᠤ ᠲᠤᠰᠢᠶᠠᠬᠤ ᠬᠡᠷᠡᠭᠲᠡᠶ᠃ | ︵2︶ ᠬᠢᠨᠠᠨ ᠬᠠᠷᠭᠤᠭᠤᠯᠬᠤ | ᠲᠣᠭᠤᠷᠢᠭ ᠤᠨᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ | ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠩᠬᠠᠨ ᠤ ᠬᠢᠨᠠᠯᠲᠠ ᠬᠢᠨ᠎ᠡ᠃ ᠲᠣᠭᠤᠷᠢᠭ ᠤᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠨᠢ ᠪᠤᠭᠤᠲᠤ ᠬᠤᠲᠠ ᠶᠢᠨ ᠲᠣᠤᠷ | ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠳᠤ ᠲᠦᠰᠢᠭᠯᠡᠨ ᠪᠠᠷᠠᠭᠠᠨ ᠤ | ᠲᠡᠭᠡᠭᠡᠪᠦᠷᠢ ᠶᠢᠨ ᠦᠨᠡᠨ ᠪᠣᠳᠠᠲᠤ ᠴᠢᠨᠠᠷ ᠢ ᠬᠢᠨᠠᠨ ᠬᠠᠷᠭᠤᠭᠤᠯᠵᠤ᠂ ᠠᠵᠤ ᠠᠬᠤᠶᠢᠯᠠᠯ ᠤᠨ ᠭᠤᠶᠤᠴᠢᠯᠠᠯ ᠢᠶᠠᠨ | ᠲᠤᠰᠢᠶᠠᠭᠰᠠᠨ ᠡᠳᠦᠷ ᠠᠴᠠ ᠡᠬᠢᠯᠡᠨ 2 ᠠᠵᠢᠯᠯᠠᠬᠤ ᠡᠳᠦᠷ ᠤᠨ ᠳᠣᠲᠣᠷ᠎ᠠ ᠬᠢᠨᠠᠨ ᠬᠠᠷᠭᠤᠭᠤᠯᠬᠤ ᠶᠢ ᠪᠡᠶᠡᠯᠡᠭᠦᠯᠵᠦ᠂ | ᠬᠢᠨᠠᠨ ᠬᠠᠷᠭᠤᠭᠤᠯᠤᠭᠰᠠᠨ ᠰᠠᠨᠠᠯ ᠢᠶᠠᠨ ᠭᠠᠷᠭᠠᠭᠰᠠᠨ ᠤ ᠳᠠᠷᠠᠭ᠎ᠠ ᠲᠣᠭᠤᠷᠢᠭ ᠤᠨ ᠭᠠᠶᠢᠯᠢ ᠶᠢᠨ ᠶᠠᠪᠤᠳᠠᠯ ᠤᠨ | ᠲᠣᠪᠴᠢᠶ᠎ᠠ ᠳᠤ ᠮᠡᠳᠡᠭᠦᠯᠦᠨ᠎ᠡ᠃ | ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠢ ᠠᠵᠤ ᠠᠬᠤᠶᠢᠯᠠᠯ ᠤᠨ ᠮᠡᠳᠡᠭᠦᠯᠦᠭᠰᠡᠨ | ᠮᠠᠲ᠋ᠧᠷᠢᠶᠠᠯ ᠳᠠᠬᠢ ᠭᠠᠶᠢᠯᠢ ᠲᠤᠰᠢᠶᠠᠭᠰᠠᠨ ᠭᠡᠷᠡᠴᠢ ᠵᠢᠴᠢ ᠲᠤᠰᠢᠶᠠᠭᠰᠠᠨ ᠭᠠᠶᠢᠯᠢ ᠶᠢᠨ ᠶᠠᠪᠤᠳᠠᠯ ᠤᠨ ᠪᠠᠷᠢᠮᠲᠠ ᠶᠢ | ᠦᠨᠳᠦᠰᠦᠯᠡᠨ᠂ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠠᠵᠤ ᠠᠬᠤᠶᠢᠯᠠᠯ ᠤᠨ ᠦᠶᠡᠯᠡᠯ ᠤᠨ ᠬᠤᠭᠤᠴᠠᠭᠠᠨ ᠳᠤ | ᠲᠤᠰᠢᠶᠠᠭᠰᠠᠨ ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ᠂ ᠥᠷᠲᠡᠭ ᠨᠡᠮᠡᠭᠳᠡᠯ ᠤᠨ ᠭᠠᠶᠢᠯᠢ ᠶᠢᠨ ᠵᠣᠭᠤᠰ ᠤᠨ | ᠲᠤᠭ᠎ᠠ ᠪᠠ ᠡᠳ᠋ ᠤᠨ ᠵᠠᠰᠠᠭ ᠤᠨ ᠬᠤᠪᠢ ᠨᠡᠮᠡᠷᠢ ᠶᠢᠨ ᠪᠠᠶᠢᠳᠠᠯ ᠢ ᠨᠤᠲᠠᠯᠠᠬᠤ ᠶᠢᠨ ᠬᠠᠮᠲᠤ᠂ ᠠᠵᠤ ᠠᠬᠤᠶᠢᠯᠠᠯ ᠤᠨ | ᠭᠤᠶᠤᠴᠢᠯᠠᠯ ᠢᠶᠠᠨ ᠲᠤᠰᠢᠶᠠᠭᠰᠠᠨ ᠡᠳᠦᠷ ᠠᠴᠠ ᠡᠬᠢᠯᠡᠨ 2 ᠠᠵᠢᠯᠯᠠᠬᠤ ᠡᠳᠦᠷ ᠤᠨ ᠳᠣᠲᠣᠷ᠎ᠠ ᠬᠠᠮᠲᠤᠷᠠᠨ | ᠬᠢᠨᠠᠭᠰᠠᠨ ᠰᠠᠨᠠᠯ ᠢᠶᠠᠨ ᠭᠠᠷᠭᠠᠭᠰᠠᠨ ᠤ ᠳᠠᠷᠠᠭ᠎ᠠ ᠣᠷᠣᠨ ᠤ ᠡᠳ᠋ ᠤᠨ ᠵᠠᠰᠠᠭ ᠤᠨ ᠲᠣᠪᠴᠢᠶ᠎ᠠ ᠳᠤ ᠮᠡᠳᠡᠭᠦᠯᠦᠨ᠎ᠡ᠃ | ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠨᠢ ᠬᠠᠮᠲᠤᠷᠠᠨ ᠬᠢᠨᠠᠭᠰᠠᠨ ᠰᠠᠨᠠᠯ ᠢ ᠣᠯᠤᠭᠰᠠᠨ ᠤ ᠳᠠᠷᠠᠭ᠎ᠠ | 2 ᠠᠵᠢᠯᠯᠠᠬᠤ ᠡᠳᠦᠷ ᠤᠨ ᠳᠣᠲᠣᠷ᠎ᠠ ᠰᠢᠯᠵᠢᠭᠦᠯᠦᠨ ᠥᠭᠬᠦ ᠰᠠᠨᠠᠯ ᠢᠶᠠᠨ ᠳᠤᠷᠠᠳᠬᠤ ᠬᠡᠷᠡᠭᠲᠡᠶ᠃ ᠲᠣᠭᠤᠷᠢᠭ ᠤᠨ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠴᠠ ᠳᠡᠭᠡᠷᠡᠬᠢ ᠭᠤᠷᠪᠠᠨ ᠰᠠᠯᠠᠭ᠎ᠠ ᠮᠥᠴᠢᠷ ᠤᠨ ᠰᠠᠨᠠᠯ ᠢ | ᠬᠤᠷᠢᠶᠠᠩᠭᠤᠶᠢᠯᠠᠨ ᠬᠢᠨᠠᠨ ᠬᠠᠷᠭᠤᠭᠤᠯᠤᠭᠠᠳ ᠡᠴᠦᠰ ᠤᠨ ᠰᠠᠨᠠᠯ ᠢᠶᠠᠨ ᠳᠤᠷᠠᠳᠴᠤ᠂ ᠵᠢᠦ ᠱᠧᠩ ᠪᠦᠯᠦᠭᠯᠡᠯ ᠠᠴᠠ | ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠰᠠᠨᠠᠯ ᠢ ᠦᠨᠳᠦᠰᠦᠯᠡᠨ 2 ᠠᠵᠢᠯᠯᠠᠬᠤ ᠡᠳᠦᠷ ᠤᠨ | ᠳᠣᠲᠣᠷ᠎ᠠ ᠲᠣᠭᠤᠷᠢᠭ ᠤᠨ ᠲᠠᠰ ᠤᠨ ᠬᠡᠰᠡᠭ ᠢ ᠰᠢᠯᠵᠢᠭᠦᠯᠦᠨ ᠥᠭᠬᠦ ᠶᠢ ᠪᠡᠶᠡᠯᠡᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠲᠠᠰ᠂ ᠬᠤᠲᠠ ᠶᠢᠨ ᠲᠠᠰ ᠤᠨ ᠱᠠᠩᠨᠠᠵᠤ ᠲᠤᠰᠠᠯᠠᠬᠤ ᠬᠡᠰᠡᠭ ᠢ | ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠡᠳ᠋ ᠤᠨ | ᠵᠠᠰᠠᠭ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠬᠤᠯᠪᠣᠭᠠᠲᠤ ᠬᠤᠷᠠᠯ ᠢᠶᠠᠷ ᠬᠢᠨᠠᠭᠤᠯᠤᠭᠰᠠᠨ ᠤ ᠳᠠᠷᠠᠭ᠎ᠠ᠂ | ᠲᠣᠭᠤᠷᠢᠭ ᠤᠨ ᠵᠠᠰᠠᠭ ᠤᠨ ᠣᠷᠳᠣᠨ ᠤ ᠨᠡᠷ᠎ᠡ ᠪᠠᠷ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ | ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠳᠤ ᠬᠢᠨᠠᠨ ᠬᠠᠷᠭᠤᠭᠤᠯᠤᠭᠰᠠᠨ ᠬᠤᠳᠠ ᠶᠢᠨ ᠵᠠᠮ | ᠲᠡᠭᠡᠭᠡᠪᠦᠷᠢ ᠶᠢᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠠᠷ ᠬᠠᠮᠲᠤᠷᠠᠨ ᠬᠢᠨᠠᠭᠤᠯᠵᠤ᠂ ᠬᠤᠳᠠ ᠶᠢᠨ | ᠡᠳ᠋ ᠤᠨ ᠵᠠᠰᠠᠭ ᠤᠨ ᠲᠣᠪᠴᠢᠶ᠎ᠠ ᠳᠤ ᠱᠠᠩᠨᠠᠯ ᠨᠥᠬᠦᠪᠥᠷᠢ ᠶᠢᠨ ᠪᠡᠯᠡ ᠮᠥᠩᠭᠦ ᠶᠢ ᠬᠤᠪᠢᠶᠠᠷᠢᠯᠠᠬᠤ ᠰᠠᠨᠠᠯ ᠢᠶᠠᠨ | ᠳᠤᠷᠠᠳᠤᠨ᠎ᠠ᠃ ᠥᠪᠡᠷᠲᠡᠭᠡᠨ ᠵᠠᠰᠠᠬᠤ ᠣᠷᠣᠨ ᠤ ᠱᠠᠲᠤᠨ ᠤ ᠪᠠ ᠪᠤᠭᠤᠲᠤ ᠬᠤᠲᠠ ᠶᠢᠨ ᠱᠠᠲᠤᠨ ᠤ ᠪᠠᠯᠠ | ᠮᠥᠩᠭᠦ ᠶᠢ ᠪᠣᠳᠠᠲᠠᠶᠢᠵᠢᠭᠤᠯᠤᠭᠰᠠᠨ ᠤ ᠳᠠᠷᠠᠭ᠎ᠠ᠂ ᠵᠢᠦ ᠱᠧᠩ ᠪᠦᠯᠦᠭᠯᠡᠯ ᠠᠴᠠ 2 ᠠᠵᠢᠯᠯᠠᠬᠤ ᠡᠳᠦᠷ ᠤᠨ | ᠳᠣᠲᠣᠷ᠎ᠠ ᠰᠢᠯᠵᠢᠭᠦᠯᠦᠨ ᠥᠭᠬᠦ ᠶᠢ ᠪᠡᠶᠡᠯᠡᠭᠦᠯᠦᠨ᠎ᠡ᠃ | ︵3︶ ᠰᠢᠯᠵᠢᠭᠦᠯᠦᠨ ᠥᠭᠬᠦ | ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ᠂ ᠵᠢᠦ ᠶᠣᠸᠠᠨ ᠲᠣᠭᠤᠷᠢᠭ ᠤᠨ ᠱᠠᠩᠨᠠᠯ ᠤᠨ ᠬᠡᠰᠡᠭ ᠢ | ᠴᠥᠮ ᠵᠢᠦ ᠱᠧᠩ ᠪᠦᠯᠦᠭᠯᠡᠯ ᠠᠴᠠ ᠠᠵᠤ ᠠᠬᠤᠶᠢᠯᠠᠯ ᠤᠨ ᠵᠢᠭᠠᠨ ᠲᠣᠭᠲᠠᠭᠠᠭᠰᠠᠨ ᠲᠠᠩᠰᠠ ᠨᠡᠭᠡᠭᠡᠭᠰᠡᠨ | ᠪᠠᠩᠬᠢ ᠶᠢᠨ ᠲᠠᠩᠰᠠᠨ ᠳᠤ ᠵᠣᠭᠤᠰ ᠰᠢᠯᠵᠢᠭᠦᠯᠦᠨ ᠥᠭᠭᠦᠨ᠎ᠡ᠃ | ︵ᠬᠤᠶᠠᠷ︶ ᠡᠯ᠎ᠡ ᠰᠠᠯᠠᠭ᠎ᠠ ᠮᠥᠴᠢᠷ ᠤᠨ ᠠᠵᠢᠯ ᠤᠨ ᠬᠤᠪᠢᠶᠠᠷᠢᠯᠠᠯ | ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠄ ᠬᠠᠮᠢᠶ᠎ᠠ ᠪᠥᠬᠦᠶ ᠠᠵᠤ ᠦᠢᠯᠡᠰ ᠤᠨ ᠢᠵᠢ | ᠪᠥᠷᠢᠳᠦᠭᠦᠯᠦᠨ ᠲᠡᠳᠬᠦᠬᠦ ᠲᠥᠷᠥ ᠶᠢᠨ ᠪᠣᠳᠣᠯᠭ᠎ᠠ ᠶᠢ ᠢᠳᠡᠪᠬᠢᠲᠡᠶ ᠲᠡᠮᠡᠴᠡᠨ ᠤᠯᠬᠤ᠂ ᠨᠢᠭᠡᠳᠦᠯᠲᠡᠶ ᠲᠥᠯᠥᠪᠯᠡᠨ | ᠵᠣᠬᠢᠴᠠᠭᠤᠯᠬᠤ ᠭᠠᠷᠳᠠᠮ ᠢ ᠭᠦᠢᠴᠡᠳᠭᠡᠬᠦ ᠵᠡᠷᠭᠡ ᠬᠠᠮᠢᠶ᠎ᠠ ᠪᠥᠬᠦᠶ ᠠᠵᠢᠯ ᠢ ᠬᠠᠷᠢᠭᠤᠴᠠᠵᠤ᠂ ᠨᠢᠭᠡᠨᠲᠡ | ᠠᠰᠢᠭᠯᠠᠯᠲᠠ ᠳᠤ ᠣᠷᠣᠭᠤᠯᠤᠭᠰᠠᠨ ᠪᠠ ᠠᠰᠢᠭᠯᠠᠯᠲᠠ ᠳᠤ ᠣᠷᠣᠭᠤᠯᠬᠤ ᠪᠠᠷ ᠪᠠᠶᠢᠭ᠎ᠠ ᠲᠥᠷᠥᠯ ᠵᠦᠢᠯ ᠤᠨ ᠲᠣᠤᠷ | ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠶᠢ ᠳᠡᠯᠭᠡᠷᠡᠭᠦᠯᠬᠦ ᠪᠠ ᠬᠡᠷᠡᠭᠯᠡᠬᠦ ᠠᠵᠢᠯ ᠢ ᠬᠥᠲᠥᠯᠦᠨ ᠵᠢᠯᠣᠭᠤᠳᠤᠨ᠎ᠠ︔ | ᠠᠵᠢᠯ ᠤᠨ ᠲᠤᠰᠬᠠᠶ ᠠᠩᠭᠢ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠄ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ᠂ ᠵᠢᠤ | ᠶᠤᠸᠠᠨ ᠲᠣᠭᠤᠷᠢᠭ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠨᠠᠶᠢᠳᠠᠪᠤᠷᠢᠵᠢᠭᠤᠯᠵᠤ᠂ | ᠳᠡᠭᠡᠳᠦ ᠱᠠᠲᠤᠨ ᠤ ᠰᠠᠯᠠᠭ᠎ᠠ ᠮᠥᠴᠢᠷ ᠠᠴᠠ ᠬᠠᠷᠠᠭᠠᠯᠵᠠᠯ ᠤᠨ ᠱᠠᠩᠨᠠᠵᠤ ᠲᠤᠰᠠᠯᠠᠬᠤ ᠲᠥᠷᠥ ᠶᠢᠨ ᠪᠣᠳᠣᠯᠭ᠎ᠠ ᠶᠢᠨ | ᠪᠠᠯᠠ ᠮᠥᠩᠭᠦ ᠶᠢ ᠢᠳᠡᠪᠬᠢᠲᠡᠶ ᠤᠯᠬᠤ ᠪᠠᠷ ᠴᠢᠷᠮᠠᠶᠢᠨ᠎ᠠ᠃ | ᠲᠣᠭᠤᠷᠢᠭ ᠤᠨ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ᠄ ᠲᠣᠭᠤᠷᠢᠭ ᠤᠨ ᠳᠣᠲᠣᠷᠠᠬᠢ | ᠡᠯ᠎ᠡ ᠦᠢᠯᠡᠳᠪᠦᠷᠢᠯᠡᠯ ᠤᠨ ᠬᠡᠯᠪᠡᠷᠢ ᠶᠢᠨ ᠠᠵᠤ ᠠᠬᠤᠶᠢᠯᠠᠯ ᠢ ᠵᠣᠬᠢᠴᠠᠭᠤᠯᠵᠤ᠂ ᠲᠣᠤᠷ ᠰᠦᠯᠵᠢᠶ᠎ᠡ ᠪᠠᠷ ᠪᠠᠷᠠᠭ᠎ᠠ | ᠲᠡᠭᠡᠭᠡᠪᠦᠷᠢᠯᠡᠬᠦ ᠲᠠᠪᠴᠠᠩ ᠪᠠ ᠲᠣᠤᠷ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠲᠤᠬᠠᠶᠢᠯᠠᠭᠰᠠᠨ ᠠᠵᠢᠯ ᠳᠤ ᠲᠣᠤᠷ | ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠲᠠᠪᠴᠠᠩ ᠢ ᠬᠡᠷᠡᠭᠯᠡᠬᠦ ᠶᠢ ᠢᠳᠡᠪᠬᠢᠲᠡᠶ ᠳᠡᠯᠭᠡᠷᠡᠭᠦᠯᠬᠦ ᠪᠠ ᠳᠥᠯᠭᠢᠨ | ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠬᠢ ᠲᠥᠷᠥ ᠶᠢᠨ ᠪᠣᠳᠣᠯᠭ᠎ᠠ ᠶᠢᠨ | ᠳᠡᠮᠵᠢᠯᠭᠡ ᠶᠢ ᠤᠯᠬᠤ ᠵᠡᠷᠭᠡ ᠠᠵᠢᠯ ᠢ ᠬᠠᠷᠢᠭᠤᠴᠠᠨ᠎ᠠ︔ ᠠᠵᠢᠯ ᠤᠨ ᠲᠤᠰᠬᠠᠶ ᠠᠩᠭᠢ ᠶᠢᠨ ᠲᠤᠰᠢᠶᠠᠭᠰᠠᠨ ᠪᠤᠰᠤᠳ | ᠠᠵᠢᠯ ᠢ ᠪᠡᠶᠡᠯᠡᠭᠦᠯᠦᠨ᠎ᠡ᠃ | ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠄ | ᠬᠤᠲᠠ ᠶᠢᠨ ᠵᠠᠮ ᠬᠠᠷᠢᠯᠴᠠᠭᠠᠨ ᠤ ᠲᠣᠪᠴᠢᠶ᠎ᠠ ᠲᠠᠢ ᠵᠣᠯᠭᠠᠭᠤᠯᠵᠤ᠂ ᠬᠢᠷᠢ ᠴᠢᠳᠠᠮᠵᠢ ᠲᠠᠢ ᠲᠣᠤᠷ ᠰᠦᠯᠵᠢᠶ᠎ᠡ ᠪᠠᠷ | ᠪᠠᠷᠠᠭ᠎ᠠ ᠲᠡᠭᠡᠭᠡᠪᠦᠷᠢᠯᠡᠬᠦ ᠠᠵᠤ ᠠᠬᠤᠶᠢᠯᠠᠯ ᠳᠤ ᠲᠣᠭᠲᠠᠭᠠᠯ ᠶᠣᠰᠣᠭᠠᠷ ᠬᠢᠨᠠᠯᠲᠠ ᠬᠠᠮᠢᠶᠠᠷᠤᠯᠲᠠ ᠶᠠᠪᠤᠭᠤᠯᠵᠤ᠂ | ᠲᠣᠭᠤᠷᠢᠭ ᠤᠨ ᠳᠣᠲᠣᠷᠠᠬᠢ ᠲᠡᠭᠡᠭᠡᠪᠦᠷᠢ ᠶᠢᠨ ᠠᠵᠤ ᠠᠬᠤᠶᠢᠯᠠᠯ ᠵᠢᠴᠢ ᠬᠠᠷᠢᠶ᠎ᠠ ᠲᠡᠷᠭᠡ ᠬᠥᠰᠬᠡ ᠶᠢ ᠬᠥᠲᠥᠯᠦᠨ | ᠵᠢᠯᠣᠭᠤᠳᠴᠤ ᠪᠠᠶᠢᠭᠠᠳ ᠲᠣᠤᠷ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠶᠡᠷᠦᠩᠬᠡᠶᠢᠯᠡᠭᠰᠡᠨ ᠦᠢᠯᠡᠴᠢᠯᠡᠭᠡᠨ ᠤ | ᠲᠠᠪᠴᠠᠩ ᠳᠡᠭᠡᠷ᠎ᠡ ᠳᠠᠩᠰᠠᠯᠠᠭᠤᠯᠤᠨ ᠭᠡᠷᠡᠴᠢᠯᠡᠭᠦᠯᠵᠦ᠂ ᠲᠣᠤᠷ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ | ᠲᠤᠬᠠᠶᠢᠯᠠᠭᠰᠠᠨ ᠠᠵᠢᠯ ᠢ ᠥᠷᠨᠢᠭᠦᠯᠦᠨ᠂ ᠲᠣᠤᠷ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠠᠵᠤ ᠠᠬᠤᠶᠢᠯᠠᠯ ᠳᠤ | ᠰᠠᠶᠢᠲᠤᠷ ᠦᠢᠯᠡᠴᠢᠯᠡᠵᠦ᠂ ᠪᠤᠭᠤᠲᠤ ᠬᠤᠲᠠ ᠶᠢᠨ ᠲᠣᠤᠷ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠶᠢ ᠬᠢᠨᠠᠨ | ᠬᠠᠮᠢᠶᠠᠷᠬᠤ ᠲᠠᠪᠴᠠᠩ ᠤᠨ ᠬᠢᠨᠠᠨ ᠬᠠᠮᠢᠶᠠᠷᠴᠤ ᠬᠢᠨᠠᠬᠤ ᠵᠢᠴᠢ ᠪᠤᠰᠤᠳ ᠬᠠᠮᠢᠶ᠎ᠠ ᠪᠥᠬᠦᠶ ᠠᠵᠢᠯ ᠢ ᠰᠠᠶᠢᠲᠤᠷ ᠬᠢᠨ᠎ᠠ᠃ | | ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠄ ᠠᠵᠢᠯ ᠤᠨ ᠲᠤᠰᠬᠠᠶ ᠠᠩᠭᠢ ᠶᠢᠨ ᠡᠳᠦᠷ | ᠲᠤᠲᠤᠮ ᠤᠨ ᠵᠣᠬᠢᠶᠠᠨ ᠪᠠᠶᠢᠭᠤᠯᠬᠤ᠂ ᠳᠣᠭᠢᠷᠠᠭᠤᠯᠬᠤ᠂ ᠵᠣᠬᠢᠴᠠᠭᠤᠯᠬᠤ ᠠᠵᠢᠯ ᠢ ᠬᠠᠷᠢᠭᠤᠴᠠᠵᠤ᠂ ᠲᠥᠷᠥᠯ | ᠵᠦᠢᠯ ᠢ ᠬᠡᠷᠡᠭᠵᠢᠭᠦᠯᠬᠦ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠵᠣᠬᠢᠴᠠᠭᠤᠯᠵᠤ᠂ ᠡᠯ᠎ᠡ | ᠵᠦᠢᠯ ᠤᠨ ᠪᠢᠴᠢᠭ ᠮᠠᠲ᠋ᠧᠷᠢᠶᠠᠯ ᠤᠨ ᠲᠦᠷᠢᠮ ᠢ ᠲᠦᠷᠦᠭᠦᠯᠡᠨ ᠲᠤᠭᠤᠷᠪᠢᠬᠤ ᠪᠠ ᠲᠣᠭᠲᠠᠭᠠᠵᠤ᠂ ᠲᠤᠰᠬᠠᠶ | ᠠᠩᠭᠢ ᠶᠢᠨ ᠠᠵᠢᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠠᠮᠢᠶ᠎ᠠ ᠪᠥᠬᠦᠶ ᠲᠤᠭ᠎ᠠ ᠪᠠᠷᠢᠮᠲᠠ ᠶᠢ | ᠴᠤᠭᠯᠠᠭᠤᠯᠤᠨ᠂ ᠡᠯ᠎ᠡ ᠲᠥᠷᠥᠯ ᠤᠨ ᠮᠡᠳᠡᠭᠦᠯᠬᠦ ᠬᠦᠰᠦᠨᠦᠭᠲᠦ ᠶᠢ ᠪᠦᠷᠢᠳᠬᠡᠨ ᠳᠡᠭᠡᠭᠰᠢ ᠮᠡᠳᠡᠭᠦᠯᠵᠦ᠂ ᠬᠤᠲᠠ ᠶᠢᠨ | ᠱᠠᠲᠤᠨ ᠤ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠠᠵᠢᠯ ᠤᠨ ᠲᠤᠰᠬᠠᠶ ᠠᠩᠭᠢ ᠲᠠᠢ ᠵᠣᠯᠭᠠᠭᠤᠯᠵᠤ᠂ ᠬᠠᠮᠢᠶ᠎ᠠ | ᠪᠥᠬᠦᠶ ᠰᠠᠯᠠᠭ᠎ᠠ ᠮᠥᠴᠢᠷ ᠢ ᠵᠣᠬᠢᠴᠠᠭᠤᠯᠤᠨ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠭᠤᠤᠯᠳᠠᠯᠭ᠎ᠠ ᠲᠠᠢ ᠠᠵᠢᠯ ᠢ | ᠪᠡᠶᠡᠯᠡᠭᠦᠯᠵᠦ᠂ ᠡᠯ᠎ᠡ ᠲᠥᠷᠥᠯ ᠤᠨ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠠᠵᠤ ᠠᠬᠤᠶᠢᠯᠠᠯ ᠵᠢᠴᠢ ᠪᠤᠰᠤᠳ | ᠬᠠᠮᠢᠶ᠎ᠠ ᠪᠥᠬᠦᠶ ᠠᠵᠤ ᠦᠢᠯᠡᠰ ᠤᠨ ᠠᠵᠤ ᠠᠬᠤᠶᠢᠯᠠᠯ ᠢ ᠲᠦᠷᠦᠭᠦᠯᠡᠨ ᠡᠯᠰᠡᠨ᠎ᠡ︔ ᠠᠵᠢᠯ ᠤᠨ ᠲᠤᠰᠬᠠᠶ | ᠠᠩᠭᠢ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠲᠣᠭᠤᠷᠢᠭ ᠤᠨ ᠮᠥᠩᠭᠦᠨ ᠭᠦᠢᠯᠭᠡᠭᠡᠨ ᠤ ᠠᠯᠪᠠᠨ ᠬᠡᠷ᠄ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ | ᠵᠣᠬᠢᠴᠠᠭᠤᠯᠤᠨ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠠᠵᠤ ᠠᠬᠤᠶᠢᠯᠠᠯ ᠳᠤ ᠵᠢᠭᠡᠯᠡᠯᠭᠡ ᠶᠢᠨ ᠳᠡᠮᠵᠢᠯᠭᠡ | ᠬᠠᠩᠭᠠᠨ᠎ᠠ︔ ᠮᠥᠩᠭᠦᠨ ᠭᠦᠢᠯᠭᠡᠭᠡᠨ ᠤ ᠪᠠᠶᠢᠭᠤᠯᠤᠮᠵᠢ ᠬᠢᠭᠡᠳ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠠᠵᠤ | ᠠᠬᠤᠶᠢᠯᠠᠯ ᠢ ᠵᠣᠬᠢᠴᠠᠭᠤᠯᠵᠤ ᠪᠠᠶᠢᠭᠠᠳ ᠰᠢᠨ᠎ᠡ ᠮᠥᠩᠭᠦᠨ ᠭᠦᠢᠯᠭᠡᠭᠡᠨ ᠤ ᠦᠢᠯᠡᠳᠭᠦᠨ ᠢ ᠬᠠᠮᠲᠤᠷᠠᠨ ᠨᠡᠭᠡᠭᠡᠨ | ᠬᠥᠭᠵᠢᠭᠦᠯᠵᠦ᠂ ᠮᠥᠩᠭᠦᠨ ᠭᠦᠢᠯᠭᠡᠭᠡᠨ ᠤ ᠠᠮᠢ ᠠᠬᠤᠶ ᠶᠢᠨ ᠬᠡᠯᠬᠢᠶᠡᠰᠦ ᠶᠢ ᠪᠣᠶ ᠪᠣᠯᠭᠠᠨ᠎ᠠ︔ ᠠᠵᠢᠯ ᠤᠨ ᠲᠤᠰᠬᠠᠶ | ᠠᠩᠭᠢ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠄ ᠲᠣᠭᠤᠷᠢᠭ ᠤᠨ ᠬᠠᠷᠢᠶ᠎ᠠ ᠠᠵᠤ ᠠᠬᠤᠶᠢᠯᠠᠯ ᠤᠨ | ᠡᠳ᠋ ᠤᠨ ᠶᠠᠪᠤᠳᠠᠯ ᠤᠨ ᠠᠵᠢᠯᠲᠠᠨ ᠳᠤ ᠲᠣᠤᠷ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠲᠥᠷᠥ ᠶᠢᠨ ᠪᠣᠳᠣᠯᠭ᠎ᠠ ᠶᠢ | ᠤᠬᠠᠭᠤᠯᠵᠤ᠂ ᠲᠣᠤᠷ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠲᠠᠪᠴᠠᠩ ᠪᠠ ᠲᠣᠤᠷ ᠰᠦᠯᠵᠢᠶ᠎ᠡ ᠪᠠᠷ ᠪᠠᠷᠠᠭ᠎ᠠ | ᠲᠡᠭᠡᠭᠡᠪᠦᠷᠢᠯᠡᠬᠦ ᠲᠤᠬᠠᠶᠢᠯᠠᠭᠰᠠᠨ ᠠᠵᠢᠯ ᠢ ᠲᠣᠤᠷ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠲᠠᠪᠴᠠᠩ ᠢᠶᠠᠷ | ᠶᠠᠪᠤᠬᠤ ᠶᠢ ᠮᠠᠨ ᠤ ᠣᠷᠣᠨ ᠤ ᠠᠵᠤ ᠠᠬᠤᠶᠢᠯᠠᠯ ᠢ ᠬᠠᠪᠰᠤᠷᠴᠤ ᠭᠠᠶᠢᠯᠢ ᠶᠢᠨ ᠶᠠᠪᠤᠳᠠᠯ ᠤᠨ ᠲᠦᠭᠰᠢᠭᠦᠷᠢ ᠶᠢ | ᠰᠡᠷᠭᠡᠶᠢᠯᠡᠨ᠎ᠡ᠃ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠬᠢᠵᠦ᠂ ᠫᠢᠶᠣᠣ ᠪᠠᠷᠢᠮᠲᠠ ᠪᠠ ᠲᠠᠩᠰᠠ | ᠬᠠᠷ᠎ᠠ ᠶᠢ ᠬᠢᠨᠠᠨ ᠬᠠᠷᠭᠤᠭᠤᠯᠬᠤ ᠠᠵᠢᠯ ᠢ ᠰᠠᠶᠢᠲᠤᠷ ᠬᠢᠵᠦ᠂ ᠲᠤᠬᠠᠶᠢᠯᠠᠭᠰᠠᠨ ᠠᠵᠢᠯ ᠤᠨ ᠬᠤᠳᠠᠯ ᠬᠠᠭᠤᠷᠮᠠᠭ᠂ | ᠭᠠᠶᠢᠯᠢ ᠶᠢᠨ ᠪᠠᠷᠢᠮᠲᠠ ᠶᠢ ᠬᠤᠳᠠᠯ ᠢᠶᠠᠷ ᠪᠢᠴᠢᠬᠦ ᠲᠦᠭᠰᠢᠭᠦᠷᠢ ᠶᠢ ᠰᠡᠷᠭᠡᠶᠢᠯᠡᠨ ᠬᠤᠷᠢᠭᠯᠠᠵᠤ᠂ ᠬᠡᠷᠡᠭ ᠠᠴᠠ ᠡᠮᠦᠨ᠎ᠡ | ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠨ᠎ᠠ᠃ | ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠄ ᠬᠠᠮᠢᠶ᠎ᠠ ᠪᠥᠬᠦᠶ ᠪᠠᠷᠠᠭᠠᠨ ᠤ ᠭᠦᠢᠯᠭᠡᠭᠡᠨ ᠤ ᠠᠵᠤ | ᠠᠬᠤᠶᠢᠯᠠᠯ ᠢ ᠰᠢᠮᠳᠠᠭᠤᠯᠵᠤ ᠪᠠᠶᠢᠭᠠᠳ ᠲᠡᠭᠡᠭᠡᠪᠦᠷᠢ ᠶᠢᠨ ᠲᠡᠷᠭᠡ ᠬᠥᠰᠬᠡ ᠶᠢᠨ ᠬᠠᠮᠢᠶᠠᠷᠤᠯᠲᠠ ᠶᠢᠨ ᠭᠤᠤᠯ | ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ︽ᠲᠣᠤᠷ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢ ᠶᠢᠨ | ᠲᠦᠷ ᠬᠡᠷᠡᠭᠵᠢᠭᠦᠯᠬᠦ ᠬᠠᠮᠢᠶᠠᠷᠤᠯᠲᠠ ᠶᠢᠨ ᠠᠷᠭ᠎ᠠ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ | ᠵᠠᠰᠠᠬᠤ ᠠᠷᠭ᠎ᠠ︾ ᠶᠢᠨ ᠶᠣᠰᠣᠭᠠᠷ ᠬᠤᠲᠠ ᠶᠢᠨ ᠵᠠᠮ ᠬᠠᠷᠢᠯᠴᠠᠭᠠᠨ ᠤ ᠲᠣᠪᠴᠢᠶ᠎ᠠ ᠲᠠᠢ ᠬᠠᠮᠵᠢᠯᠴᠠᠨ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠲᠡᠭᠡᠭᠡᠪᠦᠷᠢ ᠶᠢᠨ ᠲᠡᠷᠭᠡ ᠬᠥᠰᠬᠡ ᠶᠢ ᠬᠠᠤᠯᠢ ᠲᠣᠭᠲᠠᠭᠠᠯ ᠶᠣᠰᠣᠭᠠᠷ | ᠵᠠᠰᠠᠵᠤ᠂ ᠲᠡᠷᠭᠡ ᠬᠥᠰᠬᠡ ᠶᠢᠨ ᠭᠠᠷᠳᠠᠮ ᠵᠢᠴᠢ ᠵᠢᠯᠣᠭᠤᠴᠢ ᠶᠢᠨ ᠬᠢᠷᠢ ᠬᠡᠮ ᠤᠨ ᠬᠠᠤᠯᠢ ᠶᠣᠰᠣᠨ ᠤ | ᠲᠣᠭᠲᠠᠭᠠᠯ ᠳᠤ ᠨᠡᠶᠢᠴᠡᠬᠦ ᠴᠢᠨᠠᠷ ᠲᠤ ᠬᠢᠨᠠᠨ ᠪᠠᠶᠢᠴᠠᠭᠠᠯᠲᠠ ᠬᠢᠵᠦ᠂ ᠠᠰᠠᠭᠤᠳᠠᠯ ᠢ ᠢᠯᠡᠷᠡᠭᠦᠯᠦᠭᠰᠡᠨ ᠤ ᠳᠠᠷᠠᠭ᠎ᠠ | ᠵᠣᠬᠢᠴᠠᠭᠤᠯᠤᠨ ᠰᠢᠢᠳᠪᠦᠷᠢᠯᠡᠨ᠎ᠡ︔ ᠠᠵᠢᠯ ᠤᠨ ᠲᠤᠰᠬᠠᠶ ᠠᠩᠭᠢ ᠶᠢᠨ ᠲᠤᠰᠢᠶᠠᠭᠰᠠᠨ ᠪᠤᠰᠤᠳ ᠠᠵᠢᠯ ᠢ | ᠪᠡᠶᠡᠯᠡᠭᠦᠯᠦᠨ᠎ᠡ᠃ | ᠵᠢᠦ ᠱᠧᠩ ᠪᠦᠯᠦᠭᠯᠡᠯ᠄ ᠲᠣᠤᠷ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠱᠠᠩᠨᠠᠵᠤ ᠲᠤᠰᠠᠯᠠᠬᠤ ᠪᠠᠯᠠ | ᠮᠥᠩᠭᠦ ᠶᠢᠨ ᠲᠠᠲᠠᠭᠠᠯ ᠪᠠᠶᠢᠭᠤᠯᠬᠤ ᠶᠢ ᠬᠠᠷᠢᠭᠤᠴᠠᠵᠤ᠂ ᠲᠣᠤᠷ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠠᠵᠤ | ᠠᠬᠤᠶᠢᠯᠠᠯ ᠯᠤᠭ᠎ᠠ ᠬᠠᠮᠢᠶ᠎ᠠ ᠪᠥᠬᠦᠶ ᠰᠠᠯᠭᠠᠨ ᠥᠭᠬᠦ ᠵᠦᠢᠯᠡᠰ ᠢ ᠵᠣᠯᠭᠠᠭᠤᠯᠬᠤ ᠶᠢᠨ ᠬᠠᠮᠲᠤ ᠱᠠᠩᠨᠠᠵᠤ ᠲᠤᠰᠠᠯᠠᠬᠤ | ᠪᠠᠯᠠ ᠮᠥᠩᠭᠦ ᠶᠢ ᠰᠠᠯᠭᠠᠨ ᠥᠭᠬᠦ ᠶᠢ ᠪᠡᠶᠡᠯᠡᠭᠦᠯᠦᠨ᠎ᠡ︔ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠠᠵᠤ | ᠠᠬᠤᠶᠢᠯᠠᠯ ᠳᠤ ᠬᠡᠷ ᠪᠠᠶᠢᠰᠢᠩ ᠲᠦᠷᠢᠶᠡᠰᠦᠯᠡᠬᠦ᠂ ᠢᠵᠢ ᠪᠥᠷᠢᠳᠦᠭᠦᠯᠬᠦ ᠦᠢᠯᠡᠴᠢᠯᠡᠭᠡ ᠵᠡᠷᠭᠡ ᠠᠵᠢᠯ ᠢ ᠰᠠᠶᠢᠲᠤᠷ | ᠬᠢᠨ᠎ᠠ᠃ | ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠳ ᠠᠵᠢᠯᠯᠠᠬᠤ ᠳᠤᠭᠤᠶᠢᠯᠠᠩ ᠪᠠᠶᠢᠭᠤᠯᠵᠤ᠂ ᠲᠣᠰ ᠲᠣᠰ ᠤᠨ | ᠠᠵᠢᠯ ᠤᠨ ᠬᠤᠪᠢᠶᠠᠷᠢᠯᠠᠯ ᠶᠣᠰᠣᠭᠠᠷ ᠲᠤᠰᠬᠠᠶ ᠬᠥᠮᠦᠨ ᠳᠣᠭᠢᠷᠠᠭᠤᠯᠤᠨ ᠬᠠᠷᠢᠭᠤᠴᠠᠭᠤᠯᠵᠤ᠂ ᠬᠠᠷᠢᠭᠤᠴᠠᠯᠭ᠎ᠠ ᠶᠢ | ᠬᠥᠮᠦᠨ ᠳᠤᠨᠢ ᠨᠠᠶᠢᠳᠠᠪᠤᠷᠢᠵᠢᠭᠤᠯᠬᠤ ᠶᠢᠨ ᠬᠠᠮᠲᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠵᠣᠬᠢᠴᠠᠯᠳᠤᠨ | ᠬᠠᠮᠵᠢᠯᠴᠠᠬᠤ ᠶᠢ ᠴᠢᠩᠭᠠᠳᠬᠠᠵᠤ᠂ ᠲᠣᠤᠷ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠶᠢᠨ ᠱᠠᠩᠨᠠᠵᠤ ᠨᠥᠬᠦᠪᠥᠷᠢᠯᠡᠬᠦ | ᠪᠠᠯᠠ ᠮᠥᠩᠭᠦ ᠶᠢ ᠴᠠᠭ ᠲᠤᠬᠠᠶ ᠳᠤᠨᠢ ᠰᠣᠯᠢᠵᠤ ᠥᠭᠬᠦ ᠶᠢ ᠦᠨᠡᠨᠬᠦ ᠪᠠᠲᠤᠯᠠᠬᠤ ᠬᠡᠷᠡᠭᠲᠡᠶ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠬᠤᠯᠪᠣᠭᠳᠠᠯ ᠪᠥᠬᠦᠶ | ᠰᠠᠯᠠᠭ᠎ᠠ ᠮᠥᠴᠢᠷ ᠤᠳ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠶᠢ ᠬᠥᠭᠵᠢᠭᠦᠯᠬᠦ ᠠᠵᠢᠯ ᠳᠤ ᠢᠳᠡᠪᠬᠢᠲᠡᠶ | ᠣᠷᠣᠯᠴᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠤᠨ᠂ ᠲᠣᠰ ᠨᠢᠭᠡᠴᠡ ᠶᠢᠨ ᠢᠶᠠᠨ | ᠠᠵᠢᠯ ᠤᠨ ᠡᠭᠦᠷᠭᠡ ᠬᠠᠷᠢᠭᠤᠴᠠᠯᠭ᠎ᠠ ᠪᠠ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠰᠠᠶᠢᠲᠤᠷ | ᠨᠠᠶᠢᠳᠠᠪᠤᠷᠢᠵᠢᠭᠤᠯᠬᠤ ᠶᠢᠨ ᠬᠠᠮᠲᠤ᠂ ᠨᠢᠭᠡ ᠠᠵᠢᠯ ᠤᠨ ᠬᠠᠷᠢᠯᠴᠠᠭᠴᠢ ᠲᠣᠭᠲᠠᠭᠠᠵᠤ᠂ ᠰᠦᠯᠵᠢᠶ᠎ᠡ ᠪᠠᠷ ᠪᠠᠷᠠᠭ᠎ᠠ | ᠲᠡᠭᠡᠭᠡᠪᠦᠷᠢᠯᠡᠬᠦ ᠶᠢᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠬᠡᠷᠡᠭᠲᠡᠶ᠃ | ︵ᠬᠤᠶᠠᠷ︶ ᠠᠵᠢᠯ ᠤᠨ ᠬᠤᠯᠪᠣᠭᠠᠯᠠᠨ ᠬᠥᠳᠡᠯᠦᠯᠴᠡᠬᠦ ᠶᠢ ᠪᠣᠶ ᠪᠣᠯᠭᠠᠨ᠎ᠠ᠃ ᠡᠯ᠎ᠡ ᠬᠤᠯᠪᠣᠭᠳᠠᠯ ᠪᠥᠬᠦᠶ | ᠰᠠᠯᠠᠭ᠎ᠠ ᠮᠥᠴᠢᠷ ᠨᠢᠭᠡᠴᠡ ᠨᠦᠭᠦᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠣᠰ ᠠᠵᠢᠯ ᠲᠥᠷᠥᠯ ᠤᠨ | ᠣᠨᠴᠠᠯᠢᠭ ᠲᠠᠢ ᠪᠠᠨ ᠤᠶᠠᠯᠳᠤᠭᠤᠯᠤᠨ ᠲᠣᠰ ᠲᠣᠰ ᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠪᠠᠨ ᠢᠵᠢ | ᠪᠥᠷᠢᠳᠦᠭᠦᠯᠦᠨ ᠨᠠᠷᠢᠯᠢᠬᠵᠢᠭᠤᠯᠵᠤ᠂ ᠰᠠᠯᠠᠭ᠎ᠠ ᠮᠥᠴᠢᠷ ᠤᠳ ᠬᠤᠭᠤᠷᠣᠨᠳᠣ ᠪᠠᠨ ᠬᠤᠯᠪᠣᠭᠠᠯᠠᠨ ᠬᠥᠳᠡᠯᠦᠯᠴᠡᠬᠦ᠂ | ᠴᠤᠭᠭᠠᠷ ᠠᠳᠬᠤᠵᠤ ᠬᠠᠮᠲᠤᠪᠠᠷ ᠬᠠᠮᠢᠶᠠᠷᠬᠤ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠶ᠃ | ︵ᠭᠤᠷᠪᠠ︶ ᠳᠣᠭᠢᠷᠠᠭᠤᠯᠵᠤ ᠬᠢᠨᠠᠨ ᠵᠢᠯᠣᠭᠤᠳᠬᠤ ᠶᠢ ᠴᠢᠩᠭᠠᠷᠠᠭᠤᠯᠤᠨ᠎ᠠ᠃ ᠠᠵᠢᠯ ᠤᠨ ᠲᠣᠬᠢᠷᠠᠭᠤᠯᠬᠤ | ᠲᠣᠭᠲᠠᠴᠠ ᠶᠢ ᠪᠥᠷᠢᠨᠰᠢᠬᠦᠯᠥᠨ᠂ ᠲᠣᠬᠢᠷᠠᠭᠤᠯᠬᠤ ᠬᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯᠳᠤᠭᠤᠯᠤᠨ᠂ | ᠬᠠᠮᠢᠶ᠎ᠠ ᠪᠥᠬᠦᠢ ᠰᠠᠯᠠᠭ᠎ᠠ ᠮᠥᠴᠢᠷ ᠤᠨ ᠠᠵᠢᠯ ᠥᠷᠨᠢᠭᠦᠯᠵᠦ ᠪᠠᠶᠢᠭ᠎ᠠ ᠪᠠᠶᠢᠳᠠᠯ ᠢ ᠬᠢᠨᠠᠨ ᠵᠢᠯᠣᠭᠤᠳᠴᠤ᠂ ᠠᠵᠢᠯ ᠢ | ᠲᠥᠯᠬᠢᠨ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠵᠣᠬᠢᠴᠠᠭᠤᠯᠤᠨ | ᠰᠢᠢᠳᠪᠦᠷᠢᠯᠡᠬᠦ ᠬᠡᠷᠡᠭᠲᠡᠶ᠃ | ︵ᠳᠥᠷᠪᠡ︶ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠳᠬᠠᠨ᠎ᠠ᠃ ᠡᠯ᠎ᠡ ᠬᠤᠯᠪᠣᠭᠳᠠᠯ ᠪᠥᠬᠦᠶ | ᠰᠠᠯᠠᠭ᠎ᠠ ᠮᠥᠴᠢᠷ ᠤᠳ ᠣᠯᠠᠨ ᠵᠦᠢᠯ ᠤᠨ ᠠᠷᠭ᠎ᠠ ᠵᠠᠮ ᠢᠶᠠᠷ ᠲᠣᠤᠷ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ | ᠲᠠᠪᠴᠠᠩ ᠤᠨ ᠬᠥᠭᠵᠢᠯᠲᠡ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠥᠷᠭᠡᠨ ᠢᠶᠠᠷ ᠤᠬᠠᠭᠤᠯᠵᠤ᠂ ᠰᠠᠶᠢᠨ | ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠵᠤ᠂ ᠲᠣᠤᠷ ᠰᠦᠯᠵᠢᠶᠡᠨ ᠤ ᠪᠠᠷᠠᠭᠠᠨ ᠤ | ᠲᠡᠭᠡᠭᠡᠪᠦᠷᠢ ᠶᠢᠨ ᠲᠠᠪᠴᠠᠩ ᠤᠨ ᠠᠵᠤ ᠠᠬᠤᠶᠢᠯᠠᠯ ᠤᠨ ᠡᠷᠦᠬᠡ ᠠᠮᠠ ᠣᠷᠣᠬᠤ ᠶᠢ ᠵᠣᠷᠢᠭᠵᠢᠭᠤᠯᠤᠨ᠂ ᠲᠣᠤᠷ | ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠬᠦᠷᠢᠶ᠎ᠡ ᠬᠡᠪᠴᠢᠶ᠎ᠡ᠂ ᠨᠡᠷ᠎ᠡ ᠲᠡᠮᠳᠡᠭᠲᠦ ᠶᠢ ᠪᠤᠢ ᠪᠣᠯᠭᠠᠨ᠎ᠠ᠃ | ᠵᠢᠷᠭᠤᠭ᠎ᠠ᠂ ᠪᠤᠰᠤᠳ ᠵᠦᠢᠯ | 1᠂ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ᠂ ᠵᠢᠤ ᠶᠤᠸᠠᠨ ᠲᠣᠭᠤᠷᠢᠭ ᠤᠨ | ᠨᠡᠶᠢᠲᠡᠯᠡᠭᠰᠡᠨ ᠪᠤᠰᠤᠳ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠳᠤ ᠱᠠᠩᠨᠠᠬᠤ ᠳᠤ ᠬᠤᠯᠪᠣᠭᠳᠠᠬᠤ ᠮᠥᠷᠲᠡᠭᠡᠨ | ᠲᠣᠰ ᠲᠥᠰᠦᠯ ᠳᠠᠬᠢ ᠲᠥᠷᠥ ᠶᠢᠨ ᠪᠣᠳᠣᠯᠭ᠎ᠠ ᠯᠤᠭ᠎ᠠ ᠠᠳᠠᠯᠢ ᠴᠢᠨᠠᠷ ᠲᠠᠢ ᠠᠳᠠᠯᠢ ᠲᠥᠷᠥᠯ ᠳᠤ ᠬᠠᠷᠢᠶᠠᠯᠠᠭᠳᠠᠪᠠᠯ᠂ | ᠳᠠᠪᠬᠤᠷᠳᠠᠭᠤᠯᠤᠨ ᠱᠠᠩᠨᠠᠬᠤ ᠥᠬᠡᠶ᠂ ᠲᠣᠰ ᠲᠥᠰᠦᠯ ᠤᠨ ᠶᠣᠰᠣᠭᠠᠷ ᠬᠡᠷᠡᠭᠵᠢᠭᠦᠯᠦᠨ᠎ᠡ᠃ ︽ᠨᠢᠭᠡ ᠬᠡᠷᠡᠭ ᠢ ᠨᠢᠭᠡ | ᠵᠥᠪᠯᠡᠬᠦ︾ ᠠᠵᠤ ᠠᠬᠤᠶᠢᠯᠠᠯ ︵ᠲᠦᠰᠦᠯ︶ ᠢ ᠬᠤᠷᠰᠢᠬᠤ ᠬᠡᠯᠡᠯᠴᠡᠭᠡᠷ ᠲᠤ ᠪᠣᠯᠵᠣᠨ ᠲᠣᠭᠲᠠᠭᠰᠠᠨ ᠵᠦᠢᠯ | ᠵᠤᠷᠪᠤᠰ ᠤᠨ ᠶᠣᠰᠣᠭᠠᠷ ᠬᠡᠷᠡᠭᠵᠢᠭᠦᠯᠦᠨ᠎ᠡ᠃ | 2᠂ ᠲᠣᠰ ᠲᠥᠰᠦᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠬᠦᠴᠦᠨ ᠲᠠᠢ | ᠬᠤᠭᠤᠴᠠᠭ᠎ᠠ ᠨᠢ 2025 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠤᠨ᠎ᠠ᠃ ᠬᠡᠷᠡᠭᠵᠢᠭᠦᠯᠬᠦ | ᠶᠠᠪᠤᠴᠠ ᠳᠤ ᠬᠡᠷᠪᠡ ᠬᠠᠤᠯᠢ ᠴᠠᠭᠠᠵᠠ ᠬᠠᠤᠯᠢ ᠲᠣᠭᠲᠠᠭᠠᠯ ᠪᠠ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ | ᠲᠣᠬᠢᠷᠠᠭᠤᠯᠤᠯᠲᠠ ᠲᠣᠬᠢᠶᠠᠯᠳᠤᠪᠠᠯ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠳᠡᠭᠡᠳᠦ ᠱᠠᠲᠤᠨ ᠤ ᠲᠥᠷᠥ ᠶᠢᠨ | ᠪᠣᠳᠣᠯᠭ᠎ᠠ ᠪᠠᠷ ᠪᠠᠷᠢᠮᠵᠢᠶ᠎ᠠ ᠪᠣᠯᠭᠠᠨ᠎ᠠ᠃ | | | | | | | | |