ᠨᠡᠷᠡᠨ ᠤ ᠭᠡᠷᠡᠯ ᠳᠤ ᠬᠠᠶᠢᠷ᠎ᠠ ᠶᠢ ᠴᠤᠭᠴᠠᠯᠠᠨ᠂ ᠰᠡᠳᠬᠢᠯ ᠢ ᠳᠤᠯᠠᠭᠠᠯᠠᠬᠤ
ᠨᠡᠶᠢᠲᠡᠯᠡᠭᠰᠡᠨ ᠴᠠᠭ᠄
2024/1/11
C:\Users\Administrator\Desktop\新闻照片\11.jpg
    ᠳᠤᠮᠳᠠᠳᠤ ᠶᠢᠨ ᠦᠨᠳᠦᠰᠦᠲᠡᠨ ᠤ ᠵᠡᠮᠳᠡᠭᠴᠦᠳ ᠢ ᠲᠡᠳᠬᠦᠵᠦ ᠵᠡᠮᠳᠡᠭᠴᠦᠳ ᠢ ᠲᠤᠰᠠᠯᠠᠬᠤ ᠰᠢᠯᠢᠳᠡᠭ ᠤᠯᠠᠮᠵᠢᠯᠠᠯ ᠢ ᠶᠡᠬᠡᠪᠡᠷ ᠪᠠᠳᠠᠷᠠᠭᠤᠯᠬᠤ ᠶᠢᠨ ᠲᠥᠯᠥᠭᠡ᠂ ᠬᠠᠷᠢᠶᠠᠲᠤ ᠣᠷᠣᠨ ᠳᠤ ᠵᠡᠮᠳᠡᠭᠴᠦᠳ ᠢ ᠬᠦᠨᠳᠦᠳᠬᠡᠬᠦ᠂ ᠣᠶᠢᠯᠠᠭᠠᠬᠤ᠂ ᠬᠠᠯᠠᠮᠵᠢᠯᠠᠨ ᠬᠠᠶᠢᠷᠠᠯᠠᠬᠤ᠂ ᠬᠠᠪᠰᠤᠷᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ 1 ᠰᠠᠷ᠎ᠠ ᠶᠢᠨ 9᠎ ᠤ ᠡᠳᠦᠷ᠂ ᠰᠠᠷᠠᠭᠤᠯ ᠵᠡᠭᠡᠯᠢ ᠶᠢᠨ ᠵᠡᠮᠳᠡᠭᠴᠦᠳ ᠤᠨ ᠬᠤᠯᠪᠣᠭ᠎ᠠ ᠶᠢᠨ ᠬᠢᠨ ︽ᠨᠡᠷᠡᠨ ᠤ ᠭᠡᠷᠡᠯ ᠳᠤ ᠬᠠᠶᠢᠷ᠎ᠠ ᠶᠢ ᠴᠤᠭᠴᠠᠯᠠᠨ᠂ ᠰᠡᠳᠬᠢᠯ ᠢ ᠳᠤᠯᠠᠭᠠᠯᠠᠬᠤ︾ ᠵᠡᠮᠳᠡᠭᠴᠦᠳ ᠲᠤ ᠲᠤᠰᠠᠯᠠᠬᠤ ᠪᠠᠭᠠᠵᠢ ᠬᠡᠷᠡᠭᠰᠡᠯ ᠢ ᠲᠦᠭᠡᠭᠡᠬᠦ ᠠᠵᠢᠯᠯᠠᠭ᠎ᠠ ᠥᠷᠨᠢᠭᠦᠯᠵᠦ᠂ ᠬᠠᠷᠢᠶᠠᠲᠤ ᠣᠷᠣᠨ ᠤ ᠵᠡᠮᠳᠡᠭᠴᠦᠳ ᠲᠤ ᠬᠦᠷᠳᠦᠲᠦ ᠰᠠᠨᠳᠠᠯᠢ᠂ ᠲᠤᠰᠠᠯᠠᠬᠤ ᠪᠠᠭᠠᠵᠢ᠂ ᠰᠠᠭᠤᠬᠤ ᠳᠤ ᠳᠥᠭᠦᠮ ᠰᠠᠨᠳᠠᠯᠢ ᠵᠡᠷᠭᠡ ᠲᠤᠰᠠᠯᠠᠬᠤ ᠪᠠᠭᠠᠵᠢ ᠬᠡᠷᠡᠭᠰᠡᠯ ᠢ ᠲᠦᠭᠡᠭᠡᠵᠦ᠂ ᠲᠡᠳᠡᠨ ᠳᠤ ᠬᠠᠶᠢᠷ᠎ᠠ ᠬᠠᠯᠠᠮᠵᠢ ᠬᠦᠷᠭᠡᠵᠦ᠂ ᠲᠡᠳᠡᠨ ᠢ ᠬᠠᠪᠰᠤᠷᠤᠨ ᠨᠡᠶᠢᠭᠡᠮ ᠤᠨ ᠠᠮᠢᠳᠤᠷᠠᠯ ᠳᠤ ᠨᠡᠩ ᠰᠠᠶᠢᠨ ᠣᠷᠣᠯᠴᠠᠭᠤᠯᠵᠠᠢ
C:\Users\Administrator\Desktop\新闻照片\12.jpg
    ᠠᠵᠢᠯᠯᠠᠭ᠎ᠠ ᠶᠢᠨ ᠳᠤᠮᠳᠠ ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠣᠭ᠎ᠠ ᠠᠴᠠ ᠵᠡᠮᠳᠡᠭᠴᠦᠳ ᠲᠤ 7 ᠲᠤᠰᠠᠯᠠᠬᠤ ᠪᠠᠭᠠᠵᠢ ᠬᠡᠷᠡᠭᠰᠡᠯ ᠲᠦᠭᠡᠭᠡᠵᠦ᠂ ᠡᠭᠦᠨ ᠳᠤ ᠬᠦᠷᠳᠦᠲᠦ ᠰᠠᠨᠳᠠᠯᠢ 3᠂ ᠲᠤᠰᠠᠯᠠᠬᠤ ᠪᠠᠭᠠᠵᠢ 1᠂ ᠰᠤᠯᠠ ᠰᠠᠨᠳᠠᠯᠢ 2᠂ ᠥᠷᠥᠭᠡᠰᠦᠨ ᠬᠥᠯᠲᠦ ᠲᠠᠶᠠᠭ 1 ᠪᠣᠶ᠃ ᠲᠠᠷᠬᠠᠭᠠᠯᠲᠠ ᠶᠢᠨ ᠲᠤᠬᠠᠶ ᠶᠢᠨ ᠲᠠᠯᠠᠪᠤᠷ ᠲᠤ᠂ ᠠᠵᠢᠯᠲᠠᠳ ᠲᠤᠰᠠᠯᠠᠬᠤ ᠪᠠᠭᠠᠵᠢ ᠶᠢᠨ ᠬᠡᠷᠡᠭᠯᠡᠬᠦ ᠠᠷᠭ᠎ᠠ ᠪᠠ ᠠᠩᠬᠠᠷᠬᠤ ᠵᠦᠢᠯ ᠵᠢᠴᠢ ᠬᠡᠷᠡᠭᠯᠡᠬᠦ ᠶᠠᠪᠤᠴᠠ ᠳᠠᠬᠢ ᠠᠮᠤᠷ ᠲᠦᠪᠰᠢᠨ ᠤ ᠠᠰᠠᠭᠤᠳᠠᠯ ᠢ ᠨᠠᠷᠢᠨ ᠲᠠᠶᠢᠯᠪᠤᠷᠢᠯᠠᠪᠠ᠃    ᠳᠠᠷᠠᠭᠠᠴᠢ ᠶᠢᠨ ᠠᠯᠬᠤᠮ ᠳᠤ᠂ ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠣᠭ᠎ᠠ ᠶᠢᠨ ᠬᠢᠨ ᠵᠡᠮᠳᠡᠭᠴᠦᠳ ᠤᠨ ᠬᠠᠮᠲᠤᠯᠢᠭ ᠢ ᠰᠤᠷᠪᠤᠯᠵᠢᠯᠠᠬᠤ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠡᠷᠦᠭᠡ ᠳᠤ ᠬᠦᠷᠴᠦ ᠰᠤᠷᠪᠤᠯᠵᠢᠯᠠᠬᠤ ᠪᠠᠷ ᠳᠠᠮᠵᠢᠭᠤᠯᠵᠤ᠂ ᠵᠡᠮᠳᠡᠭᠴᠦᠳ ᠤᠨ ᠭᠡᠷ ᠪᠦᠯᠢ ᠳᠤ ᠲᠤᠯᠭᠠᠷᠠᠵᠤ ᠪᠠᠶᠢᠭ᠎ᠠ ᠳᠤᠪᠤᠶᠢᠮ᠎ᠠ ᠬᠦᠴᠢᠷᠳᠡᠯ ᠪᠣᠯᠤᠨ ᠲᠤᠯᠭᠠᠮ᠎ᠠ ᠬᠡᠷᠡᠭᠴᠡᠭᠡ ᠶᠢ ᠣᠶᠢᠯᠠᠭᠠᠵᠤ᠂ ᠡᠯ᠎ᠡ ᠵᠦᠢᠯ ᠤᠨ ᠳᠦᠷᠦ ᠶᠢᠨ ᠪᠤᠳᠤᠯᠭ᠎ᠠ ᠶᠢ ᠥᠷᠭᠡᠨ ᠢᠶᠠᠷ ᠤᠬᠠᠭᠤᠯᠵᠤ᠂ ᠵᠡᠮᠳᠡᠭᠴᠦᠳ ᠤᠨ ᠭᠡᠷ ᠪᠦᠯᠢ ᠶᠢᠨ ᠠᠩᠬᠠᠷᠴᠤ ᠪᠠᠶᠢᠭ᠎ᠠ ᠠᠰᠠᠭᠤᠳᠠᠯ ᠳᠤ ᠢᠳᠡᠪᠬᠢᠲᠡᠢ ᠬᠠᠷᠢᠭᠤᠯᠲᠠ ᠥᠭᠴᠦ᠂ ᠵᠡᠮᠳᠡᠭᠴᠦᠳ ᠲᠤ ᠨᠡᠩ ᠰᠠᠶᠢᠨ ᠦᠢᠯᠡᠴᠢᠯᠡᠭᠡ ᠬᠠᠩᠭᠠᠬᠤ ᠪᠠᠷ ᠴᠢᠷᠮᠠᠶᠢᠵᠤ᠂ ᠳᠡᠳᠡᠨ ᠤ ᠪᠣᠳᠠᠲᠠᠢ ᠬᠦᠴᠢᠷᠳᠡᠯ ᠢ ᠦᠨᠡᠨᠬᠦ ᠰᠢᠢᠳᠪᠦᠷᠢᠯᠡᠵᠦ ᠥᠭᠭᠦᠨ᠎ᠡ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号