ᠶᠢᠰᠦᠨ ᠡᠳᠦᠷ ᠴᠦᠮ ᠰᠦᠢᠳᠭᠡᠯ ᠬᠤᠷᠢᠶᠠᠬᠤ ᠦᠭᠡᠢ︕
ᠨᠡᠶᠢᠲᠡᠯᠡᠭᠰᠡᠨ ᠴᠠᠭ᠄
2024/1/17
    10 ᠡᠳᠦᠷ ᠦᠡᠭᠭᠡᠷᠡᠪᠡᠯ 2024 ᠣᠨ ᠤ ᠴᠠᠭᠠᠨ ᠰᠠᠷ᠎ᠠ ᠶᠢᠨ ᠵᠥᠭᠡᠭᠡᠪᠦᠷᠢ ᠡᠬᠢᠯᠡᠬᠦ ᠪᠣᠯᠤᠯ᠎ᠠ᠃ ᠡᠨᠡ ᠵᠢᠯ ᠤᠨ ᠴᠠᠭᠠᠨ ᠰᠠᠷ᠎ᠠ ᠶᠢᠨ ᠵᠥᠭᠡᠭᠡᠪᠦᠷᠢ ᠪᠣᠯ 1 ᠰᠠᠷ᠎ᠠ ᠶᠢᠨ 26 ᠤ ᠡᠳᠦᠷ ᠠᠴᠠ 3 ᠰᠠᠷ᠎ᠠ ᠶᠢᠨ 5 ᠤ ᠡᠳᠦᠷ ᠪᠣᠯᠲᠠᠯ᠎ᠠ ᠨᠡᠶᠢᠲᠡ 40 ᠡᠳᠦᠷ ᠪᠣᠯᠤᠨ᠎ᠠ᠃ ᠦᠪᠡᠷ ᠤᠨ ᠲᠡᠷᠭᠡ ᠪᠠᠷ ᠢᠶᠠᠨ ᠭᠠᠳᠠᠭᠰᠢ ᠭᠠᠷᠬᠤ ᠳᠤ ᠶᠠᠮᠠᠷ ᠶᠠᠮᠠᠷ ᠮᠡᠳᠡᠭᠡ ᠵᠠᠩᠭᠢ ᠶᠢ ᠠᠩᠬᠠᠷᠬᠤ ᠬᠡᠷᠡᠭᠲᠡᠶ ᠪᠣᠶ︖     ᠶᠡᠷᠦᠩᠬᠡᠶᠢᠯᠡᠭᠰᠡᠨ ᠲᠡᠭᠡᠭᠡᠪᠦᠷᠢ ᠶᠢᠨ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠵᠢᠯ ᠤᠨ ᠲᠤᠰᠬᠠᠶ ᠠᠩᠭᠢ ᠶᠢᠨ ᠳᠡᠳ᠋ ᠲᠠᠷᠤᠭ᠎ᠠ᠂ ᠵᠠᠮ ᠲᠡᠭᠡᠭᠡᠪᠦᠷᠢ ᠶᠢᠨ ᠶᠠᠮᠤᠨ ᠤ ᠳᠡᠳ᠋ ᠰᠠᠶᠢᠳ ᠯᠢ ᠶᠠᠩ 16 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠬᠡᠷ ᠤᠨ ᠡᠷᠭᠢᠯᠡᠭᠰᠡᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠲᠠᠨᠢᠯᠴᠠᠭᠤᠯᠤᠨ ᠬᠡᠯᠡᠬᠦ ᠳᠡᠭᠡᠨ᠂ ᠡᠨᠡ ᠵᠢᠯ ᠮᠦᠨ ᠪᠠᠭ᠎ᠠ ᠮᠠᠰᠢᠨ ᠲᠡᠷᠭᠡ ᠲᠦᠷᠭᠡᠨ ᠤ ᠵᠠᠰᠠᠮᠠᠯ ᠵᠠᠮ ᠢᠶᠠᠷ ᠲᠠᠪᠬᠢᠬᠤ ᠳᠤ ᠰᠦᠢᠳᠭᠡᠯ ᠬᠤᠷᠢᠶᠠᠬᠤ ᠥᠬᠡᠶ ᠲᠥᠷᠥ ᠶᠢᠨ ᠪᠣᠳᠣᠯᠭ᠎ᠠ ᠶᠢ ᠬᠤᠪᠢᠷᠠᠭᠤᠯᠬᠤ ᠥᠬᠡᠶ ᠪᠠᠷ ᠭᠡᠷᠡᠭᠵᠢᠬᠦᠯᠬᠦ ᠮᠦᠷᠳᠡᠭᠡᠨ 2 ᠰᠠᠷ᠎ᠠ ᠶᠢᠨ 9 ᠤ ᠡᠳᠦᠷ ︵ᠪᠢᠲᠡᠭᠦᠨ︶ ᠤᠨ 00᠄ 00 ᠠᠴᠠ 2 ᠰᠠᠷ᠎ᠠ ᠶᠢᠨ 17 ᠤ ᠡᠳᠦᠷ ︵ᠴᠠᠭᠠᠨ ᠰᠠᠷ᠎ᠠ ᠶᠢᠨ ᠰᠢᠨ᠎ᠡ ᠶᠢᠨ ᠨᠡᠢᠮᠠᠨ︶ ᠤᠨ 24᠄ 00 ᠪᠣᠯᠲᠠᠯ᠎ᠠ 9 ᠡᠳᠦᠷ ᠰᠦᠢᠳᠭᠡᠯ ᠬᠤᠷᠢᠶᠠᠬᠤ ᠥᠬᠡᠶ ᠬᠡᠪᠡ᠃     ᠯᠢ ᠶᠠᠩ ᠤᠨ ᠵᠢᠱᠢᠭᠰᠡᠨ ᠢᠶᠠᠷ᠂ ᠡᠨᠡ ᠵᠢᠯ ᠦᠪᠡᠷ ᠤᠨ ᠲᠡᠷᠭᠡ ᠪᠠᠷ ᠢᠶᠠᠨ ᠭᠠᠳᠠᠭᠰᠢ ᠭᠠᠷᠬᠤ ᠠᠶᠠᠨᠴᠢᠳ ᠪᠠᠷᠤᠭ 72 ᠳ᠋ᠦᠩᠰᠢᠭᠤᠷ ᠬᠥᠮᠦᠨ ᠤᠳᠠᠭ᠎ᠠ ᠳᠤ ᠬᠦᠷᠦᠨ᠎ᠡ᠃ ᠦᠪᠡᠷ ᠤᠨ ᠲᠡᠷᠭᠡ ᠪᠠᠷ ᠢᠶᠠᠨ ᠶᠠᠪᠤᠵᠤ ᠰᠠᠭᠤᠬᠤ ᠲᠠᠯ᠎ᠠ ᠪᠠᠷ᠂ ᠲᠡᠷᠭᠡᠨ ᠤ ᠤᠷᠤᠰᠬᠠᠯ ᠬᠡᠲᠦ ᠶᠡᠭᠡ᠂ ᠮᠤᠵᠢ ᠠᠯᠤᠰᠯᠠᠨ ᠶᠠᠪᠤᠵᠤ ᠰᠠᠭᠤᠬᠤ ᠣᠨᠴᠠᠯᠢᠭ ᠢᠶᠠᠷ ᠨᠡᠯᠢᠶᠡᠳ ᠲᠣᠪᠤᠶᠢᠮ᠎ᠠ᠂ ᠦᠪᠡᠷ ᠤᠨ ᠲᠡᠷᠭᠡ ᠪᠠᠷ ᠢᠶᠠᠨ ᠶᠠᠪᠤᠵᠤ ᠰᠠᠭᠤᠬᠤ ᠨᠢ ᠬᠠᠷᠢᠴᠠᠯᠠᠰᠢ ᠥᠬᠡᠶ ᠭᠤᠤᠯ ᠴᠣᠭᠴᠠ ᠪᠣᠯᠵᠣ᠂ ᠦᠷᠭᠦᠯᠵᠢᠯᠡᠬᠦ ᠴᠠᠭ ᠨᠢ ᠨᠡᠯᠢᠶᠡᠳ ᠣᠷᠳᠣ᠂ ᠣᠷᠭᠢᠯ ᠦᠶ᠎ᠡ ᠶᠢᠨ ᠵᠠᠮ ᠤᠨ ᠳᠠᠷᠤᠯᠲᠠ ᠨᠡᠯᠢᠶᠡᠳ ᠬᠦᠨᠳᠦ ᠪᠤᠯᠬᠤ ᠵᠡᠷᠭᠡ ᠦᠵᠡᠭᠳᠡᠯ ᠢᠯᠡᠷᠡᠬᠦ ᠪᠣᠯᠤᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号