2023 ᠣᠨ ᠤ 1 — 11 ᠰᠠᠷ᠎ᠠ ᠳᠤ᠂ ᠵᠢᠦ ᠶᠤᠸᠠᠨ ᠲᠣᠭᠤᠷᠢᠭ ᠤᠨ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 61.1 ᠳ᠋ᠦᠩᠰᠢᠭᠤᠷ ᠲᠥᠭᠦᠷᠢᠭ ᠲᠤ ᠬᠦᠷᠴᠦ᠂ | ᠨᠡᠮᠡᠭᠳᠡᠯ ᠤᠨ ᠬᠤᠷᠳᠤᠴᠠ ᠨᠢ 6.7% ᠪᠠᠶᠢᠪᠠ᠂ ᠡᠭᠦᠨ ᠳᠤ᠄ ᠨᠢᠭᠡᠴᠡ ᠶᠢᠨ ᠵᠢᠵᠢᠭᠯᠡᠨ ᠬᠤᠳᠠᠯᠳᠤᠭᠰᠠᠨ ᠲᠤᠭ᠎ᠠ | 33.2 ᠳ᠋ᠦᠩᠰᠢᠭᠤᠷ ᠲᠥᠭᠦᠷᠢᠭ ᠲᠤ ᠬᠦᠷᠴᠦ᠂ ᠬᠥᠮᠥᠷᠭᠡ ᠠᠴᠠ ᠪᠤᠴᠠᠭᠠᠭᠰᠠᠨ ᠠᠵᠤ ᠠᠬᠤᠶᠢᠯᠠᠯ ᠤᠨ ᠠᠳᠠᠯᠢ | ᠬᠤᠭᠤᠴᠠᠭᠠᠨ ᠤ ᠲᠤᠭ᠎ᠠ ᠪᠠᠷᠢᠮᠲᠠ ᠶᠢᠨ ᠨᠥᠯᠥᠭᠡ ᠶᠢ ᠭᠠᠷᠭᠠᠪᠠᠯ᠂ ᠨᠡᠮᠡᠭᠳᠡᠯ ᠤᠨ ᠬᠤᠷᠳᠤᠴᠠ ᠨᠢ ᠨᠡᠶᠢᠲᠡ 14. | 1% ᠪᠣᠯᠵᠠᠶ᠃ | | | | | | ︵ᠨᠢᠭᠡ︶ ᠴᠢᠯᠠᠭᠤᠨ ᠲᠤᠰᠤᠨ ᠤ ᠠᠵᠤ ᠠᠬᠤᠶᠢᠯᠠᠯ ᠤᠨ ᠨᠡᠮᠡᠭᠳᠡᠯ ᠤᠨ ᠬᠤᠷᠳᠤᠴᠠ ᠪᠠᠭᠤᠷᠠᠪᠠ | 1-11 ᠳ᠋ᠦᠭᠡᠷ ᠰᠠᠷ᠎ᠠ ᠳᠤ ᠪᠡᠶᠡᠯᠡᠭᠦᠯᠦᠭᠰᠡᠨ ᠵᠢᠵᠢᠭᠯᠡᠨ ᠬᠤᠳᠠᠯᠳᠤᠭᠰᠠᠨ ᠲᠤᠭ᠎ᠠ 19.2 ᠳ᠋ᠦᠩᠰᠢᠭᠤᠷ | ᠲᠥᠭᠦᠷᠢᠭ ᠲᠤ ᠬᠦᠷᠴᠦ᠂ ᠪᠥᠬᠦ ᠲᠣᠭᠤᠷᠢᠭ ᠤᠨ ᠬᠢᠵᠠᠭᠠᠷᠯᠠᠭᠰᠠᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠣᠭᠠᠨ ᠤ | 58% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 6.1% ᠪᠠᠷ ᠨᠡᠮᠡᠭᠳᠡᠨ᠂ ᠳᠡᠭᠡᠷ᠎ᠡ | ᠰᠠᠷ᠎ᠠ ᠶᠢᠨ ᠬᠢ ᠠᠴᠠ 3.8 ᠵᠠᠭᠤᠨ ᠤ ᠨᠢᠭᠡᠴᠢ ᠪᠠᠭᠤᠷᠠᠪᠠ᠃ ᠡᠨᠡ ᠰᠠᠷ᠎ᠠ ᠳᠤ ᠶᠡᠭᠡ ᠴᠠᠰᠤ ᠣᠷᠣᠵᠤ ᠵᠠᠮ | ᠬᠠᠯᠲᠤᠷᠢᠵᠤ᠂ ᠭᠠᠳᠠᠭᠰᠢ ᠭᠠᠷᠬᠤ ᠶᠢ ᠨᠥᠯᠥᠭᠡᠯᠡᠵᠦ᠂ ᠲᠣᠰᠣ ᠨᠡᠮᠡᠬᠦ ᠬᠡᠮᠵᠢᠶ᠎ᠡ ᠶᠢ ᠪᠠᠭᠠᠰᠬᠠᠪᠠ᠃ | ︵ᠬᠤᠶᠠᠷ︶ ᠮᠠᠰᠢᠨ ᠲᠡᠷᠭᠡᠨ ᠤ ᠵᠠᠬ᠎ᠠ ᠳᠡᠯᠭᠡᠭᠦᠷ ᠤᠨ ᠬᠡᠷᠡᠭᠯᠡᠭᠡ ᠲᠣᠭᠲᠠᠭᠤᠨ ᠢᠶᠠᠷ ᠨᠡᠮᠡᠭᠳᠡᠪᠡ | 1-11 ᠰᠠᠷ᠎ᠠ ᠳᠤ ᠵᠢᠵᠢᠭᠯᠡᠨ ᠬᠤᠳᠠᠯᠳᠤᠭᠰᠠᠨ ᠲᠤᠭ᠎ᠠ 9.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 35.2% ᠢᠶᠠᠷ ᠨᠡᠮᠡᠭᠳᠡᠨ᠂ ᠲᠦᠷᠦᠭᠦᠤ ᠰᠠᠷ᠎ᠠ ᠶᠢᠨ ᠬᠢ ᠠᠴᠠ 0.7 ᠵᠠᠭᠤᠨ ᠤ ᠨᠢᠭᠡᠴᠢ | ᠳᠡᠭᠡᠭᠰᠢᠯᠡᠵᠡᠶ᠃ ᠡᠭᠦᠨ ᠳᠤ᠂ ᠰᠢᠨ᠎ᠡ ᠡᠨᠧᠷᠭᠢ ᠪᠠᠷ ᠬᠢᠵᠠᠭᠠᠷᠯᠠᠭᠰᠠᠨ ᠮᠠᠰᠢᠨ ᠲᠡᠷᠭᠡᠨ ᠤ ᠬᠥᠭᠵᠢᠯᠲᠡ ᠬᠦᠴᠦᠲᠡᠶ | ᠪᠠᠶᠢᠵᠤ᠂ 1-11 ᠰᠠᠷ᠎ᠠ ᠳᠤ ᠪᠡᠶᠡᠯᠡᠭᠦᠯᠦᠭᠰᠡᠨ ᠵᠢᠵᠢᠭᠯᠡᠨ ᠬᠤᠳᠠᠯᠳᠤᠭᠰᠠᠨ ᠲᠤᠭ᠎ᠠ 2.4 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 287.4% ᠪᠠᠷ ᠨᠡᠮᠡᠭᠳᠡᠨ᠂ ᠪᠥᠬᠦ | ᠬᠢᠵᠠᠭᠠᠷᠯᠠᠭᠰᠠᠨ ᠮᠠᠰᠢᠨ ᠲᠡᠷᠭᠡᠨ ᠤ ᠵᠢᠵᠢᠭᠯᠡᠨ ᠬᠤᠳᠠᠯᠳᠤᠭᠰᠠᠨ ᠲᠣᠭᠠᠨ ᠤ 24% ᠶᠢ ᠡᠵᠡᠯᠡᠪᠡ᠃ 11 | ᠰᠠᠷ᠎ᠠ ᠳᠤ ᠬᠠᠬᠢᠷ ᠡᠪᠦᠯ ᠪᠣᠯᠤᠭᠰᠠᠨ ᠤ ᠳᠡᠭᠡᠷ᠎ᠡ ᠵᠢᠯ ᠤᠨ ᠡᠴᠦᠰ ᠤᠨ ᠶᠡᠭᠡ ᠲᠣᠭᠠᠨ ᠤ ᠵᠠᠷᠤᠯᠭ᠎ᠠ ᠶᠢᠨ ᠬᠡᠷᠡᠭᠯᠡᠭᠡᠨ ᠤ | ᠨᠥᠯᠥᠭᠡ ᠠᠴᠠ ᠪᠣᠯᠵᠣ᠂ ᠲᠣᠰ ᠰᠠᠷ᠎ᠠ ᠶᠢᠨ ᠬᠡᠷᠡᠭᠯᠡᠭᠡᠨ ᠤ ᠴᠢᠳᠠᠪᠤᠷᠢ ᠪᠠᠭᠤᠷᠠᠪᠠ᠃ | ︵ᠭᠤᠷᠪᠠ︶ ᠲᠣᠮᠣ ᠬᠡᠯᠪᠡᠷᠢ ᠶᠢᠨ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ | ᠤᠳᠠᠭᠠᠰᠢᠷᠠᠪᠠ | 1 — 11 ᠰᠠᠷ᠎ᠠ ᠳᠤ᠂ ᠢᠳᠡᠭᠡᠨ ᠤᠮᠳᠠᠭᠠᠨ ᠤ ᠨᠢᠭᠡᠴᠡ ᠶᠢᠨ ᠪᠡᠶᠡᠯᠡᠭᠦᠯᠦᠭᠰᠡᠨ ᠵᠢᠵᠢᠭᠯᠡᠨ ᠬᠤᠳᠠᠯᠳᠤᠭᠰᠠᠨ | ᠲᠤᠭ᠎ᠠ 1.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.1% ᠪᠠᠷ ᠨᠡᠮᠡᠭᠳᠡᠨ | ᠂ ᠳᠡᠭᠡᠷ᠎ᠡ ᠰᠠᠷ᠎ᠠ ᠶᠢᠨ ᠬᠢ ᠠᠴᠠ 0.4 ᠵᠠᠭᠤᠨ ᠤ ᠨᠢᠭᠡᠴᠢ ᠨᠡᠮᠡᠭᠳᠡᠵᠦ᠂ ᠪᠥᠬᠦ ᠲᠣᠭᠤᠷᠢᠭ ᠤᠨ ᠬᠢᠵᠠᠭᠠᠷᠯᠠᠭᠰᠠᠨ | ᠲᠤᠭ᠎ᠠ ᠠᠴᠠ ᠳᠡᠭᠡᠭᠰᠢᠬᠢ ᠨᠢᠭᠡᠴᠡ ᠶᠢᠨ ᠵᠢᠵᠢᠭᠯᠡᠨ ᠬᠤᠳᠠᠯᠳᠤᠭᠰᠠᠨ ᠲᠣᠭᠠᠨ ᠤ 5% ᠶᠢ ᠡᠵᠡᠯᠡᠪᠡ᠃ ᠡᠭᠦᠨ ᠳᠤ᠂ | ᠳᠡᠭᠡᠳᠦ ᠵᠡᠷᠭᠡ ᠶᠢᠨ ᠬᠤᠪᠢ ᠶᠢᠨ ᠨᠢᠭᠡᠴᠡ ᠶᠢᠨ ᠪᠡᠶᠡᠯᠡᠭᠦᠯᠦᠭᠰᠡᠨ ᠵᠢᠵᠢᠭᠯᠡᠨ ᠬᠤᠳᠠᠯᠳᠤᠭᠰᠠᠨ ᠲᠤᠭ᠎ᠠ 0.9 | ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠳᠦ ᠵᠡᠷᠭᠡ ᠶᠢᠨ ᠢᠳᠡᠭᠡᠨ ᠤᠮᠳᠠᠭᠠᠨ ᠤ ᠨᠢᠭᠡᠴᠡ ᠶᠢᠨ ᠵᠢᠵᠢᠭᠯᠡᠨ | ᠬᠤᠳᠠᠯᠳᠤᠭᠰᠠᠨ ᠲᠣᠭᠠᠨ ᠤ 64% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 44.6% ᠪᠠᠷ ᠨᠡᠮᠡᠭᠳᠡᠨ᠂ | ᠳᠡᠭᠡᠳᠦ ᠵᠡᠷᠭᠡ ᠶᠢᠨ ᠠᠵᠤ ᠠᠬᠤᠶᠢᠯᠠᠯ ᠤᠨ ᠪᠡᠶᠡᠯᠡᠭᠦᠯᠦᠭᠰᠡᠨ ᠵᠢᠵᠢᠭᠯᠡᠨ ᠬᠤᠳᠠᠯᠳᠤᠭᠰᠠᠨ ᠲᠤᠭ᠎ᠠ 0.6 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 33.5% ᠪᠠᠷ ᠪᠠᠭᠤᠷᠠᠪᠠ᠃ ᠮᠠᠨ ᠤ | ᠲᠣᠭᠤᠷᠢᠭ ᠤᠨ ᠲᠣᠮᠣ ᠬᠡᠯᠪᠡᠷᠢ ᠶᠢᠨ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠨᠡᠮᠡᠭᠳᠡᠯ ᠤᠨ ᠬᠤᠷᠳᠤᠴᠠ | ᠢᠯᠡᠳᠲᠡ ᠪᠠᠭᠤᠷᠠᠵᠤ᠂ ᠢᠳᠡᠭᠡᠨ ᠤᠮᠳᠠᠭᠠᠨ ᠤ ᠬᠤᠪᠢ ᠶᠢᠨ ᠬᠡᠷᠡᠭᠯᠡᠭᠡᠨ ᠤ ᠬᠥᠳᠡᠯᠭᠡᠬᠦ ᠬᠦᠴᠦᠨ ᠬᠦᠷᠦᠯᠴᠡᠬᠦ | ᠦᠭᠡᠢ ᠪᠠᠶᠢᠨ᠎ᠠ᠃ | | | |