ᠨᠢᠳᠦᠨ ᠤ ᠰᠠᠯᠠᠭᠠᠨ ᠤ ᠵᠢᠷᠤᠮ ᠤᠨ ᠡᠮᠴᠢᠯᠡᠭᠡ ᠭᠡᠷ ᠬᠤᠷᠢᠶᠠᠯᠠᠯ ᠳᠤ ᠣᠷᠣᠵᠤ ᠰᠠᠭᠤᠭᠠᠯᠢ ᠠᠷᠠᠳ ᠤᠨ ᠰᠡᠳᠬᠢᠯ ᠢ ᠳᠤᠯᠠᠭᠠᠴᠠᠭᠤᠯᠪᠠ
ᠨᠡᠶᠢᠲᠡᠯᠡᠭᠰᠡᠨ ᠴᠠᠭ᠄
2024/1/16
C:\Users\Administrator\Desktop\新闻照片\33.jpg
    ᠬᠠᠷᠢᠶᠠᠨ ᠤ ᠲᠣᠭᠤᠷᠢᠭ ᠤᠨ ᠰᠠᠭᠤᠭᠠᠯᠢ ᠠᠷᠠᠳ ᠤᠨ ᠨᠢᠳᠦ ᠪᠠᠨ ᠬᠠᠶᠢᠷᠠᠯᠠᠬᠤ᠂ ᠨᠢᠳᠦ ᠪᠠᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠨᠢᠳᠦᠨ ᠤ ᠡᠷᠡᠭᠦᠯ ᠮᠡᠨᠳᠦ ᠶᠢ ᠠᠩᠬᠠᠷᠬᠤ ᠶᠢ ᠤᠷᠢᠶᠠᠯᠠᠬᠤ ᠶᠢᠨ ᠲᠥᠯᠥᠭᠡ᠂ 1 ᠰᠠᠷ᠎ᠠ ᠶᠢᠨ 11᠎ ᠤ ᠦᠳᠡ ᠶᠢᠨ ᠡᠮᠦᠨ᠎ᠡ᠂ ᠶᠤᠸᠠᠨ ᠵᠧᠦ  ᠭᠡᠷ ᠬᠤᠷᠢᠶᠠᠯᠠᠯ ᠤᠨ ᠬᠢᠨ ᠴᠤᠤ ᠵᠢᠤᠢ ᠨᠢᠳᠦᠨ ᠤ ᠰᠠᠯᠠᠭ᠎ᠠ ᠲᠠᠢ ᠬᠠᠮᠲᠤᠷᠠᠨ ᠨᠢᠳᠦᠨ ᠤ ᠡᠷᠡᠭᠦᠯ ᠮᠡᠨᠳᠦ ᠶᠢ ᠬᠠᠯᠠᠮᠵᠢᠯᠠᠨ ᠬᠠᠶᠢᠷᠠᠯᠠᠬᠤ᠂ ᠭᠡᠭᠡᠨ ᠰᠠᠷᠠᠭᠤᠯ ᠢ ᠳᠤᠯᠠᠭᠠᠯᠠᠬᠤ ᠠᠵᠢᠯᠯᠠᠭ᠎ᠠ ᠶᠢ ᠥᠷᠨᠢᠭᠦᠯᠵᠦ᠂ ᠰᠠᠭᠤᠭᠠᠯᠢ ᠠᠷᠠᠳ ᠲᠤ ᠬᠠᠷᠠᠭ᠎ᠠ᠂ ᠵᠠᠪᠰᠠᠷ ᠤᠨ ᠳ᠋ᠧᠩ᠂ ᠭᠡᠷᠡᠯ ᠰᠢᠯᠭᠠᠬᠤ᠂ ᠨᠢᠳᠦᠨ ᠤ ᠳᠠᠷᠤᠯᠲᠠ᠂ ᠨᠢᠯᠪᠤᠰᠤᠨ ᠤ ᠵᠠᠳᠠᠯᠤᠯᠲᠠ᠂ ᠴᠢᠰᠤᠨ ᠳᠠᠷᠤᠯᠲᠠ ᠵᠡᠷᠭᠡ ᠤᠯᠠᠨ ᠲᠦᠷᠦᠯ ᠤᠨ ᠨᠢᠳᠦᠨ ᠤ ᠪᠠᠶᠢᠴᠠᠭᠠᠯᠲᠠ ᠶᠢ ᠦᠨ᠎ᠡ ᠲᠥᠯᠥᠪᠦᠷᠢ ᠦᠭᠡᠢ ᠪᠠᠷ ᠬᠢᠵᠦ ᠥᠭᠴᠡᠢ᠃    ᠵᠢᠷᠤᠮ ᠤᠨ ᠡᠮᠴᠢᠯᠡᠭᠡᠨ ᠤ ᠠᠬᠤᠶ ᠲᠠᠯᠠᠪᠠᠶ᠂ ᠠᠰᠠᠭᠤᠨ ᠯᠠᠪᠯᠠᠬᠤ᠂ ᠠᠰᠠᠭᠤᠨ ᠣᠨᠣᠰᠢᠯᠠᠬᠤ ᠪᠠᠷ ᠢᠷᠡᠭᠰᠡᠨ ᠰᠠᠭᠤᠭᠠᠯᠢ ᠠᠷᠠᠳ ᠪᠦᠯᠦᠭ ᠪᠦᠯᠦᠭ ᠢᠶᠠᠷ ᠴᠤᠪᠤᠷᠠᠵᠤ᠂ ᠨᠢᠳᠦᠨ ᠤ ᠰᠠᠯᠠᠭᠠᠨ ᠤ ᠡᠮᠴᠢ ᠨᠡᠷ ᠰᠠᠭᠤᠭᠠᠯᠢ ᠠᠷᠠᠳ ᠲᠤ ᠦᠷᠭᠦᠯᠵᠢ ᠬᠠᠷᠠᠭᠳᠠᠳᠠᠭ ᠨᠢᠳᠦᠨ ᠤ ᠡᠪᠡᠳᠴᠢᠨ ᠡᠮᠭᠡᠭ ᠢ ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠭᠦᠯᠵᠡᠶ ᠃ ᠰᠠᠭᠤᠭᠠᠯᠢ ᠠᠷᠠᠳ ᠤᠨ ᠨᠢᠳᠦᠨ ᠤ ᠡᠷᠡᠭᠦᠯ ᠮᠡᠨᠳᠦ ᠶᠢᠨ ᠰᠤᠪᠢᠯᠠᠯᠲᠠ ᠶᠢᠨ ᠶᠡᠷᠦ ᠶᠢᠨ ᠮᠡᠳᠡᠯᠭᠡ ᠶᠢ ᠳᠡᠭᠡᠭᠰᠢᠯᠡᠭᠦᠯᠵᠦ᠂ ᠡᠮᠴᠢ ᠲᠤᠰᠬᠠᠶ ᠮᠡᠷᠭᠡᠵᠢᠯ ᠤᠨ ᠬᠡᠮᠵᠢᠭᠦᠷᠯᠢᠭ ᠢᠶᠠᠷ ᠰᠠᠭᠤᠭᠠᠯᠢ ᠠᠷᠠᠳ ᠲᠤ ᠬᠠᠷᠠᠭᠠᠨ ᠤ ᠪᠠᠶᠢᠴᠠᠭᠠᠯᠲᠠ ᠪᠠ ᠨᠢᠳᠦᠨ ᠢᠷᠣᠭᠠᠷ ᠤᠨ ᠪᠠᠶᠢᠴᠠᠭᠠᠯᠲᠠ ᠬᠢᠬᠦ ᠶᠢᠨ ᠬᠠᠮᠲᠤ ᠰᠠᠭᠤᠭᠠᠯᠢ ᠠᠷᠠᠳ ᠤᠨ ᠳᠤᠷᠠᠳᠤᠭᠰᠠᠨ ᠠᠰᠠᠭᠤᠯᠲᠠ ᠶᠢ ᠬᠦᠯᠢᠴᠡᠩᠭᠦᠶ ᠪᠠᠷ ᠬᠠᠷᠢᠭᠤᠯᠵᠤ᠂ ᠪᠠᠶᠢᠴᠠᠭᠠᠯᠲᠠ ᠶᠢᠨ ᠦᠷ᠎ᠡ ᠳ᠋ᠦᠩ ᠳᠤ ᠴᠢᠭᠯᠡᠭᠦᠯᠦᠨ ᠰᠠᠭᠤᠭᠠᠯᠢ ᠠᠷᠠᠳ ᠲᠤ ᠪᠠᠶᠢᠳᠠᠯ ᠢ ᠨᠠᠷᠢᠨ ᠵᠠᠳᠠᠯᠬᠤ ᠶᠢᠨ ᠬᠠᠮᠲᠤ ᠠᠳᠠᠯᠢ ᠪᠤᠰᠤ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ ᠡᠮᠴᠢᠯᠡᠭᠡᠨ ᠤ ᠲᠥᠰᠦᠯ ᠪᠠ ᠠᠮᠢᠳᠤᠷᠠᠯ ᠤᠨ ᠳᠤᠮᠳᠠ ᠨᠢᠳᠦ ᠪᠠᠨ ᠬᠡᠷᠬᠢᠨ ᠬᠠᠮᠠᠭᠠᠯᠠᠬᠤ ᠲᠤᠬᠠᠶ ᠰᠠᠨᠠᠭᠤᠯᠭ᠎ᠠ ᠶᠢ ︽ᠪᠡᠶ᠎ᠡ ᠶᠢᠨ ᠪᠠᠶᠢᠳᠠᠯ ᠳᠤᠨᠢ ᠲᠣᠬᠢᠷᠠᠭᠤᠯᠤᠨ ᠲᠣᠭᠲᠠᠭᠠᠵᠤ︾᠂ ᠰᠠᠭᠤᠭᠠᠯᠢ ᠠᠷᠠᠳ ᠤᠨ ᠨᠢᠳᠦᠨ ᠤ ᠡᠷᠡᠭᠦᠯ ᠮᠡᠨᠳᠦ ᠶᠢᠨ ᠲᠤᠬᠠᠶ ᠠᠩᠬᠠᠷᠤᠯ ᠢ ᠨᠡᠮᠡᠭᠳᠡᠭᠦᠯᠵᠦ᠂ ᠰᠠᠭᠤᠭᠠᠯᠢ ᠠᠷᠠᠳ ᠲᠤ ᠨᠢᠳᠦᠨ ᠤ ᠡᠪᠡᠳᠴᠢᠨ ᠤ ᠲᠤᠬᠠᠶ ᠨᠠᠩ ᠭᠦᠨᠵᠡᠭᠡᠶ ᠣᠶᠢᠯᠠᠭᠠᠯᠲᠠ ᠲᠠᠢ ᠪᠣᠯᠭᠠᠵᠤ᠂ ᠡᠷᠲᠡ ᠢᠯᠡᠷᠡᠭᠦᠯᠵᠦ᠂ ᠡᠷᠲᠡ ᠡᠮᠨᠡᠨ ᠵᠠᠰᠠᠵᠤ᠂ ᠡᠷᠲᠡ ᠡᠷᠡᠭᠦᠯᠵᠢᠭᠦᠯᠵᠦ᠂ ᠠᠷᠠᠳ ᠤᠨ ᠲᠥᠯᠥᠭᠡ ᠡᠪᠡᠳᠴᠢᠨ ᠢ ᠠᠷᠢᠯᠭᠠᠵᠤ ᠰᠡᠵᠢᠭ ᠢ ᠨᠢ ᠲᠠᠶᠢᠯᠤᠨ᠎ᠠ︕
C:\Users\Administrator\Desktop\新闻照片\34.jpg
    ᠲᠣᠰ ᠤᠳᠠᠭᠠᠨ ᠤ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢ ᠥᠷᠨᠢᠭᠦᠯᠦᠭᠰᠡᠨ ᠠᠴᠠ ᠰᠠᠭᠤᠭᠠᠯᠢ ᠠᠷᠠᠳ ᠤᠨ ᠬᠡᠷ ᠤᠨ ᠡᠭᠦᠳᠡᠨ ᠳᠤ ᠲᠥᠬᠦᠮ ᠪᠥᠭᠡᠳ ᠪᠦᠷᠢᠨ ᠭᠦᠢᠴᠡᠳ ᠨᠢᠳᠦᠨ ᠤ ᠡᠷᠡᠭᠦᠯ ᠮᠡᠨᠳᠦ ᠶᠢ ᠬᠠᠮᠠᠭᠠᠯᠠᠬᠤ ᠦᠢᠯᠡᠴᠢᠯᠡᠭᠡ ᠵᠢᠴᠢ ᠨᠢᠳᠦᠨ ᠤ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠬᠠᠮᠢᠶ᠎ᠠ ᠪᠥᠬᠦᠶ ᠮᠡᠳᠡᠯᠭᠡ ᠶᠢ ᠡᠳ᠋ᠯᠡᠭᠦᠯᠦᠭᠰᠡᠨ ᠪᠠᠶᠢᠨ᠎ᠠ᠂ ᠣᠯᠠᠨ ᠢᠶᠠᠷ ᠢᠶᠠᠨ ᠲᠣᠰ ᠤᠳᠠᠭᠠᠨ ᠤ ᠠᠵᠢᠯᠯᠠᠭ᠎ᠠ ᠶᠢ ᠮᠠᠭᠲᠠᠨ ᠰᠠᠶᠢᠰᠢᠶᠠᠵᠤ ᠪᠠᠶᠢᠨ᠎ᠠ᠃ ᠰᠠᠭᠤᠭᠠᠯᠢ ᠠᠷᠠᠳ ᠤᠨ ᠡᠷᠡᠭᠦᠯ ᠮᠡᠨᠳᠦ ᠨᠢ ᠡᠨᠡ ᠬᠦ ᠬᠥᠮᠦᠨ ᠤ ᠵᠣᠯ ᠵᠢᠷᠭᠠᠯ ᠢ ᠲᠥᠯᠥᠭᠡᠯᠡᠵᠦ ᠪᠠᠶᠢᠬᠤ ᠪᠠᠷ ᠪᠠᠷᠠᠬᠤ ᠥᠬᠡᠶ᠂ ᠭᠡᠷ ᠬᠤᠷᠢᠶᠠᠯᠠᠯ ᠤᠨ ᠬᠥᠭᠵᠢᠯ ᠪᠠᠳᠠᠷᠠᠯ ᠪᠠ ᠲᠣᠭᠲᠠᠭᠤᠨ ᠪᠠᠶᠢᠳᠠᠯ ᠢ ᠴᠤ ᠪᠡᠯᠭᠡᠳᠡᠵᠦ ᠪᠠᠶᠢᠳᠠᠭ᠂ ᠤᠳᠠᠭ᠎ᠠ ᠪᠦᠷᠢ ᠶᠢᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠨᠢ ᠴᠥᠮ ᠭᠡᠷ ᠬᠤᠷᠢᠶᠠᠯᠠᠯ ᠤᠨ ᠰᠠᠭᠤᠭᠠᠯᠢ ᠠᠷᠠᠳ ᠲᠤ ᠵᠣᠷᠢᠭᠤᠯᠤᠭᠰᠠᠨ ᠬᠠᠶᠢᠷ᠎ᠠ ᠬᠠᠯᠠᠮᠵᠢ ᠮᠥᠨ᠂ ᠭᠡᠷ ᠬᠤᠷᠢᠶᠠᠯᠠᠯ ᠤᠨ ᠪᠣᠳᠠᠲᠤ ᠠᠵᠢᠯᠯᠠᠭ᠎ᠠ ᠪᠠᠷ ᠢᠶᠠᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢ ᠬᠠᠮᠠᠭᠠᠯᠠᠬᠤ ᠠᠮᠠᠯᠠᠯᠲᠠ ᠮᠥᠨ︕ ᠬᠤᠶᠢᠰᠢᠳᠠ ᠦᠷᠭᠦᠯᠵᠢᠯᠡᠨ ᠠᠷᠠᠳ ᠤᠨ ᠲᠥᠯᠥᠭᠡ ᠪᠣᠳᠠᠲᠤ ᠶᠠᠪᠤᠳᠠᠯ ᠬᠢᠬᠦ ᠪᠠᠷ ᠶᠡᠷᠦᠩᠬᠡᠢ ᠭᠠᠷᠳᠠᠴᠠ ᠪᠣᠯᠭᠠᠵᠤ᠂ ᠭᠡᠷ ᠬᠤᠷᠢᠶᠠᠯᠠᠯ ᠢ ᠬᠠᠮᠲᠤᠪᠠᠷ ᠪᠠᠶᠢᠭᠤᠯᠬᠤ ᠪᠠᠷ ᠬᠤᠯᠪᠣᠭᠠᠰᠤ ᠪᠣᠯᠭᠠᠵᠤ᠂ ᠰᠠᠭᠤᠭᠠᠯᠢ ᠠᠷᠠᠳ ᠲᠤ ᠳᠥᠭᠦᠮ ᠳᠥᠲᠡ ᠪᠦᠷᠢᠨ ᠭᠦᠢᠴᠡᠳ ᠦᠢᠯᠡᠴᠢᠯᠡᠭᠡ ᠬᠦᠷᠲᠡᠭᠡᠵᠦ᠂ ᠨᠠᠮ ᠪᠣᠯᠤᠨ ᠵᠠᠰᠠᠭ ᠤᠨ ᠣᠷᠳᠣᠨ᠂ ᠭᠡᠷ ᠬᠤᠷᠢᠶᠠᠯᠠᠯ ᠤᠨ ᠬᠠᠶᠢᠷ᠎ᠠ ᠬᠠᠯᠠᠮᠵᠢ ᠶᠢ ᠬᠦᠷᠲᠡᠭᠡᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号