ᠬᠤᠭ ᠨᠣᠪᠰᠢ ᠶᠢ ᠲᠥᠷᠦᠯ ᠬᠤᠪᠢᠶᠠᠪᠠᠯ ᠣᠷᠴᠢᠨ ᠲᠣᠭᠤᠷᠢᠨ ᠰᠠᠶᠢᠬᠠᠨ ᠪᠣᠯᠤᠨ᠎ᠠ
ᠨᠡᠶᠢᠲᠡᠯᠡᠭᠰᠡᠨ ᠴᠠᠭ᠄
2024/1/18
C:\Users\Administrator\Desktop\新闻照片\100.jpg
    ᠳᠡᠭᠡᠳᠦ ᠱᠠᠲᠤᠨ ᠤ ᠰᠠᠯᠠᠭ᠎ᠠ ᠮᠥᠴᠢᠷ ᠤᠨ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠢᠳᠡᠪᠬᠢᠲᠡᠶ ᠠᠬᠢᠭᠤᠯᠤᠨ᠂ ᠰᠠᠭᠤᠭᠠᠯᠢ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠬᠤᠭ ᠨᠣᠪᠰᠢ ᠶᠢ ᠲᠥᠷᠥᠯ ᠬᠤᠪᠢᠶᠠᠬᠤ ᠤᠬᠠᠮᠰᠠᠷ ᠢ ᠪᠣᠶ ᠪᠣᠯᠭᠠᠬᠤ ᠶᠢᠨ ᠲᠥᠯᠥᠭᠡ᠂ 2024 ᠣᠨ ᠤ 1 ᠰᠠᠷ᠎ᠠ ᠶᠢᠨ 15᠎ ᠤ ᠡᠳᠦᠷ ᠤᠨ ᠦᠳᠡ ᠶᠢᠨ ᠬᠤᠶᠢᠨ᠎ᠠ᠂ ᠬᠤᠩ ᠰᠢᠶᠠᠩ ᠭᠡᠷ ᠬᠤᠷᠢᠶᠠᠯᠠᠯ ᠵᠢᠦ ᠶᠤᠸᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠲᠠᠢ ᠬᠤᠯᠪᠣᠭᠠᠯᠠᠨ ᠤᠨ ᠰᠢᠤ ᠰᠢᠨ ᠴᠧᠩ ᠵᠢᠵᠢᠭ ᠲᠣᠭᠤᠷᠢᠭ ᠲᠤ ᠬᠤᠭ ᠨᠣᠪᠰᠢ ᠶᠢ ᠲᠥᠷᠥᠯ ᠬᠤᠪᠢᠶᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
C:\Users\Administrator\Desktop\新闻照片\101.jpg
   ᠠᠵᠢᠯᠯᠠᠭ᠎ᠠ ᠶᠢᠨ ᠲᠤᠬᠠᠶ ᠶᠢᠨ ᠲᠠᠯᠠᠪᠠᠶ᠂ ᠠᠵᠢᠯᠲᠠᠳ ᠰᠠᠭᠤᠭᠠᠯᠢ ᠠᠷᠠᠳ ᠲᠤ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠡᠭᠦᠨ ᠤ ᠬᠠᠮᠲᠤ ᠬᠤᠭ ᠨᠣᠪᠰᠢ ᠶᠢ ᠬᠡᠷᠬᠢᠨ ᠲᠥᠷᠥᠯ ᠬᠤᠪᠢᠶᠠᠬᠤ ᠵᠢᠴᠢ ᠲᠥᠷᠥᠯ ᠬᠤᠪᠢᠶᠠᠭᠰᠠᠨ ᠤ ᠳᠠᠷᠠᠭ᠎ᠠ ᠬᠤᠭ ᠨᠣᠪᠰᠢ ᠶᠢ ᠬᠡᠷᠬᠢᠨ ᠰᠢᠢᠳᠪᠤᠷᠢᠯᠡᠬᠦ ᠵᠡᠷᠭᠡ ᠬᠤᠯᠪᠣᠭᠳᠠᠯ ᠪᠥᠬᠦᠶ ᠠᠰᠠᠭᠤᠳᠠᠯ ᠢ ᠨᠠᠷᠢᠨ ᠲᠠᠶᠢᠯᠪᠤᠷᠢᠯᠠᠬᠤ ᠶᠢᠨ ᠬᠠᠮᠲᠤ᠂ ᠣᠶᠤᠨᠴᠢ ᠬᠤᠷᠢᠶᠠᠨ ᠠᠪᠴᠢᠷᠠᠬᠤ ᠲᠥᠬᠦᠭᠡᠷᠦᠮᠵᠢ ᠶᠢᠨ ᠬᠡᠷᠡᠭᠯᠡᠯᠲᠡ ᠳᠤ ᠲᠤᠬᠠᠶ ᠶᠢᠨ ᠲᠠᠯᠠᠪᠤᠷ ᠤᠨ ᠦᠵᠡᠭᠦᠯᠦᠯᠭᠡ ᠪᠠ ᠵᠢᠯᠣᠭᠤᠳᠣᠯᠭ᠎ᠠ ᠬᠢᠵᠦ᠂ ᠰᠠᠭᠤᠭᠠᠯᠢ ᠠᠷᠠᠳ ᠤᠨ ᠥᠪᠡᠷ ᠤᠨ ᠪᠡᠶ᠎ᠡ ᠠᠴᠠ ᠪᠠᠨ ᠡᠬᠢᠯᠡᠨ ᠬᠢᠬᠦ ᠶᠢ ᠵᠣᠷᠢᠭᠵᠢᠭᠤᠯᠤᠨ᠂ ᠬᠤᠭ ᠨᠣᠪᠰᠢ ᠶᠢ ᠰᠠᠶᠢᠲᠤᠷ ᠲᠥᠷᠥᠯ ᠬᠤᠪᠢᠶᠠᠬᠤ ᠶᠢ ᠪᠠᠷᠢᠮᠲᠠᠯᠠᠬᠤ ᠶᠢᠨ ᠬᠠᠮᠲᠤ ᠳᠡᠷᠭᠡᠳᠡᠬᠢ ᠬᠥᠮᠦᠰ ᠢᠶᠠᠨ ᠳᠠᠭᠠᠭᠤᠯᠤᠨ ᠬᠤᠭ ᠨᠣᠪᠰᠢ ᠶᠢ ᠲᠥᠷᠥᠯ ᠬᠤᠪᠢᠶᠠᠬᠤ ᠰᠠᠶᠢᠨ ᠳᠠᠳᠬᠠᠯ ᠲᠠᠢ ᠪᠣᠯᠭᠠᠨ᠎ᠠ᠃
C:\Users\Administrator\Desktop\新闻照片\102.jpg
    ᠰᠠᠭᠤᠭᠠᠯᠢ ᠠᠷᠠᠳ ᠤᠨ ᠦᠵᠡᠬᠦ ᠪᠠᠷ᠂ ᠲᠤᠨᠤᠭ ᠲᠥᠬᠦᠭᠡᠷᠦᠮᠵᠢ ᠶᠢ ᠬᠡᠷᠡᠭᠯᠡᠬᠦ ᠳᠤ ᠳᠥᠭᠦᠮᠬᠡᠨ᠂ ᠭᠡᠷ ᠤᠨ ᠰᠤᠯᠠ ᠵᠠᠳᠠᠭᠠᠢ ᠬᠠᠭᠤᠴᠢᠨ ᠬᠠᠶᠠᠭᠳᠠᠮᠠᠯ ᠪᠣᠳᠠᠰ ᠢ ᠴᠤ ᠬᠤᠷᠢᠶᠠᠨ ᠠᠪᠴᠤ ᠪᠣᠯᠤᠨ᠎ᠠ᠂ ᠪᠠᠰᠠ ᠲᠤᠬᠠᠢ ᠶᠢᠨ ᠲᠠᠯᠠᠪᠤᠷ ᠲᠤ ᠤᠬᠠᠭᠤᠯᠵᠤ ᠪᠠᠶᠢᠭᠰᠠᠨ ᠠᠵᠢᠯᠳᠠᠨ ᠢᠶᠠᠷ ᠭᠡᠷ ᠲᠡᠭᠡᠨ ᠬᠠᠷᠢᠵᠤ ᠬᠠᠭᠤᠴᠢᠨ ᠬᠠᠶᠠᠭᠳᠠᠮᠠᠯ ᠴᠠᠭᠠᠰᠤᠨ ᠬᠠᠪᠲᠠᠰᠤ᠂ ᠤᠮᠳᠠᠭᠠᠨ ᠤ ᠯᠣᠩᠬᠤ ᠵᠡᠷᠭᠡ ᠶᠢ ᠠᠪᠴᠢᠷᠠᠭᠤᠯᠵᠤ᠂ ᠲᠤᠬᠠᠢ ᠶᠢᠨ ᠲᠠᠯᠠᠪᠤᠷ ᠲᠤ ᠵᠢᠭᠠᠨ ᠰᠤᠷᠭᠠᠬᠤ ᠶᠢ ᠨᠢ ᠬᠦᠯᠢᠶᠡᠯᠭᠡᠪᠡ᠃    ᠲᠣᠰ ᠤᠳᠠᠭᠠᠨ ᠤ ᠬᠤᠭ ᠨᠣᠪᠰᠢ ᠶᠢ ᠲᠥᠷᠥᠯ ᠬᠤᠪᠢᠶᠠᠬᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ ᠂ ᠭᠡᠷ ᠬᠤᠷᠢᠶᠠᠯᠠᠯ ᠤᠨ ᠰᠠᠭᠤᠭᠠᠯᠢ ᠠᠷᠠᠳ ᠤᠨ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢᠨ ᠲᠤᠬᠠᠶ ᠣᠶᠢᠯᠠᠭᠠᠯᠲᠠ ᠶᠢ ᠨᠡᠮᠡᠭᠳᠡᠭᠦᠯᠵᠦ᠂ ᠭᠡᠷ ᠬᠤᠷᠢᠶᠠᠯᠠᠯ ᠤᠨ ᠰᠠᠭᠤᠭᠠᠯᠢ ᠠᠷᠠᠳ ᠤᠨ ᠣᠷᠴᠢᠨ ᠠᠬᠤᠶ ᠶᠢᠨ ᠡᠷᠡᠭᠦᠯ ᠬᠠᠮᠠᠭᠠᠯᠠᠯ ᠢ ᠤᠬᠠᠮᠰᠠᠷ ᠠᠴᠠ ᠪᠠᠨ ᠬᠠᠶᠢᠷᠠᠯᠠᠬᠤ ᠤᠬᠠᠮᠰᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠭᠡᠷ ᠬᠤᠷᠢᠶᠠᠯᠠᠯ ᠤᠨ ᠰᠠᠭᠤᠭᠠᠯᠢ ᠠᠷᠠᠳ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯᠯᠠᠭ᠎ᠠ ᠳᠤ ᠢᠳᠡᠪᠬᠢᠲᠡᠶ ᠣᠷᠣᠯᠴᠠᠬᠤ ᠶᠢ ᠠᠬᠢᠭᠤᠯᠪᠠ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号