| | | ᠰᠠᠭᠤᠭᠠᠯᠢ ᠠᠷᠠᠳ ᠤᠨ ᠬᠤᠭ ᠨᠣᠪᠰᠢ ᠶᠢ ᠲᠥᠷᠥᠯ ᠬᠤᠪᠢᠶᠠᠬᠤ᠂ ᠣᠶᠤᠨᠴᠢ ᠪᠠᠷ ᠬᠤᠷᠢᠶᠠᠨ ᠠᠪᠬᠤ ᠳᠤ | ᠣᠷᠣᠯᠴᠠᠬᠤ ᠢᠳᠡᠪᠬᠢᠵᠢᠯ ᠢ ᠠᠬᠢᠭᠤᠯᠤᠨ᠂ ᠬᠤᠷᠢᠶᠠᠨ ᠠᠪᠴᠤ ᠪᠣᠯᠬᠤ ᠪᠣᠳᠠᠰ ᠤᠨ ᠠᠰᠢᠭᠯᠠᠯᠲᠠ ᠶᠢᠨ ᠨᠣᠷᠮ᠎ᠠ ᠶᠢ | ᠳᠡᠭᠡᠭᠰᠢᠯᠡᠭᠦᠯᠬᠦ ᠶᠢᠨ ᠲᠤᠰᠠᠳᠠ᠂ ᠣᠶᠢᠷ᠎ᠠ ᠳᠤ᠂ ᠹᠦ᠋ ᠰᠢᠩ ᠭᠡᠷ ᠬᠤᠷᠢᠶᠠᠯᠠᠯ ᠤᠨ ᠬᠢᠨ ᠹᠦ᠋ ᠯᠢ ᠬᠤᠲᠠ ᠶᠢᠨ F᠂ | G᠂ H ᠲᠣᠭᠤᠷᠢᠭ ᠲᠤ ︽ᠲᠥᠯᠥᠪᠦᠷᠢ ᠲᠠᠢ ᠪᠠᠷ ᠬᠤᠷᠢᠶᠠᠨ ᠠᠪᠴᠤ᠂ ᠬᠠᠶᠠᠭᠳᠠᠮᠠᠯ ᠪᠣᠳᠠᠰ ᠢ ᠲᠥᠪᠯᠡᠷᠡᠭᠦᠯᠦᠨ | ᠡᠷᠳᠡᠨᠢ ᠪᠣᠯᠭᠠᠬᠤ︾ ᠪᠠᠷ ᠭᠤᠤᠯ ᠰᠡᠳᠦᠪ ᠪᠣᠯᠭᠠᠭᠰᠠᠨ ᠬᠤᠭ ᠨᠣᠪᠰᠢ ᠶᠢ ᠲᠥᠷᠥᠯ ᠬᠤᠪᠢᠶᠠᠨ ᠤᠬᠠᠭᠤᠯᠬᠤ | ᠠᠵᠢᠯᠯᠠᠭ᠎ᠠ ᠥᠷᠨᠢᠭᠦᠯᠪᠡ᠃ | | | | | | ᠠᠵᠢᠯᠯᠠᠭ᠎ᠠ ᠶᠢᠨ ᠳᠤᠮᠳᠠ᠂ ᠭᠡᠷ ᠬᠤᠷᠢᠶᠠᠯᠠᠯ ᠤᠨ ᠠᠵᠢᠯᠲᠠᠳ ᠰᠠᠭᠤᠭᠠᠯᠢ ᠠᠷᠠᠳ ᠲᠤ ᠤᠬᠠᠭᠤᠯᠭ᠎ᠠ ᠶᠢᠨ | ᠨᠤᠭᠤᠯᠤᠭᠠᠰᠤ ᠶᠢ ᠲᠠᠷᠬᠠᠭᠠᠨ ᠥᠭᠴᠦ᠂ ᠣᠶᠤᠨᠴᠢ ᠬᠤᠭ ᠨᠣᠪᠰᠢ ᠶᠢᠨ ᠠᠪᠳᠠᠷ᠎ᠠ ᠶᠢ ᠬᠡᠷᠡᠭᠯᠡᠬᠦ ᠶᠠᠪᠤᠴᠠ ᠶᠢ | ᠥᠪᠡᠷ ᠤᠨ ᠪᠡᠶ᠎ᠡ ᠪᠠᠷ ᠢᠶᠠᠨ ᠦᠵᠡᠭᠦᠯᠵᠦ᠂ ᠬᠠᠭᠤᠴᠢᠨ ᠬᠤᠪᠴᠠᠰᠤ ᠬᠤᠨᠠᠷ᠂ ᠬᠠᠶᠠᠭᠳᠠᠮᠠᠯ ᠴᠠᠭᠠᠰᠤᠨ ᠠᠪᠳᠠᠷ᠎ᠠ ᠶᠢ | ︽ᠬᠤᠭ ᠨᠣᠪᠰᠢ ᠬᠠᠶᠠᠬᠤ᠂ ᠪᠡᠯᠡᠨ ᠵᠣᠭᠤᠰ ᠪᠤᠴᠠᠭᠠᠬᠤ︾ ᠶᠢ ᠦᠨᠡᠨᠬᠦ ᠪᠡᠶᠡᠯᠡᠭᠦᠯᠵᠦ᠂ ᠣᠯᠠᠩᠬᠢ ᠰᠠᠭᠤᠭᠠᠯᠢ | ᠠᠷᠠᠳ ᠤᠨ ᠲᠠᠭᠠᠰᠢᠶᠠᠯ ᠢ ᠣᠯᠤᠭᠰᠠᠨ ᠪᠠᠶᠢᠨ᠎ᠠ᠃ ︽ᠢᠨᠲ᠋ᠧᠷ ᠰᠦᠯᠵᠢᠶ᠎ᠡ + ᠬᠠᠶᠠᠭᠳᠠᠮᠠᠯ ᠡᠳ᠋ ᠢ ᠬᠤᠷᠢᠶᠠᠨ | ᠠᠪᠬᠤ︾ ᠬᠡᠯᠪᠡᠷᠢ ᠶᠢᠨ ᠤᠶᠤᠨᠲᠤ ᠬᠤᠷᠢᠶᠠᠨ ᠠᠪᠬᠤ ᠬᠠᠶᠢᠷᠴᠠᠭ ᠨᠢ ᠪᠠᠰᠠ ᠰᠠᠭᠤᠭᠠᠯᠢ ᠠᠷᠠᠳ ᠤᠨ ᠤᠯᠠᠮᠵᠢᠯᠠᠯᠲᠤ | ᠬᠠᠶᠠᠭᠳᠠᠮᠠᠯ ᠡᠳ᠋ ᠢ ᠬᠤᠷᠢᠶᠠᠨ ᠠᠪᠬᠤ ᠳᠤ ︽ᠵᠢᠩ ᠯᠠᠩ ᠳᠤᠲᠠᠭᠳᠠᠬᠤ︾᠂ ︽ᠦᠨ᠎ᠡ ᠬᠠᠩᠰᠢ ᠲᠣᠳᠣᠷᠬᠠᠢ ᠪᠤᠰᠤ | ︾ ᠵᠡᠷᠭᠡ ᠡᠪᠡᠷᠰᠢᠶᠡᠯ ᠢ ᠰᠢᠢᠳᠪᠦᠷᠢᠯᠡᠪᠡ᠂ ᠡᠭᠦᠨ ᠤ ᠬᠠᠮᠲᠤ ᠲᠡᠭᠦᠨ ᠤ ᠤᠶᠤᠨᠲᠤ ᠠᠦ᠋ᠲ᠋ᠣ᠋ ᠵᠢᠩᠯᠡᠭᠦᠷ ᠨᠢ ᠨᠠᠷᠢᠯᠢᠭ | ᠣᠨᠣᠪᠴᠢᠲᠠᠢ᠂ ᠲᠦᠷᠭᠡᠨ ᠪᠣᠳᠠᠰ ᠤᠨ ᠬᠦᠨᠳᠦ ᠶᠢ ᠬᠡᠮᠵᠢᠵᠦ᠂ ᠰᠠᠭᠤᠭᠠᠯᠢ ᠠᠷᠠᠳ ᠢ ᠬᠠᠪᠰᠤᠷᠤᠨ ᠲᠦᠷᠭᠡᠨ | ᠪᠥᠭᠡᠳ ᠳᠥᠭᠦᠮ ᠳᠥᠲᠡ ᠥᠪᠡᠰᠦᠪᠡᠨ ᠦᠢᠯᠡᠴᠢᠯᠡᠬᠦ ᠬᠡᠯᠪᠡᠷᠢ ᠶᠢᠨ ᠬᠦᠷᠭᠡᠯᠲᠡ ᠶᠢ ᠪᠡᠶᠡᠯᠡᠭᠦᠯᠵᠦ ᠴᠢᠳᠠᠨ᠎ᠠ︕ | ᠲᠣᠰ ᠤᠳᠠᠭᠠᠨ ᠤ ᠠᠵᠢᠯᠯᠠᠭ᠎ᠠ ᠳᠤ᠂ ᠣᠶᠤᠨᠴᠢ ᠪᠠᠷ ᠬᠦᠨᠳᠦ ᠶᠢ ᠬᠡᠮᠵᠢᠬᠦ᠂ ᠬᠤᠪᠢ ᠬᠤᠷᠠᠮᠳᠤᠭᠤᠯᠵᠤ | ᠱᠠᠩᠨᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠠᠭᠤᠭᠠᠯᠢ ᠠᠷᠠᠳ ᠤᠨ ᠬᠤᠭ ᠨᠣᠪᠰᠢ ᠬᠠᠶᠠᠬᠤ ᠤᠯᠠᠮᠵᠢᠯᠠᠯᠲᠤ | ᠳᠠᠳᠬᠠᠯ ᠢ ᠬᠤᠪᠢᠷᠠᠭᠤᠯᠵᠤ᠂ ᠠᠮᠢᠳᠤᠷᠠᠯ ᠤᠨ ᠬᠤᠭ ᠨᠣᠪᠰᠢ ᠶᠢᠨ ᠬᠡᠮᠵᠢᠶ᠎ᠡ ᠶᠢ ᠦᠨᠡᠨ ᠬᠦ ᠡᠬᠢ ᠡᠭᠦᠰᠦᠯ ᠠᠴᠠ ᠨᠢ | ᠪᠠᠭᠠᠰᠬᠠᠵᠤ᠂ ᠪᠥᠬᠦ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠡᠬᠢ ᠪᠠᠶᠠᠯᠢᠭᠵᠢᠭᠤᠯᠬᠤ᠂ ᠬᠤᠤᠷ ᠥᠬᠡᠶ | ᠪᠣᠯᠭᠠᠨ ᠰᠢᠢᠳᠪᠤᠷᠢᠯᠡᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠳᠠᠷᠠᠭᠠᠴᠢ ᠶᠢᠨ ᠠᠯᠬᠤᠮ ᠳᠤ᠂ ᠹᠦ᠋ ᠰᠢᠩ ᠭᠡᠷ | ᠬᠤᠷᠢᠶᠠᠯᠠᠯ ᠤᠨ ᠬᠢᠨ ᠬᠤᠭ ᠨᠣᠪᠰᠢ ᠶᠢ ᠲᠦᠷᠦᠯ ᠬᠤᠪᠢᠶᠠᠬᠤ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ | ᠠᠬᠢᠭᠤᠯᠵᠤ᠂ ᠰᠠᠭᠤᠭᠠᠯᠢ ᠠᠷᠠᠳ ᠤᠨ ᠣᠷᠴᠢᠨ ᠲᠣᠭᠤᠷᠢᠨ ᠢ ᠬᠠᠮᠠᠭᠠᠯᠠᠬᠤ ᠵᠢᠴᠢ ᠬᠤᠭ ᠨᠣᠪᠰᠢ ᠶᠢ ᠲᠦᠷᠦᠯ | ᠬᠤᠪᠢᠶᠠᠬᠤ ᠤᠬᠠᠮᠰᠠᠷ ᠢ ᠳᠡᠭᠡᠭᠰᠢᠯᠡᠭᠦᠯᠵᠦ᠂ ᠦᠵᠡᠰᠬᠦᠯᠡᠩᠲᠦ ᠰᠠᠶᠢᠬᠠᠨ ᠰᠠᠭᠤᠭᠠᠯᠢ ᠠᠷᠠᠳ ᠤᠨ ᠲᠣᠭᠤᠷᠢᠭ ᠤᠨ | ᠣᠷᠴᠢᠨ ᠲᠣᠭᠤᠷᠢᠨ ᠢ ᠬᠠᠮᠲᠤᠪᠠᠷ ᠪᠠᠶᠢᠭᠤᠯᠤᠨ᠎ᠠ᠃ | |