ᠸᠢᠴᠠᠲ ᠢᠶᠠᠷ ᠵᠤᠭᠤᠰ ᠶᠠᠪᠤᠭᠤᠯᠬᠤ ᠪᠠ ᠤᠯᠠᠭᠠᠨ ᠪᠠᠭᠯᠠᠭ᠎ᠠ ᠪᠠᠷ ᠵᠤᠭᠤᠰ ᠶᠠᠪᠤᠭᠤᠯᠬᠤ ᠳᠤ ᠠᠯᠢ ᠶᠢ ᠨᠢ ᠪᠤᠴᠠᠭᠠᠬᠤ ᠭᠡᠷᠡᠭᠳᠡᠢ ᠪᠤᠢ︖
ᠨᠡᠶᠢᠲᠡᠯᠡᠭᠰᠡᠨ ᠴᠠᠭ᠄
2024/1/22
    ᠸᠢᠴᠠᠲ ᠢᠶᠠᠷ ᠵᠤᠭᠤᠰ ᠶᠠᠪᠤᠭᠤᠯᠬᠤ ᠪᠠ ᠤᠯᠠᠭᠠᠨ ᠪᠠᠭᠯᠠᠭ᠎ᠠ ᠪᠠᠷ ᠵᠤᠭᠤᠰ ᠶᠠᠪᠤᠭᠤᠯᠬᠤ ᠠᠵᠤ ᠠᠬᠤᠢ ᠶᠢᠨ ᠶᠠᠪᠤᠯᠴᠠᠭ᠎ᠠ ᠨᠢ ᠠᠳᠠᠯᠢ ᠰᠢᠨᠵᠢ ᠴᠢᠨᠠᠷ ᠲᠠᠢ ᠦᠦ︖ ᠣᠶᠢᠷ᠎ᠠ ᠳᠤ᠂ ᠪᠡᠭᠡᠵᠢᠩ ᠬᠤᠲᠠ ᠶᠢᠨ ᠬᠠᠶ ᠳ᠋ᠢᠶᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠨᠢ ᠵᠣᠭᠤᠰ ᠵᠢᠭᠡᠯᠡᠭᠰᠡᠨ ᠵᠢᠭᠤᠷᠠᠯᠳᠤᠭᠠᠨ ᠤ ᠬᠡᠷᠡᠭ ᠢ ᠰᠢᠭᠦᠨ ᠳᠠᠭᠤᠰᠬᠠᠵᠤ᠂ ᠸᠢᠴᠠᠲ ᠢᠶᠠᠷ ᠵᠤᠭᠤᠰ ᠶᠠᠪᠤᠭᠤᠯᠬᠤ ᠪᠠ ᠤᠯᠠᠭᠠᠨ ᠪᠠᠭᠯᠠᠭ᠎ᠠ ᠪᠠᠷ ᠵᠤᠭᠤᠰ ᠶᠠᠪᠤᠭᠤᠯᠬᠤ ᠨᠢ ᠰᠢᠨᠵᠢ ᠴᠢᠨᠠᠷ ᠤᠨ ᠢᠯᠭᠠᠭ᠎ᠠ ᠲᠠᠢ ᠪᠠᠶᠢᠳᠠᠭ ᠢ ᠮᠠᠭᠠᠳᠯᠠᠨ ᠲᠣᠭᠲᠠᠭᠠᠵᠠᠢ᠂ ᠲᠤᠬᠠᠶᠢᠯᠠᠪᠠᠯ ᠤᠯᠠᠭᠠᠨ ᠪᠠᠭᠯᠠᠭ᠎ᠠ ᠪᠠᠷ ᠵᠤᠭᠤᠰ ᠶᠠᠪᠤᠭᠤᠯᠬᠤ ᠨᠢ ᠪᠡᠯᠡᠭᠯᠡᠨ ᠥᠭᠭᠦᠭᠰᠡᠨ ᠳᠤ ᠲᠣᠭᠠᠴᠠᠭᠳᠠᠵᠤ᠂ ᠸᠢᠴᠠᠲ ᠢᠶᠠᠷ ᠵᠤᠭᠤᠰ ᠶᠠᠪᠤᠭᠤᠯᠬᠤ ᠨᠢ ᠵᠣᠭᠤᠰ ᠵᠢᠭᠡᠯᠡᠭᠰᠡᠨ ᠳᠤ ᠲᠣᠭᠠᠴᠠᠭᠳᠠᠨ᠎ᠠ᠃     ︽ᠸᠢᠴᠠᠲ ᠢᠶᠠᠷ ᠵᠤᠭᠤᠰ ᠶᠠᠪᠤᠭᠤᠯᠬᠤ ᠪᠠ ᠤᠯᠠᠭᠠᠨ ᠪᠠᠭᠯᠠᠭ᠎ᠠ ᠪᠠᠷ ᠵᠤᠭᠤᠰ ᠶᠠᠪᠤᠭᠤᠯᠬᠤ ᠨᠢ ᠬᠡᠳᠦ᠋ᠢᠪᠡᠷ ᠸᠢᠴᠠᠲ ᠤᠨ ᠵᠥᠭᠡᠯᠡᠨ ᠲᠤᠨᠤᠭ ᠢᠶᠠᠷ ᠳᠠᠮᠵᠢᠭᠤᠯᠤᠨ ᠵᠣᠭᠤᠰ ᠶᠠᠪᠤᠭᠤᠯᠵᠤ ᠪᠠᠶᠢᠭ᠎ᠠ ᠪᠣᠯᠪᠠᠴᠤ ᠸᠢᠴᠠᠲ ᠤᠨ ᠵᠥᠭᠡᠯᠡᠨ ᠲᠤᠨᠤᠭ ᠤᠨ ᠠᠳᠠᠯᠢ ᠪᠤᠰᠤ ᠴᠢᠳᠠᠮᠵᠢ ᠵᠢᠴᠢ ᠰᠢᠨᠵᠢ ᠴᠢᠨᠠᠷ ᠤᠨ ᠲᠠᠯ᠎ᠠ ᠠᠴᠠ ᠵᠣᠭᠤᠰ ᠶᠠᠪᠤᠭᠤᠯᠬᠤ ᠬᠤᠶᠠᠷ ᠵᠦᠢᠯ ᠤᠨ ᠰᠢᠨᠵᠢ ᠴᠢᠨᠠᠷ ᠢ ᠢᠯᠭᠠᠵᠤ ᠮᠠᠭᠠᠳᠯᠠᠨ ᠲᠣᠭᠲᠠᠭᠠᠬᠤ ᠬᠡᠷᠡᠭᠲᠡᠶ︾ ᠭᠡᠵᠦ ᠰᠢᠭᠦᠬᠦ ᠲᠤᠰᠢᠶᠠᠯᠲᠠᠨ ᠬᠡᠯᠡᠭᠰᠡᠨ ᠢᠶᠠᠨ ᠵᠠᠯᠭᠠᠭᠠᠳ᠂ ᠸᠢᠴᠠᠲ ᠤᠨ ᠵᠥᠭᠡᠯᠡᠨ ᠲᠣᠨᠤᠭ ᠨᠢ ᠨᠡᠶᠢᠭᠡᠮ ᠤᠨ ᠬᠠᠷᠢᠯᠴᠠᠭᠠᠨ ᠤ ᠪᠠᠭᠠᠵᠢ ᠪᠣᠯᠤᠭᠰᠠᠨ ᠤ ᠬᠤᠪᠢ ᠳᠤ ᠡᠳᠦᠷ ᠲᠤᠲᠤᠮ ᠤᠨ ᠨᠡᠪᠲᠡᠷᠡᠯᠴᠡᠵᠦ ᠰᠣᠯᠢᠯᠴᠠᠬᠤ ᠴᠢᠳᠠᠮᠵᠢ ᠶᠢ ᠪᠦᠷᠢᠯᠳᠦᠭᠦᠯᠤᠭ᠍ᠰᠡᠨ ᠠᠴᠠ ᠭᠠᠳᠠᠨ᠎ᠠ ᠪᠠᠰᠠ ᠨᠡᠶᠢᠭᠡᠮ ᠤᠨ ᠬᠠᠷᠢᠯᠴᠠᠭᠠᠨ ᠤ ᠴᠢᠳᠠᠮᠵᠢ ᠶᠢ ᠪᠦᠷᠢᠯᠳᠦᠭᠦᠯᠤᠭ᠍ᠰᠡᠨ ᠪᠠᠶᠢᠳᠠᠭ᠂ ᠬᠡᠳᠡᠯ᠎ᠡ ᠸᠢᠴᠠᠲ ᠤᠨ ᠤᠯᠠᠭᠠᠨ ᠪᠠᠭᠯᠠᠭ᠎ᠠ ᠨᠢ ᠬᠠᠷᠢᠨ ᠸᠢᠴᠠᠲ ᠤᠨ ᠵᠥᠭᠡᠯᠡᠨ ᠲᠣᠨᠤᠭ ᠤᠨ ᠨᠡᠶᠢᠭᠡᠮ ᠤᠨ ᠬᠠᠷᠢᠯᠴᠠᠭᠠᠨ ᠤ ᠴᠢᠳᠠᠮᠵᠢ ᠶᠢᠨ ᠨᠡᠶᠢᠲᠡᠯᠢᠭ ᠢᠯᠡᠷᠡᠯ ᠪᠣᠯᠤᠨ᠎ᠠ᠃ ᠸᠢᠴᠠᠲ ᠤᠨ ᠤᠯᠠᠭᠠᠨ ᠪᠠᠭᠯᠠᠭ᠎ᠠ ᠪᠠᠷ ᠵᠤᠭᠤᠰ ᠶᠠᠪᠤᠭᠤᠯᠬᠤ ᠳᠤ ᠬᠠᠮᠤᠭ ᠠᠷᠪᠢᠨ ᠳᠠᠭᠠᠨ 200 ᠲᠥᠭᠦᠷᠢᠭ ᠶᠠᠪᠤᠭᠤᠯᠵᠤ ᠪᠤᠯᠬᠤ ᠪᠥᠭᠡᠳ ᠲᠡᠭᠦᠨ ᠢ ︽ᠤᠯᠠᠭᠠᠨ ᠪᠠᠭᠯᠠᠭ᠎ᠠ︾ ᠭᠡᠳᠡᠭ᠂ ᠮᠠᠨ ᠤ ᠤᠯᠤᠰ ᠤᠨ ᠠᠷᠠᠳ ᠤᠨ ᠵᠠᠩ ᠳᠠᠳᠬᠠᠯ ᠢ ᠦᠨᠳᠦᠰᠦᠯᠡᠨ ︽ᠤᠯᠠᠭᠠᠨ ᠪᠠᠭᠯᠠᠭ᠎ᠠ︾ ᠥᠭᠬᠦ ᠨᠢ ᠡᠩ ᠤᠨ ᠪᠠᠶᠢᠳᠠᠯ ᠳᠤᠤᠷ᠎ᠠ ᠰᠠᠶᠢᠨ ᠳᠤᠷ᠎ᠠ ᠠᠴᠠ ᠪᠠᠨ ᠪᠡᠯᠡᠭᠯᠡᠨ ᠬᠦᠷᠭᠡᠭᠰᠡᠨ ᠢ ᠬᠠᠷᠠᠭᠤᠯᠵᠤ᠂ ᠪᠤᠴᠠᠭᠠᠬᠤ ᠴᠢᠬᠤᠯᠠ ᠥᠬᠡᠶ ᠪᠠᠶᠢᠳᠠᠭ᠃     ᠸᠢᠴᠠᠲ ᠢᠶᠠᠷ ᠵᠤᠭᠤᠰ ᠶᠠᠪᠤᠭᠤᠯᠬᠤ ᠨᠢ ᠤᠯᠠᠭᠠᠨ ᠪᠠᠭᠯᠠᠭ᠎ᠠ ᠪᠠᠷ ᠵᠤᠭᠤᠰ ᠶᠠᠪᠤᠭᠤᠯᠬᠤ ᠲᠠᠢ ᠠᠳᠠᠯᠢ ᠥᠬᠡᠶ᠂ ︽ᠪᠡᠯᠡᠭᠯᠡᠨ ᠬᠦᠷᠭᠡᠬᠦ︾ ᠤᠳᠬ᠎ᠠ ᠥᠬᠡᠶ᠂ ᠲᠡᠷᠡ ᠨᠢ ᠵᠥᠪᠬᠡᠨ ᠸᠢᠴᠠᠲ ᠤᠨ ᠵᠥᠭᠡᠯᠡᠨ ᠲᠤᠨᠤᠭ ᠤᠨ ᠵᠣᠭᠤᠰ ᠶᠠᠪᠤᠭᠤᠯᠬᠤ ᠴᠢᠳᠠᠮᠵᠢ᠂ ᠨᠡᠶᠢᠭᠡᠮ ᠤᠨ ᠪᠡᠶᠡᠴᠢ ᠴᠣᠭᠴᠠ ᠶᠢᠨ ᠬᠤᠭᠤᠷᠣᠨᠳᠣ ᠦᠷᠭᠦᠯᠵᠢ ᠬᠡᠷᠡᠭᠯᠡᠳᠡᠭ ᠵᠣᠭᠤᠰ ᠶᠠᠪᠤᠭᠤᠯᠬᠤ ᠠᠷᠭ᠎ᠠ ᠮᠠᠶ᠋ᠢᠭ ᠤᠨ ᠨᠢᠭᠡ ᠪᠣᠯᠤᠨ᠎ᠠ᠃ ᠲᠤᠰ ᠬᠡᠷᠡᠭ ᠲᠤ᠂ ᠵᠠᠭᠠᠯᠳᠤᠭᠴᠢ ᠨᠢ ᠸᠢᠴᠠᠲ ᠢᠶᠠᠷ ᠠᠷᠠᠳ ᠤᠨ ᠬᠤᠭᠤᠷᠣᠨᠳᠣᠬᠢ ᠵᠢᠭᠡᠯᠡᠯᠭᠡ ᠶᠢᠨ ᠬᠠᠷᠢᠴᠠᠭ᠎ᠠ ᠪᠠᠶᠢᠭᠤᠯᠬᠤ ᠪᠠᠷ ᠵᠣᠷᠢᠪᠠ᠂ ᠵᠠᠭᠠᠯᠳᠤᠭᠳᠠᠭᠴᠢ ᠬᠡᠷᠪᠡ ᠵᠣᠭᠤᠰ ᠤᠨ ᠰᠢᠨᠵᠢ ᠴᠢᠨᠠᠷ ᠢ ᠪᠡᠯᠡᠭᠯᠡᠨ ᠬᠦᠷᠭᠡᠭᠰᠡᠨ ᠭᠡᠵᠦ ᠵᠤᠷᠢᠬᠤ ᠳᠤ ᠬᠦᠷᠪᠡᠯ ᠵᠣᠬᠢᠴᠠᠩᠭᠤᠢ ᠭᠡᠷᠡᠴᠢ ᠪᠠᠷᠢᠮᠲᠠ ᠲᠤᠰᠢᠶᠠᠬᠤ ᠴᠢᠬᠤᠯᠠᠲᠠᠢ᠂ ᠡᠰᠡ ᠲᠡᠭᠡᠪᠡᠯ ᠭᠡᠷᠡᠴᠢ ᠪᠠᠷᠢᠮᠲᠠ ᠳᠤᠷᠠᠳᠴᠤ ᠦᠯᠦ ᠪᠤᠯᠬᠤ ᠠᠰᠢᠭ ᠦᠭᠡᠢ ᠦᠷ᠎ᠡ ᠳ᠋ᠦᠩ ᠢ ᠡᠭᠦᠷᠭᠡᠯᠡᠬᠦ ᠪᠤᠯᠤᠨ᠎ᠠ᠃   
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号