ᠲᠥᠯᠥᠪᠦᠷᠢ ᠲᠠᠢ ᠪᠠᠷ ᠬᠤᠷᠢᠶᠠᠨ ᠠᠪᠴᠤ᠂ ᠬᠠᠶᠠᠭᠳᠠᠮᠠᠯ ᠪᠣᠳᠠᠰ ᠢ ᠲᠥᠪᠯᠡᠷᠡᠭᠦᠯᠦᠨ ᠡᠷᠳᠡᠨᠢ ᠪᠣᠯᠭᠠᠬᠤ — ᠹᠦ᠋ ᠰᠢᠩ ᠭᠡᠷ ᠬᠤᠷᠢᠶᠠᠯᠠᠯ ᠳᠤ ᠣᠶᠤᠨᠴᠢ ᠡᠭᠡᠭᠦᠯᠦᠨ ᠬᠤᠷᠢᠶᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/1/17
C:\Users\Administrator\Desktop\新闻照片\图片1.jpg
    ᠰᠠᠭᠤᠭᠠᠯᠢ ᠠᠷᠠᠳ ᠤᠨ ᠬᠤᠭ ᠨᠣᠪᠰᠢ ᠶᠢ ᠲᠥᠷᠥᠯ ᠬᠤᠪᠢᠶᠠᠬᠤ᠂ ᠣᠶᠤᠨᠴᠢ ᠪᠠᠷ ᠬᠤᠷᠢᠶᠠᠨ ᠠᠪᠬᠤ ᠳᠤ ᠣᠷᠣᠯᠴᠠᠬᠤ ᠢᠳᠡᠪᠬᠢᠵᠢᠯ ᠢ ᠠᠬᠢᠭᠤᠯᠤᠨ᠂ ᠬᠤᠷᠢᠶᠠᠨ ᠠᠪᠴᠤ ᠪᠣᠯᠬᠤ ᠪᠣᠳᠠᠰ ᠤᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠬᠦ ᠶᠢᠨ ᠲᠤᠰᠠᠳᠠ᠂ ᠣᠶᠢᠷ᠎ᠠ ᠳᠤ᠂ ᠹᠦ᠋ ᠰᠢᠩ ᠭᠡᠷ ᠬᠤᠷᠢᠶᠠᠯᠠᠯ ᠤᠨ ᠬᠢᠨ ᠹᠦ᠋ ᠯᠢ ᠬᠤᠲᠠ ᠶᠢᠨ F᠂ G᠂ H ᠲᠣᠭᠤᠷᠢᠭ ᠲᠤ ︽ᠲᠥᠯᠥᠪᠦᠷᠢ ᠲᠠᠢ ᠪᠠᠷ ᠬᠤᠷᠢᠶᠠᠨ ᠠᠪᠴᠤ᠂ ᠬᠠᠶᠠᠭᠳᠠᠮᠠᠯ ᠪᠣᠳᠠᠰ ᠢ ᠲᠥᠪᠯᠡᠷᠡᠭᠦᠯᠦᠨ ᠡᠷᠳᠡᠨᠢ ᠪᠣᠯᠭᠠᠬᠤ︾᠎ ᠪᠠᠷ ᠭᠤᠤᠯ ᠰᠡᠳᠦᠪ ᠪᠣᠯᠭᠠᠭᠰᠠᠨ ᠬᠤᠭ ᠨᠣᠪᠰᠢ ᠶᠢ ᠲᠥᠷᠥᠯ ᠬᠤᠪᠢᠶᠠᠨ ᠤᠬᠠᠭᠤᠯᠬᠤ ᠠᠵᠢᠯᠯᠠᠭ᠎ᠠ ᠥᠷᠨᠢᠭᠦᠯᠪᠡ᠃
C:\Users\Administrator\Desktop\新闻照片\图片2.jpg
    ᠠᠵᠢᠯᠯᠠᠭ᠎ᠠ ᠶᠢᠨ ᠳᠤᠮᠳᠠ᠂ ᠭᠡᠷ ᠬᠤᠷᠢᠶᠠᠯᠠᠯ ᠤᠨ ᠠᠵᠢᠯᠲᠠᠳ ᠰᠠᠭᠤᠭᠠᠯᠢ ᠠᠷᠠᠳ ᠲᠤ ᠤᠬᠠᠭᠤᠯᠭ᠎ᠠ ᠶᠢᠨ ᠨᠤᠭᠤᠯᠤᠭᠠᠰᠤ ᠶᠢ ᠲᠠᠷᠬᠠᠭᠠᠨ ᠥᠭᠴᠦ᠂ ᠣᠶᠤᠨᠴᠢ ᠬᠤᠭ ᠨᠣᠪᠰᠢ ᠶᠢᠨ ᠠᠪᠳᠠᠷ᠎ᠠ ᠶᠢ ᠬᠡᠷᠡᠭᠯᠡᠬᠦ ᠶᠠᠪᠤᠴᠠ ᠶᠢ ᠥᠪᠡᠷ ᠤᠨ ᠪᠡᠶ᠎ᠡ ᠪᠠᠷ ᠢᠶᠠᠨ ᠦᠵᠡᠭᠦᠯᠵᠦ᠂ ᠬᠠᠭᠤᠴᠢᠨ ᠬᠤᠪᠴᠠᠰᠤ ᠬᠤᠨᠠᠷ᠂ ᠬᠠᠶᠠᠭᠳᠠᠮᠠᠯ ᠴᠠᠭᠠᠰᠤᠨ ᠠᠪᠳᠠᠷ᠎ᠠ ᠶᠢ ︽ᠬᠤᠭ ᠨᠣᠪᠰᠢ ᠬᠠᠶᠠᠬᠤ᠂ ᠪᠡᠯᠡᠨ ᠵᠣᠭᠤᠰ ᠪᠤᠴᠠᠭᠠᠬᠤ︾᠎ ᠶᠢ ᠦᠨᠡᠨᠬᠦ ᠪᠡᠶᠡᠯᠡᠭᠦᠯᠵᠦ᠂ ᠣᠯᠠᠩᠬᠢ ᠰᠠᠭᠤᠭᠠᠯᠢ ᠠᠷᠠᠳ ᠤᠨ ᠲᠠᠭᠠᠰᠢᠶᠠᠯ ᠢ ᠣᠯᠤᠭᠰᠠᠨ ᠪᠠᠶᠢᠨ᠎ᠠ᠃ ︽ᠢᠨᠲ᠋ᠧᠷ ᠰᠦᠯᠵᠢᠶ᠎ᠡ + ᠬᠠᠶᠠᠭᠳᠠᠮᠠᠯ ᠡᠳ᠋ ᠢ ᠬᠤᠷᠢᠶᠠᠨ ᠠᠪᠬᠤ︾ ᠬᠡᠯᠪᠡᠷᠢ ᠶᠢᠨ ᠤᠶᠤᠨᠲᠤ ᠬᠤᠷᠢᠶᠠᠨ ᠠᠪᠬᠤ ᠬᠠᠶᠢᠷᠴᠠᠭ ᠨᠢ ᠪᠠᠰᠠ ᠰᠠᠭᠤᠭᠠᠯᠢ ᠠᠷᠠᠳ ᠤᠨ ᠤᠯᠠᠮᠵᠢᠯᠠᠯᠲᠤ ᠬᠠᠶᠠᠭᠳᠠᠮᠠᠯ ᠡᠳ᠋ ᠢ ᠬᠤᠷᠢᠶᠠᠨ ᠠᠪᠬᠤ ᠳᠤ ︽ᠵᠢᠩ ᠯᠠᠩ ᠳᠤᠲᠠᠭᠳᠠᠬᠤ︾᠂ ︽ᠦᠨ᠎ᠡ ᠬᠠᠩᠰᠢ ᠲᠣᠳᠣᠷᠬᠠᠢ ᠪᠤᠰᠤ ︾ ᠵᠡᠷᠭᠡ ᠡᠪᠡᠷᠰᠢᠶᠡᠯ ᠢ ᠰᠢᠢᠳᠪᠦᠷᠢᠯᠡᠪᠡ᠂ ᠡᠭᠦᠨ ᠤ ᠬᠠᠮᠲᠤ ᠲᠡᠭᠦᠨ ᠤ ᠤᠶᠤᠨᠲᠤ ᠠᠦ᠋ᠲ᠋ᠣ᠋ ᠵᠢᠩᠯᠡᠭᠦᠷ ᠨᠢ ᠨᠠᠷᠢᠯᠢᠭ ᠣᠨᠣᠪᠴᠢᠲᠠᠢ᠂ ᠲᠦᠷᠭᠡᠨ ᠪᠣᠳᠠᠰ ᠤᠨ ᠬᠦᠨᠳᠦ ᠶᠢ ᠬᠡᠮᠵᠢᠵᠦ᠂ ᠰᠠᠭᠤᠭᠠᠯᠢ ᠠᠷᠠᠳ ᠢ ᠬᠠᠪᠰᠤᠷᠤᠨ ᠲᠦᠷᠭᠡᠨ ᠪᠥᠭᠡᠳ ᠳᠥᠭᠦᠮ ᠳᠥᠲᠡ ᠥᠪᠡᠰᠦᠪᠡᠨ ᠦᠢᠯᠡᠴᠢᠯᠡᠬᠦ ᠬᠡᠯᠪᠡᠷᠢ ᠶᠢᠨ ᠬᠦᠷᠭᠡᠯᠲᠡ ᠶᠢ ᠪᠡᠶᠡᠯᠡᠭᠦᠯᠵᠦ ᠴᠢᠳᠠᠨ᠎ᠠ︕    ᠲᠣᠰ ᠤᠳᠠᠭᠠᠨ ᠤ ᠠᠵᠢᠯᠯᠠᠭ᠎ᠠ ᠳᠤ᠂ ᠣᠶᠤᠨᠴᠢ ᠪᠠᠷ ᠬᠦᠨᠳᠦ ᠶᠢ ᠬᠡᠮᠵᠢᠬᠦ᠂ ᠬᠤᠪᠢ ᠬᠤᠷᠠᠮᠳᠤᠭᠤᠯᠵᠤ ᠱᠠᠩᠨᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠠᠭᠤᠭᠠᠯᠢ ᠠᠷᠠᠳ ᠤᠨ ᠬᠤᠭ ᠨᠣᠪᠰᠢ ᠬᠠᠶᠠᠬᠤ ᠤᠯᠠᠮᠵᠢᠯᠠᠯᠲᠤ ᠳᠠᠳᠬᠠᠯ ᠢ ᠬᠤᠪᠢᠷᠠᠭᠤᠯᠵᠤ᠂ ᠠᠮᠢᠳᠤᠷᠠᠯ ᠤᠨ ᠬᠤᠭ ᠨᠣᠪᠰᠢ ᠶᠢᠨ ᠬᠡᠮᠵᠢᠶ᠎ᠡ ᠶᠢ ᠦᠨᠡᠨ ᠬᠦ ᠡᠬᠢ ᠡᠭᠦᠰᠦᠯ ᠠᠴᠠ ᠨᠢ ᠪᠠᠭᠠᠰᠬᠠᠵᠤ᠂ ᠪᠥᠬᠦ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠡᠬᠢ ᠪᠠᠶᠠᠯᠢᠭᠵᠢᠭᠤᠯᠬᠤ᠂ ᠬᠤᠤᠷ ᠥᠬᠡᠶ ᠪᠣᠯᠭᠠᠨ  ᠰᠢᠢᠳᠪᠤᠷᠢᠯᠡᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠳᠠᠷᠠᠭᠠᠴᠢ ᠶᠢᠨ ᠠᠯᠬᠤᠮ ᠳᠤ᠂ ᠹᠦ᠋ ᠰᠢᠩ ᠭᠡᠷ ᠬᠤᠷᠢᠶᠠᠯᠠᠯ ᠤᠨ ᠬᠢᠨ ᠬᠤᠭ ᠨᠣᠪᠰᠢ ᠶᠢ ᠲᠦᠷᠦᠯ ᠬᠤᠪᠢᠶᠠᠬᠤ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠰᠠᠭᠤᠭᠠᠯᠢ ᠠᠷᠠᠳ ᠤᠨ ᠣᠷᠴᠢᠨ ᠲᠣᠭᠤᠷᠢᠨ ᠢ ᠬᠠᠮᠠᠭᠠᠯᠠᠬᠤ ᠵᠢᠴᠢ ᠬᠤᠭ ᠨᠣᠪᠰᠢ ᠶᠢ ᠲᠦᠷᠦᠯ ᠬᠤᠪᠢᠶᠠᠬᠤ ᠤᠬᠠᠮᠰᠠᠷ ᠢ ᠳᠡᠭᠡᠭᠰᠢᠯᠡᠭᠦᠯᠵᠦ᠂ ᠦᠵᠡᠰᠬᠦᠯᠡᠩᠲᠦ ᠰᠠᠶᠢᠬᠠᠨ ᠰᠠᠭᠤᠭᠠᠯᠢ ᠠᠷᠠᠳ ᠤᠨ ᠲᠣᠭᠤᠷᠢᠭ ᠤᠨ ᠣᠷᠴᠢᠨ ᠲᠣᠭᠤᠷᠢᠨ ᠢ ᠬᠠᠮᠲᠤᠪᠠᠷ ᠪᠠᠶᠢᠭᠤᠯᠤᠨ᠎ᠠ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号