ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠡᠭᠡ ᠪᠣᠯᠭᠠᠨ᠎ᠠ — ᠳᠠᠯᠠᠨ ᠪᠣᠯᠠᠭ ᠪᠠᠯᠭᠠᠰᠤ ᠪᠠᠶᠠᠷ ᠤᠨ ᠡᠳᠦᠷ ᠠᠴᠠ ᠡᠮᠦᠨᠡᠬᠢ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/1/2
C:\Users\Administrator\Desktop\新闻照片\20.jpg
    ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶᠡᠨ ᠤ ᠪᠠᠶᠢᠭᠤᠯᠤᠯᠲᠠ ᠶᠢ ᠤᠯᠠᠮ ᠴᠢᠨᠠᠭᠰᠢᠳᠠ ᠠᠬᠢᠭᠤᠯᠵᠤ᠂ ᠠᠮᠤᠷ ᠲᠦᠪᠰᠢᠨ ᠤ ᠬᠡᠮ ᠰᠣᠭᠤᠭ ᠢ ᠠᠷᠢᠯᠭᠠᠵᠤ᠂ ᠥᠷᠭᠡᠨ ᠤᠯᠠᠨ ᠪᠠᠭᠰᠢ ᠰᠤᠷᠤᠭᠴᠢᠳ ᠲᠤ ᠠᠮᠤᠷ ᠲᠦᠪᠰᠢᠨ ᠲᠣᠭᠲᠠᠭᠤᠨ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠬᠠᠩᠭᠠᠬᠤ ᠶᠢᠨ ᠲᠥᠯᠥᠭᠡ᠂ 12 ᠰᠠᠷ᠎ᠠ ᠶᠢᠨ 28᠎ ᠤ ᠦᠳᠡ ᠶᠢᠨ ᠡᠮᠦᠨ᠎ᠡ᠂ ᠳᠠᠯᠠᠨ ᠪᠣᠯᠠᠭ ᠪᠠᠯᠭᠠᠰᠤᠨ ᠤ ᠳᠠᠷᠤᠭ᠎ᠠ ᠸᠠᠩ ᠰᠢᠶᠤᠤ ᠢᠦᠢ ᠬᠠᠷᠢᠶ᠎ᠠ ᠲᠣᠭᠤᠷᠢᠭ ᠤᠨ ᠬᠡᠦᠬᠡᠳ ᠤᠨ ᠴᠡᠴᠡᠷᠯᠢᠭ ᠲᠤ ᠬᠦᠷᠴᠦ ᠪᠠᠶᠠᠷ ᠤᠨ ᠡᠳᠦᠷ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠥᠷᠨᠢᠭᠦᠯᠵᠡᠢ᠃
C:\Users\Administrator\Desktop\新闻照片\21.jpg
    ᠳᠠᠯᠠᠨ ᠪᠣᠯᠠᠭ ᠪᠠᠯᠭᠠᠰᠤᠨ ᠤ ᠳᠠᠷᠤᠭ᠎ᠠ ᠸᠠᠩ ᠰᠢᠶᠤᠤ ᠢᠦᠶ ᠤᠷᠢᠳ ᠬᠤᠵᠢᠳ ᠳᠠᠯᠠᠨ ᠪᠣᠯᠠᠭ ᠤᠨ ᠭᠤᠷᠪᠠᠳᠤᠭᠠᠷ ᠬᠡᠦᠬᠡᠳ ᠤᠨ ᠴᠡᠴᠡᠷᠯᠢᠭ᠂ ᠳᠠᠯᠠᠨ ᠪᠣᠯᠠᠭ ᠤᠨ ᠬᠤᠶᠠᠳᠤᠭᠠᠷ ᠬᠡᠦᠬᠡᠳ ᠤᠨ ᠴᠡᠴᠡᠷᠯᠢᠭ᠂ ᠳᠠᠯᠠᠨ ᠪᠣᠯᠠᠭ ᠤᠨ ᠲᠥᠪ ᠬᠡᠦᠬᠡᠳ ᠤᠨ ᠴᠡᠴᠡᠷᠯᠢᠭ ᠲᠤ ᠬᠦᠷᠴᠦ᠂ ᠡᠳᠦᠷ ᠲᠤᠲᠤᠮ ᠤᠨ ᠠᠮᠤᠷ ᠲᠦᠪᠰᠢᠨ ᠤ ᠬᠠᠮᠢᠶᠠᠷᠤᠯᠲᠠ᠂ ᠴᠠᠬᠢᠯᠭᠠᠨ ᠡᠭᠦᠰᠭᠡᠭᠴᠢ ᠶᠢᠨ ᠬᠠᠮᠢᠶᠠᠷᠤᠯᠲᠠ᠂ ᠢᠳᠡᠭᠡᠨ ᠤ ᠠᠮᠤᠷ ᠲᠦᠪᠰᠢᠨ᠂ ᠭᠠᠯ ᠤᠨᠲᠠᠷᠠᠭᠠᠬᠤ ᠲᠥᠬᠦᠭᠡᠷᠦᠮᠵᠢ ᠪᠠᠭᠠᠵᠢ ᠬᠡᠷᠡᠭᠰᠡᠯ ᠤᠨ ᠬᠠᠮᠠᠭᠠᠯᠠᠯᠲᠠ᠂ ᠭᠠᠯ ᠤᠨᠲᠠᠷᠠᠭᠠᠬᠤ ᠵᠠᠮ ᠰᠠᠭᠠᠳ ᠥᠬᠡᠶ ᠨᠡᠪᠲᠡᠷᠡᠭᠰᠡᠨ ᠡᠰᠡᠬᠦ ᠵᠡᠷᠭᠡ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠵᠤ᠂ ᠪᠠᠶᠠᠷ ᠤᠨ ᠡᠳᠦᠷ ᠠᠴᠠ ᠡᠮᠦᠨᠡᠬᠢ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠲᠣᠭᠲᠠᠭᠤᠨ ᠪᠠᠶᠢᠬᠤ ᠶᠢ ᠪᠠᠲᠤᠯᠠᠵᠤ᠂ ᠪᠠᠭᠰᠢ ᠰᠤᠷᠤᠭᠴᠢᠳ ᠲᠤ ᠠᠮᠤᠷ ᠠᠮᠤᠭᠤᠯᠠᠩ ᠡᠶ᠎ᠡ ᠵᠣᠬᠢᠴᠠᠯ ᠲᠠᠢ ᠰᠤᠷᠭᠠᠭᠤᠯᠢ ᠶᠢᠨ ᠬᠦᠷᠢᠶᠡᠨ ᠤ ᠠᠮᠢᠳᠤᠷᠠᠯ ᠢ ᠡᠭᠦᠳᠦᠨ ᠪᠠᠶᠢᠭᠤᠯᠵᠤ ᠥᠭᠬᠦ ᠶᠢᠨ ᠬᠠᠮᠲᠤ ᠣᠶᠢᠷ᠎ᠠ ᠶᠢᠨ ᠬᠤᠭᠤᠴᠠᠭᠠᠨ ᠤ ᠡᠯ᠎ᠡ ᠬᠦᠷᠢᠶᠡᠯᠡᠩ ᠤᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠵᠢᠴᠢ ᠣᠷᠣᠰᠢᠵᠤ ᠪᠠᠶᠢᠭ᠎ᠠ ᠬᠦᠴᠢᠷᠳᠡᠯ ᠢ ᠨᠢ ᠠᠰᠠᠭᠤᠨ ᠯᠠᠪᠯᠠᠵᠠᠶ᠃    ᠡᠭᠦᠨ ᠠᠴᠠ ᠭᠠᠳᠠᠨ᠎ᠠ᠂ ᠸᠠᠩ ᠰᠢᠶᠤᠤ ᠢᠦᠶ ᠪᠠᠯᠭᠠᠰᠤᠨ ᠤ ᠳᠡᠳ᠋ ᠳᠠᠷᠤᠭ᠎ᠠ ᠪᠠᠰᠠ ᠡᠯ᠎ᠡ ᠴᠡᠴᠡᠷᠯᠢᠭ ᠤᠨ ᠳᠠᠷᠤᠭ᠎ᠠ ᠲᠠᠢ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠰᠣᠷᠣᠭᠴᠢ ᠡᠯᠰᠡᠬᠦ ᠠᠰᠠᠭᠤᠳᠠᠯ ᠢ ᠶᠠᠷᠢᠯᠴᠠᠵᠤ᠂ ᠣᠶᠢᠷ᠎ᠠ ᠶᠢᠨ ᠵᠢᠯ ᠤᠨ ᠰᠣᠷᠣᠭᠴᠢ ᠡᠯᠰᠡᠬᠦ ᠪᠠᠶᠢᠳᠠᠯ ᠲᠡᠶᠢᠮᠦ ᠰᠠᠶᠢᠨ ᠪᠢᠰᠢ᠂ ᠲᠣᠰᠬᠤᠨ  ᠤ ᠭᠡᠷ ᠬᠤᠷᠢᠶᠠᠯᠠᠯ ᠤᠨ ᠵᠣᠯᠭᠠᠯᠴᠠᠭ᠎ᠠ ᠶᠢ ᠰᠠᠶᠢᠲᠤᠷ ᠬᠢᠵᠦ᠂ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠡᠯ᠎ᠡ ᠵᠦᠢᠯ ᠤᠨ ᠳᠠᠪᠠᠭᠤᠯᠢᠭ ᠢ ᠤᠬᠠᠭᠤᠯᠬᠤ ᠪᠠᠨ ᠴᠢᠩᠭᠠᠳᠬᠠᠨ᠂ ᠰᠣᠷᠣᠭᠴᠢ ᠡᠯᠰᠡᠬᠦ ᠪᠠᠨ ᠥᠷᠭᠡᠳᠬᠡᠵᠦ᠂ ᠠᠷᠠᠳ ᠲᠤ ᠳᠡᠮᠵᠢᠯᠭᠡ ᠦᠵᠡᠭᠦᠯᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠭᠦᠢᠴᠡᠳ ᠣᠶᠢᠯᠠᠭᠠᠭᠤᠯᠬᠤ ᠬᠡᠷᠡᠭᠲᠡᠶ ᠭᠡᠵᠦ ᠡᠯ᠎ᠡ ᠴᠡᠴᠡᠷᠯᠢᠭ ᠤᠨ ᠳᠠᠷᠤᠭ᠎ᠠ ᠨᠠᠷ ᠬᠤᠶᠢᠨ᠎ᠠ ᠬᠤᠶᠢᠨ᠎ᠠ ᠠᠴᠠ ᠪᠠᠨ ᠢᠯᠡᠷᠬᠡᠶᠢᠯᠡᠵᠡᠶ᠃
C:\Users\Administrator\Desktop\新闻照片\22.jpg
    ᠳᠠᠯᠠᠨ ᠪᠣᠯᠠᠭ ᠪᠠᠯᠭᠠᠰᠤᠨ ᠤ ᠳᠠᠷᠤᠭ᠎ᠠ ᠸᠠᠩ ᠰᠢᠶᠤᠤ ᠢᠦᠶ ᠢᠯᠡᠷᠬᠡᠶᠢᠯᠡᠬᠦ ᠳᠡᠭᠡᠨ᠂ ᠳᠠᠯᠠᠨ ᠪᠣᠯᠠᠭ ᠪᠠᠯᠭᠠᠰᠤᠨ ᠤ ᠪᠠᠭᠠᠴᠤᠳ ᠤᠨ ᠣᠷᠳᠣᠨ ᠳᠤ ᠪᠥᠵᠢᠭ᠂ ᠬᠥᠭᠵᠢᠮ᠂ ᠵᠢᠷᠤᠭ᠂ ᠤᠷᠠᠨ ᠪᠢᠴᠢᠯᠭᠡ ᠵᠡᠷᠭᠡ ᠣᠯᠠᠨ ᠴᠢᠳᠠᠮᠵᠢᠳᠤ ᠲᠠᠰᠤᠭ ᠭᠠᠷᠭᠠᠵᠠᠶ᠂ ᠬᠡᠦᠬᠡᠳ ᠤᠳ ᠲᠤ ᠤᠷ᠎ᠠ ᠴᠢᠳᠠᠪᠤᠷᠢ ᠶᠢᠨ ᠪᠣᠯᠪᠠᠰᠤᠷᠠᠯ᠂ ᠤᠷ᠎ᠠ ᠴᠢᠳᠠᠪᠤᠷᠢ ᠶᠢᠨ ᠦᠵᠡᠭᠦᠯᠦᠯᠭᠡ ᠶᠢᠨ ᠲᠠᠪᠴᠠᠩ ᠬᠠᠩᠭᠠᠬᠤ ᠶᠢᠨ ᠬᠠᠮᠲᠤ ᠬᠢᠮᠳᠠ ᠦᠨ᠎ᠡ ᠲᠠᠢ᠂ ᠴᠢᠨᠠᠷ ᠰᠠᠶᠢᠲᠠᠢ᠂ ᠪᠡᠶ᠎ᠡ ᠶᠢᠨ ᠪᠠᠶᠢᠳᠠᠯ ᠳᠤᠨᠢ ᠲᠤᠬᠢᠷᠠᠭᠤᠯᠤᠨ ᠬᠢᠴᠢᠶᠡᠯ ᠨᠡᠭᠡᠭᠡᠵᠦ᠂ ᠬᠡᠦᠬᠡᠳ ᠤᠨ ᠬᠡᠷᠡᠭᠴᠡᠭᠡ ᠶᠢ ᠬᠠᠩᠭᠠᠵᠤ᠂ ᠮᠠᠨ ᠤ ᠪᠠᠯᠭᠠᠰᠤᠨ ᠤ ᠪᠠᠭᠠᠴᠤᠳ ᠤᠨ ᠣᠷᠳᠣᠨ ᠤ ᠦᠢᠯᠡᠴᠢᠯᠡᠭᠡᠨ ᠤ ᠴᠢᠳᠠᠪᠬᠢ ᠶᠢ ᠭᠦᠢᠴᠡᠳ ᠪᠠᠳᠠᠷᠠᠭᠤᠯᠵᠤ᠂ ᠰᠤᠷᠭᠠᠭᠤᠯᠢ ᠶᠢᠨ ᠰᠤᠷᠭᠠᠨ ᠬᠥᠮᠦᠵᠢᠯ᠂ ᠭᠡᠷ ᠪᠦᠯᠢ ᠶᠢᠨ ᠰᠤᠷᠭᠠᠨ ᠬᠥᠮᠦᠵᠢᠯ᠂ ᠨᠡᠶᠢᠭᠡᠮ ᠤᠨ ᠰᠤᠷᠭᠠᠨ ᠬᠥᠮᠦᠵᠢᠯ ᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠤ ᠬᠡᠦᠬᠡᠳ ᠲᠤ ᠰᠢᠯᠢᠳᠡᠭ ᠰᠤᠷᠭᠠᠨ ᠬᠥᠮᠦᠵᠢᠯ ᠢ ᠬᠦᠷᠲᠡᠭᠡᠵᠡᠢ᠃ ᠡᠭᠦᠨ ᠤ ᠬᠠᠮᠲᠤ ᠴᠡᠴᠡᠷᠯᠢᠭ ᠤᠨ ᠳᠠᠷᠤᠭ᠎ᠠ ᠨᠠᠷ ᠰᠢᠨ᠎ᠡ ᠰᠤᠷᠤᠯᠭ᠎ᠠ ᠶᠢᠨ ᠬᠤᠭᠤᠴᠠᠭᠠᠨ ᠳᠤ ᠰᠤᠷᠤᠭᠴᠢᠳ ᠤᠨ ᠦᠰᠦᠨ ᠪᠤᠶᠢᠵᠢᠯᠲᠠ ᠳᠤ ᠰᠠᠭᠤᠷᠢᠯᠠᠨ᠂ ᠣᠨᠴᠠ ᠴᠢᠳᠠᠪᠤᠷᠢ ᠶᠢ ᠠᠭᠤᠳᠠᠯᠵᠤ᠂ ᠤᠬᠠᠭᠤᠯᠭ᠎ᠠ ᠶᠢ ᠰᠠᠶᠢᠲᠤᠷ ᠬᠢᠵᠦ᠂ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠬᠥᠳᠡᠯᠮᠦᠷᠢ ᠪᠥᠬᠦ ᠲᠠᠯ᠎ᠠ ᠪᠠᠷ ᠬᠥᠭᠵᠢᠭᠰᠡᠨ ᠰᠢᠨ᠎ᠡ ᠴᠠᠭ ᠦᠶ᠎ᠡ ᠶᠢᠨ ᠨᠠᠩ ᠣᠯᠠᠨ ᠬᠡᠤᠬᠡᠳ ᠢ ᠬᠥᠮᠦᠵᠢᠭᠦᠯᠬᠦ ᠶᠢ ᠬᠦᠰᠡᠵᠦ ᠪᠠᠶᠢᠨ᠎ᠠ ᠭᠡᠵᠡᠶ᠃    ᠳᠠᠯᠠᠨ ᠪᠣᠯᠠᠭ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠢᠮᠠᠭᠲᠠ ᠰᠤᠷᠭᠠᠨ ᠬᠥᠮᠦᠵᠢᠯ ᠤᠨ ᠦᠢᠯᠡᠰ ᠢ ᠪᠦᠬᠦ ᠪᠠᠯᠭᠠᠰᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠠᠭᠤᠷᠢ ᠴᠢᠨᠠᠷᠲᠠᠢ᠂ ᠤᠳᠤᠷᠢᠳᠤᠮᠵᠢ ᠶᠢᠨ ᠴᠢᠨᠠᠷᠲᠠᠢ ᠪᠠ ᠪᠦᠬᠦ ᠲᠠᠯ᠎ᠠ ᠶᠢᠨ ᠴᠢᠨᠠᠷᠲᠠᠢ ᠢᠨᠵᠧᠨᠧᠷᠢᠩ ᠪᠣᠯᠭᠠᠨ ᠠᠳᠬᠤᠵᠤ᠂ ᠰᠤᠷᠭᠠᠨ ᠬᠥᠮᠦᠵᠢᠯ ᠢ ᠤᠷᠢᠳᠠᠪᠠᠷ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠭᠤᠶᠢᠪᠢᠰᠢ ᠦᠭᠡᠢ ᠪᠠᠷᠢᠮᠲᠠᠯᠠᠭᠰᠠᠭᠠᠷ ᠢᠷᠡᠵᠠᠢ᠃ ᠵᠠᠯᠭᠠᠭᠠᠳ ᠮᠠᠨ ᠤ ᠪᠠᠯᠭᠠᠰᠤ ᠰᠤᠷᠭᠠᠨ ᠬᠥᠮᠦᠵᠢᠯ ᠤᠨ ᠠᠵᠢᠯ ᠢ ᠴᠢᠬᠤᠯᠠᠴᠢᠯᠠᠬᠤ ᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ᠰᠢᠶᠠᠩ ᠪᠠᠯᠭᠠᠰᠤᠨ ᠤ ᠰᠤᠷᠭᠠᠨ ᠬᠥᠮᠦᠵᠢᠯ ᠤᠨ ᠦᠢᠯᠡᠰ ᠲᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号