ᠣᠨᠴᠠ ᠶᠡᠭᠡ ᠴᠠᠰᠤ ᠣᠷᠤᠬᠤ ᠬᠥᠬᠡ ᠥᠩᠭᠡ ᠶᠢᠨ ᠰᠡᠷᠡᠮᠵᠢ ᠶᠢᠨ ᠳᠣᠬᠢᠶ᠎ᠠ ᠶᠢ ᠥᠪᠤᠷ ᠮᠣᠩᠭᠤᠯ ᠤᠨ ᠴᠠᠭ | ᠠᠭᠤᠷ ᠤᠨ ᠰᠲ᠋ᠠᠨᠼ 19 ᠤ ᠡᠳᠦᠷ ᠤᠨ 10 ᠴᠠᠭ 20 ᠮᠢᠨᠦ᠋ᠲ ᠲᠤ ᠨᠡᠶᠢᠲᠡᠯᠡᠭᠰᠡᠨ ᠪᠠᠶᠢᠨ᠎ᠠ᠃ | ᠮᠠᠷᠭᠠᠰᠢ ᠳᠤᠮᠳᠠ ᠪᠠᠷᠠᠭᠤᠨ ᠪᠡᠶ᠎ᠡ ᠶᠢᠨ ᠭᠤᠣᠯ ᠬᠤᠲᠠ ᠤᠳ ᠢᠶᠠᠷ ᠬᠠᠰᠤᠬᠤ 7℃ ᠠᠴᠠ ᠬᠠᠰᠤᠬᠤ 9℃ | ᠬᠦᠷᠲᠡᠯ᠎ᠡ ᠳᠣᠷᠤᠭᠰᠢᠯᠠᠵᠤ᠂ ᠥᠪᠤᠷ ᠮᠣᠩᠭᠤᠯ ᠤᠨ ᠰᠢᠯᠢ ᠶᠢᠨ ᠭᠤᠣᠯ ᠠᠶᠢᠮᠠᠭ ᠤᠨ ᠵᠡᠭᠦᠨ ᠪᠡᠶ᠎ᠡ᠂ ᠤᠯᠠᠭᠠᠨᠬᠠᠳᠠ | ᠬᠤᠲᠠ ᠶᠢᠨ ᠬᠤᠶᠢᠲᠦ ᠪᠡᠶ᠎ᠡ᠂ ᠲᠦᠩᠯᠢᠶᠤᠤ ᠬᠤᠲᠠ ᠶᠢᠨ ᠪᠠᠷᠠᠭᠤᠨ ᠬᠤᠶᠢᠲᠦ ᠪᠡᠶ᠎ᠡ᠂ ᠬᠢᠩᠭᠠᠨ ᠠᠶᠢᠮᠠᠭ ᠤᠨ | ᠪᠠᠷᠠᠭᠤᠨ ᠪᠡᠶ᠎ᠡ ᠳᠤ ᠳᠤᠮᠳᠠ ᠵᠡᠷᠭᠡ ᠶᠢᠨ ᠴᠠᠰᠤ ᠣᠷᠤᠨ᠎ᠠ᠃ ᠥᠪᠤᠷ ᠮᠣᠩᠭᠤᠯ ᠤᠨ ᠰᠢᠯᠢ ᠶᠢᠨ ᠭᠤᠣᠯ | ᠠᠶᠢᠮᠠᠭ ᠤᠨ ᠵᠡᠭᠦᠨ ᠬᠤᠶᠢᠲᠦ ᠪᠡᠶ᠎ᠡ ᠶᠢᠨ ᠵᠠᠷᠢᠮ ᠭᠠᠵᠠᠷ ᠲᠤ ᠶᠡᠭᠡ ᠴᠠᠰᠤ ᠲᠠᠢ᠃ | ᠢᠷᠡᠬᠦ ᠭᠤᠷᠪᠠᠨ ᠬᠤᠨᠤᠭ ᠲᠤ ᠬᠦᠢᠲᠡᠨ ᠠᠭᠤᠷ ᠠᠮᠢᠰᠬᠤᠯ ᠤᠨ ᠨᠥᠯᠦᠭᠡ ᠪᠠᠷ ᠪᠠᠷᠠᠭᠤᠨ ᠪᠡᠶ᠎ᠡ ᠶᠢᠨ ᠵᠡᠭᠦᠨ | ᠬᠡᠰᠡᠭ ᠪᠠ ᠳᠤᠮᠳᠠ ᠪᠡᠶ᠎ᠡ ᠶᠢᠨ ᠶᠡᠬᠡᠩᠬᠢ ᠨᠤᠲᠤᠭ ᠢᠶᠠᠷ ᠠᠭᠠᠷ ᠤᠨ ᠳᠤᠯᠠᠭᠠᠨ ᠨᠡᠶᠢᠳᠡᠮ ᠳᠡᠭᠡᠨ 10℃ ᠠᠴᠠ | 14℃ ᠳᠣᠷᠤᠭᠰᠢᠯᠠᠨ᠎ᠠ᠃ | 12 ᠴᠠᠭ ᠤᠨ ᠳᠤᠲᠤᠷ᠎ᠠ ᠥᠪᠤᠷ ᠮᠣᠩᠭᠤᠯ ᠤᠨ ᠪᠠᠶᠠᠨᠨᠠᠭᠤᠷ ᠬᠤᠲᠠ ᠶᠢᠨ ᠵᠡᠭᠦᠨ ᠡᠮᠦᠨ᠎ᠡ ᠪᠡᠶ᠎ᠡ᠂ ᠣᠷᠳᠤᠰ | ᠬᠤᠲᠠ ᠶᠢᠨ ᠵᠡᠭᠦᠨ ᠬᠤᠶᠢᠲᠦ ᠪᠡᠶ᠎ᠡ᠂ ᠪᠤᠭᠤᠲᠤ ᠬᠤᠲᠠ ᠶᠢᠨ ᠡᠮᠦᠨ᠎ᠡ ᠪᠡᠶ᠎ᠡ᠂ ᠬᠥᠬᠡᠬᠤᠲᠠ ᠶᠢᠨ ᠳᠤᠮᠳᠠ᠂ ᠵᠡᠭᠦᠨ | ᠪᠡᠶ᠎ᠡ᠂ ᠤᠯᠠᠭᠠᠨᠴᠠᠪ ᠬᠤᠲᠠ ᠶᠢᠨ ᠪᠠᠷᠠᠭᠤᠨ ᠡᠮᠦᠨ᠎ᠡ ᠪᠡᠶ᠎ᠡ ᠪᠠ ᠵᠡᠭᠦᠨ ᠬᠤᠶᠢᠲᠦ ᠪᠡᠶ᠎ᠡ᠂ ᠰᠢᠯᠢ ᠶᠢᠨ ᠭᠤᠣᠯ | ᠠᠶᠢᠮᠠᠭ ᠤᠨ ᠪᠠᠷᠠᠭᠤᠨ ᠪᠡᠶ᠎ᠡ ᠳᠤ ᠭᠤᠷᠪᠠᠨ ᠬᠤᠷᠤᠭᠤ ᠵᠣᠵᠠᠭᠠᠨ ᠳᠠᠷᠤᠢ 4 ᠮᠢᠯᠢᠮᠧᠳ᠋ᠷ ᠵᠣᠵᠠᠭᠠᠨ ᠴᠠᠰᠤ ᠣᠷᠣᠬᠤ | ᠪᠣᠯᠬᠤᠷ ᠵᠠᠮ ᠨᠡᠪᠲᠡᠷᠡᠯᠭᠡ ᠪᠤᠶᠤ ᠬᠥᠳᠡᠭᠡ ᠠᠵᠤ ᠠᠬᠤᠢ ᠳᠤ ᠨᠥᠯᠦᠭᠡ ᠪᠣᠯᠵᠤ ᠮᠠᠭᠠᠤᠨ᠃ ᠡᠶᠢᠮᠤ ᠠᠴᠠ ᠳᠣᠣᠷᠠᠬᠢ | ᠰᠡᠷᠬᠡᠶᠢᠯᠡᠬᠦ ᠠᠵᠢᠯ ᠤᠳ ᠢ ᠰᠠᠶᠢᠲᠤᠷ ᠬᠢᠬᠦ ᠶᠢ ᠰᠠᠨᠠᠭᠤᠯᠵᠤ ᠪᠠᠶᠢᠨ᠎ᠠ᠃ | 1. ᠵᠠᠰᠠᠭ ᠤᠨ ᠣᠷᠳᠤᠨ ᠪᠠ ᠬᠠᠮᠢᠶᠠᠲᠠᠢ ᠰᠠᠯᠠᠭ᠎ᠠ ᠮᠦᠴᠢᠷ ᠬᠠᠷᠢᠭᠤᠴᠠᠯᠭ᠎ᠠ ᠶᠤᠰᠤᠭᠠᠷ ᠴᠠᠰᠤ ᠵᠣᠣᠨ ᠤᠨ | ᠭᠠᠮᠰᠢᠭ ᠠᠴᠠ ᠰᠡᠷᠭᠡᠶᠢᠯᠡᠬᠦ ᠪᠠ ᠬᠥᠯᠳᠡᠬᠦ ᠠᠴᠠ ᠰᠡᠷᠭᠡᠶᠢᠯᠡᠬᠦ ᠪᠡᠯᠡᠦᠨᠬᠡᠯ ᠠᠵᠢᠯ ᠤᠳ ᠢᠶᠠᠨ ᠠᠮᠵᠢᠭᠤᠯᠤᠭᠠᠷᠠᠢ᠃ | 2. ᠵᠠᠮ ᠨᠡᠪᠲᠡᠷᠡᠯᠭᠡ᠂ ᠲᠡᠮᠦᠷ ᠵᠠᠮ᠂ ᠴᠠᠬᠢᠯᠭᠠᠨ ᠡᠷᠴᠢᠮ ᠬᠦᠴᠦᠨ᠂ ᠴᠢᠮᠡᠭᠡ ᠬᠤᠯᠪᠣᠭ᠎ᠠ ᠵᠡᠷᠭᠡ ᠰᠠᠯᠠᠭ᠎ᠠ | ᠮᠦᠴᠢᠷ ᠤᠨ ᠬᠢᠨ ᠵᠠᠰᠠᠮᠠᠯ ᠵᠠᠮ᠂ ᠲᠡᠮᠦᠷ ᠵᠠᠮ ᠳᠠᠭᠠᠤ ᠱᠤᠭᠤᠮ ᠢ ᠲᠣᠭᠤᠷᠢᠨ ᠪᠠᠶᠢᠴᠠᠭᠠᠵᠤ ᠬᠠᠮᠠᠭᠠᠯᠠᠨ᠂ ᠵᠠᠰᠠᠮᠠᠯ | ᠵᠠᠮ ᠤᠨ ᠰᠢᠯᠤᠭᠤᠬᠠᠨ ᠨᠡᠪᠲᠡᠷᠡᠬᠦ ᠪᠠ ᠬᠤᠷᠠᠭᠰᠠᠨ ᠴᠠᠰᠤ ᠬᠠᠶᠢᠯᠬᠤ ᠵᠡᠷᠭᠡ ᠠᠵᠢᠯ ᠢ ᠰᠠᠶᠢᠲᠤᠷ ᠬᠢᠭᠡᠷᠡᠢ᠃ | 3.ᠶᠠᠪᠠᠭᠠᠨ ᠬᠦᠮᠦᠰ ᠬᠦᠢᠲᠡᠨ ᠠᠴᠠ ᠰᠡᠷᠭᠡᠶᠢᠯᠡᠵᠦ ᠬᠠᠯᠳᠤᠷᠢᠬᠤ ᠠᠴᠠ ᠪᠣᠯᠭᠤᠮᠵᠢᠯᠠᠨ᠂ ᠮᠠᠰᠢᠨ ᠵᠢᠯᠣᠭᠤᠣᠨᠴᠦ | ᠪᠠᠶᠢᠭ᠎ᠠ ᠬᠦᠮᠦᠰ ᠵᠠᠮ ᠤᠨ ᠬᠠᠯᠲᠤᠷᠢᠭ᠎ᠠ ᠠᠴᠠ ᠰᠡᠷᠭᠡᠶᠢᠯᠡᠭᠡᠷᠡᠢ᠃ | 4.ᠮᠠᠯᠵᠢᠬᠤ ᠲᠠᠷᠢᠶᠠᠯᠠᠬᠤ ᠣᠷᠤᠨ ᠪᠠ ᠲᠡᠵᠢᠭᠡᠪᠦᠷᠢ ᠶᠢᠨ ᠦᠢᠯᠡᠰ ᠡᠷᠬᠢᠯᠡᠵᠦ ᠪᠠᠶᠢᠭ᠎ᠠ ᠬᠦᠮᠦᠰ ᠲᠡᠵᠢᠭᠡᠯ | ᠪᠣᠷᠳᠤᠭ᠎ᠠ ᠪᠠᠨ ᠢᠯᠡᠭᠦᠬᠡᠨ ᠨᠥᠭᠡᠴᠡᠯᠡᠭᠡᠷᠡᠢ᠃ | 5. ᠫᠧᠩ ᠬᠤᠷᠤᠭ᠎ᠠ ᠪᠠᠨ ᠰᠠᠶᠢᠲᠤᠷ ᠪᠠᠬᠢᠯᠡᠵᠦ ᠴᠠᠰᠤᠨ ᠳᠤ ᠳᠠᠷᠤᠭᠳᠠᠬᠤ ᠠᠴᠠ ᠬᠢᠴᠢᠶᠡᠭᠡᠷᠡᠢ᠃ |