ᠬᠤᠭ ᠨᠣᠪᠰᠢ ᠶᠢ ᠲᠥᠷᠥᠯ ᠬᠤᠪᠢᠶᠠᠨ ᠪᠣᠬᠢᠷᠲᠤᠯ ᠥᠬᠡᠶ ᠠᠮᠢᠳᠤᠷᠠᠯ ᠢ ᠬᠠᠮᠲᠤᠪᠠᠷ ᠴᠣᠭᠴᠠᠯᠠᠨ᠎ᠠ— ᠵᠢᠩ ᠹᠦ᠋ ᠭᠡᠷ ᠬᠤᠷᠢᠶᠠᠯᠠᠯ ᠤᠨ ᠬᠢᠨ ᠬᠤᠭ ᠨᠣᠪᠰᠢ ᠶᠢ ᠲᠦᠷᠦᠯ ᠬᠤᠪᠢᠶᠠᠬᠤ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/1/16
C:\Users\Administrator\Desktop\新闻照片\40.jpg
    ᠵᠥᠪ ᠣᠨᠣᠪᠴᠢᠲᠠᠶ ᠬᠤᠭ ᠨᠣᠪᠰᠢ ᠶᠢ ᠲᠦᠷᠦᠯ ᠬᠤᠪᠢᠶᠠᠬᠤ ᠨᠢ ᠪᠢᠳᠡᠨ ᠤ ᠡᠬᠢ ᠪᠠᠶᠠᠯᠢᠭ ᠢ ᠪᠦᠷᠢᠯᠭᠡᠨ ᠰᠦᠢᠳᠬᠡᠬᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠣᠷᠴᠢᠨ ᠠᠬᠤᠶ ᠶᠢᠨ ᠪᠣᠬᠢᠷᠲᠤᠯ ᠢ ᠪᠠᠭᠠᠰᠬᠠᠬᠤ ᠶᠢᠨ ᠬᠠᠮᠲᠤ ᠪᠠᠰᠠ ᠦᠷᠭᠦᠯᠵᠢᠯᠡᠬᠦ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠳᠤ ᠠᠰᠢᠭᠲᠠᠶ ᠶᠤᠮ︕    ᠭᠡᠷ ᠬᠤᠷᠢᠶᠠᠯᠠᠯ ᠤᠨ ᠰᠠᠭᠤᠭᠠᠯᠢ ᠠᠷᠠᠳ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠵᠡᠯ ᠤᠬᠠᠮᠰᠠᠷ ᠢ ᠳᠡᠭᠡᠭᠰᠢᠯᠡᠭᠦᠯᠵᠦ᠂ ᠬᠤᠭ ᠨᠣᠪᠰᠢ ᠶᠢ ᠲᠥᠷᠥᠯ ᠬᠤᠪᠢᠶᠠᠬᠤ ᠦᠵᠡᠯᠲᠡ ᠶᠢ ᠴᠢᠩᠭᠠᠳᠬᠠᠵᠤ᠂ ᠬᠤᠭ ᠨᠣᠪᠰᠢ ᠶᠢ ᠲᠥᠷᠥᠯ ᠬᠤᠪᠢᠶᠠᠬᠤ ᠰᠠᠶᠢᠨ ᠰᠠᠶᠢᠬᠠᠨ ᠳᠠᠳᠬᠠᠯ ᠢ ᠪᠣᠶ ᠪᠣᠯᠭᠠᠬᠤ ᠶᠢᠨ ᠲᠤᠰᠠᠳᠠ᠂ ︽ᠪᠣᠬᠢᠷᠲᠤᠯ ᠥᠬᠡᠶ᠂ ᠨᠡᠭᠦᠷᠡᠰᠦᠲᠥ᠋ᠷᠥᠭᠴᠢ ᠪᠠᠭ᠎ᠠ᠂ ᠣᠷᠴᠢᠨ ᠲᠣᠭᠤᠷᠢᠨ ᠢ ᠬᠠᠮᠠᠭᠠᠯᠠᠬᠤ︾ ᠠᠮᠢᠳᠤᠷᠠᠯ ᠤᠨ ᠣᠨᠣᠯᠵᠢᠬᠤᠨ ᠢ ᠦᠢᠯᠡᠳᠦᠯᠭᠡᠵᠢᠭᠦᠯᠤᠨ᠎ᠠ᠃ ᠣᠶᠢᠷ᠎ᠠ ᠳᠤ᠂ ᠵᠢᠩ ᠹᠦ᠋ ᠭᠡᠷ ᠬᠤᠷᠢᠶᠠᠯᠠᠯ ᠤᠨ ᠬᠢᠨ ᠬᠠᠷᠢᠶᠠᠲᠤ ᠣᠷᠣᠨ ᠤ ᠪᠠᠨ ᠰᠠᠭᠤᠭᠠᠯᠢ ᠠᠷᠠᠳ ᠢ ᠵᠣᠬᠢᠶᠠᠨ ᠪᠠᠶᠢᠭᠤᠯᠵᠤ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃
C:\Users\Administrator\Desktop\新闻照片\41.jpg
    ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠳᠤᠮᠳᠠ᠂ ᠭᠡᠷ ᠬᠤᠷᠢᠶᠠᠯᠠᠯ ᠤᠨ ᠠᠵᠢᠯᠲᠠᠳ ᠡᠳᠦᠷ ᠳᠤᠳᠤᠮ ᠤᠨ ᠠᠮᠢᠳᠤᠷᠠᠯ ᠳᠤᠮᠳᠠ ᠬᠤᠭ ᠨᠣᠪᠰᠢ ᠶᠢ ᠬᠡᠷᠬᠢᠨ ᠤᠨᠢᠨ ᠳᠡᠭᠡᠷ᠎ᠡ ᠨᠢ ᠲᠦᠷᠦᠯ ᠬᠤᠪᠢᠶᠠᠬᠤ᠂ ᠬᠤᠭ ᠨᠣᠪᠰᠢ ᠶᠢ ᠲᠦᠷᠦᠯ ᠬᠤᠪᠢᠶᠠᠬᠤ ᠶᠢᠨ ᠠᠴᠢ ᠬᠤᠯᠪᠣᠭᠳᠠᠯ᠂ ᠭᠡᠷ ᠪᠦᠯᠢ ᠶᠢᠨ ᠬᠤᠭ ᠨᠣᠪᠰᠢ ᠶᠢ ᠲᠦᠷᠦᠯ ᠬᠤᠪᠢᠶᠠᠬᠤ ᠶᠢᠨ ᠲᠠᠰᠢᠶᠠᠷᠠᠯ ᠣᠷᠣᠨ᠂ ᠬᠤᠭ ᠨᠣᠪᠰᠢ ᠶᠢ ᠲᠦᠷᠦᠯ ᠬᠤᠪᠢᠶᠠᠬᠤ ᠦᠭᠡᠢ ᠶᠢᠨ ᠣᠷᠴᠢᠨ ᠲᠣᠭᠤᠷᠢᠨ ᠪᠣᠯᠤᠨ ᠬᠥᠮᠦᠨ ᠲᠥᠷᠥᠯᠬᠢᠲᠡᠨ ᠳᠤ ᠤᠴᠠᠷᠠᠭᠤᠯᠬᠤ ᠬᠤᠣᠷ ᠬᠥᠨᠥᠭᠡᠯ ᠵᠢᠴᠢ ᠬᠤᠭ ᠨᠣᠪᠰᠢ ᠶᠢ ᠡᠷᠳᠡᠨᠢ ᠪᠣᠯᠭᠠᠨ ᠬᠤᠪᠢᠷᠠᠭᠤᠯᠬᠤ ᠵᠡᠷᠭᠡ ᠮᠡᠳᠡᠯᠭᠡ ᠶᠢ ᠤᠯᠠᠨ ᠳᠤ ᠲᠠᠶᠢᠯᠪᠤᠷᠢᠯᠠᠵᠤ ᠥᠭᠴᠡᠢ᠃
C:\Users\Administrator\Desktop\新闻照片\42.jpg
    ᠠᠵᠢᠯᠯᠠᠭ᠎ᠠ ᠶᠢᠨ ᠳᠤᠮᠳᠠ ᠪᠠᠰᠠ ᠰᠠᠭᠤᠭᠠᠯᠢ ᠠᠷᠠᠳ ᠲᠤ ᠬᠤᠭ ᠨᠣᠪᠰᠢ ᠶᠢ ᠲᠦᠷᠦᠯ ᠬᠤᠪᠢᠶᠠᠬᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠰᠠᠭᠤᠭᠠᠯᠢ ᠠᠷᠠᠳ ᠲᠤ ᠬᠤᠭ ᠨᠣᠪᠰᠢ ᠶᠢ ᠲᠦᠷᠦᠯ ᠬᠤᠪᠢᠶᠠᠬᠤ ᠮᠡᠳᠡᠯᠭᠡ ᠶᠢ ᠤᠢᠢᠯᠠᠭᠠᠭᠤᠯᠵᠤ᠂ ᠠᠮᠢᠳᠤᠷᠠᠯ ᠳᠤ ᠬᠤᠭ ᠨᠣᠪᠰᠢ ᠶᠢ ᠲᠦᠷᠦᠯ ᠬᠤᠪᠢᠶᠠᠬᠤ ᠶᠢ ᠢᠳᠡᠪᠬᠢᠲᠡᠢ ᠦᠢᠯᠡᠳᠦᠯᠭᠡᠵᠢᠭᠦᠯᠬᠦ ᠶᠢᠨ ᠬᠠᠮᠲᠤ ᠲᠡᠳᠡᠨ ᠤ ᠬᠤᠶᠢᠰᠢᠳᠠ ᠠᠮᠢᠳᠤᠷᠠᠯ ᠳᠤᠮᠳᠠ ᠪᠠᠨ ᠬᠤᠭ ᠨᠣᠪᠰᠢ ᠶᠢ ᠲᠦᠷᠦᠯ ᠬᠤᠪᠢᠶᠠᠬᠤ ᠬᠠᠮᠢᠶ᠎ᠠ ᠪᠦᠬᠦᠢ ᠮᠡᠳᠡᠯᠭᠡ ᠶᠢ ᠰᠠᠨᠠᠭᠠᠴᠢᠯᠠᠭ᠎ᠠ ᠠᠴᠠ ᠪᠠᠨ ᠰᠤᠷᠤᠯᠴᠠᠬᠤ ᠶᠢ ᠵᠣᠷᠢᠭᠵᠢᠭᠤᠯᠵᠤ᠂ ᠥᠪᠡᠷ ᠤᠨ ᠠᠵᠢᠯᠯᠠᠭ᠎ᠠ ᠪᠠᠷ ᠢᠶᠠᠨ ᠳᠡᠷᠭᠡᠳᠡᠬᠢ ᠨᠡᠩ ᠤᠯᠠᠨ ᠬᠥᠮᠦᠰ ᠲᠤ ᠦᠯᠢᠭᠡᠷ ᠳᠠᠭᠤᠷᠢᠶᠠᠯ ᠦᠵᠡᠭᠦᠯᠵᠦ᠂ ᠪᠣᠬᠢᠷᠲᠤᠯ ᠦᠭᠡᠢ ᠤᠢᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠵᠠᠢ᠃
C:\Users\Administrator\Desktop\新闻照片\43.jpg
    ᠲᠤᠰ ᠤᠳᠠᠭᠠᠨ ᠤ ᠬᠤᠭ ᠨᠣᠪᠰᠢ ᠶᠢ ᠲᠥᠷᠥᠯ ᠬᠤᠪᠢᠶᠠᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠪᠠᠷ ᠳᠠᠮᠵᠢᠭᠤᠯᠤᠨ᠂ ᠰᠠᠭᠤᠭᠠᠯᠢ ᠠᠷᠠᠳ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢ ᠡᠵᠡᠮᠰᠢᠭᠰᠡᠨ ᠢᠶᠠᠷ ᠪᠠᠷᠠᠬᠤ ᠦᠭᠡᠶ᠂ ᠪᠠᠰᠠ ᠬᠤᠭ ᠨᠣᠪᠰᠢ ᠶᠢ ᠲᠥᠷᠥᠯ ᠬᠤᠪᠢᠶᠠᠬᠤ ᠶᠢᠨ ᠴᠢᠬᠤᠯᠠ ᠴᠢᠨᠠᠷ ᠢ ᠲᠠᠨᠢᠵᠤ᠂ ᠡᠭᠦᠨ ᠤ ᠬᠠᠮᠲᠤ ᠡᠨᠡᠬᠦ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠠᠵᠢᠯᠯᠠᠭ᠎ᠠ ᠶᠢ ᠲᠦᠢᠯ ᠢᠶᠠᠷ ᠳᠡᠮᠵᠢᠵᠦ᠂ ︽ᠬᠤᠭ ᠨᠣᠪᠰᠢ ᠶᠢ ᠲᠦᠷᠦᠯ ᠬᠤᠪᠢᠶᠠᠬᠤ︾ ᠦᠢᠯᠡᠳᠦᠯᠭᠡᠵᠢᠭᠦᠯᠦᠭᠴᠢ ᠪᠣᠯᠬᠤ ᠪᠠᠷ ᠪᠠᠷᠠᠬᠤ ᠦᠭᠡᠢ᠂ ᠪᠠᠰᠠ ᠢᠳᠡᠪᠬᠢᠲᠡᠢ ᠪᠠᠷ ᠰᠠᠨᠠᠭᠠᠴᠢᠯᠠᠭ᠎ᠠ ᠠᠴᠠ ᠪᠠᠨ ᠣᠷᠴᠢᠨ ᠲᠣᠭᠤᠷᠢᠨ ᠢ ᠬᠠᠮᠠᠭᠠᠯᠠᠬᠤ ᠤᠬᠠᠭᠤᠯᠭ᠎ᠠ ᠶᠢᠨ ᠡᠩᠨᠡᠭᠡ ᠳᠤ ᠣᠷᠣᠯᠴᠠᠵᠤ᠂ ᠨᠡᠩ ᠤᠯᠠᠨ ᠬᠥᠷᠰᠢ ᠵᠡᠷᠭᠡᠯᠡᠳᠡᠭᠡ ᠶᠢᠨ ᠬᠤᠭ ᠨᠣᠪᠰᠢ ᠶᠢ ᠲᠦᠷᠦᠯ ᠬᠤᠪᠢᠶᠠᠬᠤ ᠶᠢ ᠦᠢᠯᠡᠳᠦᠯᠭᠡᠵᠢᠭᠦᠯᠬᠦ ᠠᠵᠢᠯᠯᠠᠭ᠎ᠠ ᠳᠤ ᠢᠳᠡᠪᠬᠢᠲᠡᠢ ᠣᠷᠣᠯᠴᠠᠬᠤ ᠶᠢ ᠠᠬᠢᠭᠤᠯᠵᠤ᠂ ᠬᠤᠭ ᠨᠣᠪᠰᠢ ᠶᠢ ᠲᠦᠷᠦᠯ ᠬᠤᠪᠢᠶᠠᠬᠤ ᠰᠠᠶᠢᠨ ᠳᠠᠳᠬᠠᠯ ᠢ ᠪᠤᠢ ᠪᠣᠯᠭᠠᠵᠤ᠂ ︽ᠪᠣᠬᠢᠷᠲᠤᠯ ᠦᠭᠡᠢ ᠭᠡᠷ ᠬᠤᠷᠢᠶᠠᠯᠠᠯ︾᠎ ᠤᠨ ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠲᠤᠪᠠᠷ ᠡᠭᠦᠳᠦᠨ ᠪᠠᠶᠢᠭᠤᠯᠬᠤ ᠬᠡᠷᠡᠭᠲᠡᠢ ᠭᠡᠵᠦ ᠢᠯᠡᠳᠬᠡᠵᠡᠢ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号