ᠴᠠᠰᠤᠲᠤ ᠡᠳᠦᠷ ᠳᠤᠯᠠᠭᠠᠨ ᠪᠦᠯᠢᠶᠡᠨ ᠲᠠᠢ  ᠬᠤᠷᠢᠨᠭᠡᠷ ᠲᠣᠮᠢᠯᠠᠭᠰᠠᠨ ᠰᠠᠯᠪᠤᠷᠢ ᠶᠢᠨ ᠬᠢᠨ ᠨᠢᠭᠡᠨ ᠪᠡᠶ᠎ᠡ ᠪᠠᠨ ᠬᠤᠣᠷᠯᠠᠬᠤ ᠰᠠᠨᠠᠭ᠎ᠠ ᠲᠠᠢ ᠨᠠᠰᠤᠲᠠᠨ ᠢ ᠪᠠᠴᠢᠮ ᠠᠪᠤᠷᠠᠪᠠ
ᠨᠡᠶᠢᠲᠡᠯᠡᠭᠰᠡᠨ ᠴᠠᠭ᠄
2024/1/24
C:\Users\Administrator\Desktop\新闻照片\18.jpg
    2024 ᠣᠨ ᠤ 1 ᠰᠠᠷ᠎ᠠ ᠶᠢᠨ 19᠎ ᠤ ᠡᠳᠦᠷ᠂ ᠬᠤᠷᠢᠨᠭᠡᠷ ᠲᠣᠮᠢᠯᠠᠭᠰᠠᠨ ᠰᠠᠯᠪᠤᠷᠢ ᠴᠠᠭᠳᠠᠭ᠎ᠠ ᠳᠤ ᠮᠡᠳᠡᠭᠦᠯᠦᠭᠰᠡᠨ ᠢᠶᠠᠷ᠂ ᠥᠪᠡᠷ ᠤᠨ ᠨᠠᠰᠤᠲᠠᠨ ᠨᠢ ᠠᠯᠠᠭ᠎ᠠ ᠪᠣᠯᠵᠠᠶ᠂ ᠠᠷᠠᠳ ᠤᠨ ᠴᠠᠭᠳᠠᠭ᠎ᠠ ᠪᠠᠷ ᠬᠠᠪᠰᠤᠷᠤᠭᠤᠯᠤᠨ ᠡᠷᠢᠭᠦᠯᠬᠦ ᠶᠢ ᠬᠦᠰᠡᠵᠦ ᠪᠠᠶᠢᠨ᠎ᠠ ᠭᠡᠵᠡᠶ᠃ ᠠᠷᠠᠳ ᠤᠨ ᠴᠠᠭᠳᠠᠭ᠎ᠠ ᠨᠢᠭᠡ ᠲᠠᠯ᠎ᠠ ᠪᠠᠷ ᠴᠠᠭᠳᠠᠭ᠎ᠠ ᠳᠤ ᠮᠡᠳᠡᠭᠦᠯᠦᠭᠴᠢ ᠶᠢ ᠲᠠᠶᠢᠳᠬᠤᠷᠠᠭᠤᠯᠵᠤ᠂ ᠨᠥᠭᠦᠭᠡ ᠲᠠᠯ᠎ᠠ ᠪᠠᠷ ᠲᠥᠭᠡᠷᠢᠭᠰᠡᠨ ᠨᠠᠰᠤᠲᠠᠨ ᠴᠢ ᠣᠪᠣᠭᠲᠤ ᠲᠤᠤ ᠶᠢᠨ ᠬᠦᠤ ᠨᠠᠰᠤ ᠪᠠᠷᠠᠭᠰᠠᠨ ᠠᠴᠠ ᠪᠣᠯᠵᠤ ᠵᠣᠪᠠᠨᠢᠬᠤ ᠡᠪᠡᠳᠴᠢᠨ ᠳᠤ ᠨᠡᠷᠪᠡᠭᠳᠡᠭᠰᠡᠨ ᠪᠥᠭᠡᠳ ᠪᠡᠶ᠎ᠡ ᠪᠠᠨ ᠬᠤᠤᠷᠯᠠᠬᠤ ᠬᠠᠨᠳᠤᠰᠢ ᠲᠠᠢ ᠪᠠᠶᠢᠬᠤ ᠶᠢ ᠣᠯᠵᠤ ᠮᠡᠳᠡᠵᠡᠶ᠂ ᠡᠨᠡ ᠤᠳᠠᠭ᠎ᠠ ᠭᠠᠳᠠᠭᠰᠢ ᠭᠠᠷᠤᠭᠠᠳ ᠤᠳᠠᠲᠠᠯ᠎ᠠ ᠬᠠᠷᠢᠵᠤ ᠢᠷᠡᠭᠰᠡᠨ ᠥᠬᠡᠶ᠂ ᠨᠠᠰᠤᠲᠠᠨ ᠤ ᠰᠠᠨᠠᠭᠠᠨ ᠳᠤ ᠥᠬᠡᠶ ᠬᠡᠷᠡᠭ ᠭᠠᠷᠬᠤ ᠠᠴᠠ ᠠᠶᠤᠵᠤ ᠪᠠᠶᠢᠪᠠ᠃    ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠵᠢᠵᠢᠭᠦᠷ ᠤᠨ ᠠᠷᠠᠳ ᠤᠨ ᠲᠤᠰᠠᠯᠠᠬᠤ ᠴᠠᠭᠳᠠᠭ᠎ᠠ ᠲᠡᠷᠡ ᠳᠠᠷᠤᠶ ᠳᠤᠨᠢ ᠬᠠᠪᠰᠤᠷᠤᠨ ᠡᠷᠢᠪᠡ᠃ ᠨᠢᠭᠡ ᠵᠠᠮ ᠤᠨ ᠸᠢᠳᠢᠣ᠋ ᠪᠠᠷ ᠬᠢᠨᠠᠨ ᠡᠵᠡᠮᠳᠡᠬᠦ ᠶᠢ ᠪᠠᠶᠢᠴᠠᠭᠠᠨ ᠦᠵᠡᠵᠦ᠂ ᠨᠢᠭᠡ ᠵᠠᠮ ᠠᠷᠠᠳ ᠤᠨ ᠲᠤᠰᠠᠯᠠᠬᠤ ᠴᠠᠭᠳᠠᠭ᠎ᠠ ᠶᠠᠰᠤ ᠶᠠᠩᠭᠢᠨᠠᠮ᠎ᠠ ᠬᠦᠢᠲᠡᠨ ᠰᠠᠯᠬᠢ ᠶᠢ ᠰᠦᠷᠦᠨ ᠶᠡᠭᠡ ᠴᠠᠰᠤᠨ ᠤ ᠳᠤᠮᠳᠠᠭᠤᠷ ᠬᠠᠷᠢᠶ᠎ᠠ ᠣᠷᠣᠨ ᠤ ᠪᠠᠨ ᠡᠯ᠎ᠡ ᠵᠠᠮ ᠤᠨ ᠬᠡᠰᠡᠭ ᠢᠶᠠᠷ ᠡᠷᠢᠵᠦ ᠪᠠᠶᠢᠯ᠎ᠠ᠃ ᠣᠯᠠᠨ ᠳᠠᠬᠢᠨ ᠡᠷᠢᠭᠰᠡᠨ ᠤ ᠳᠠᠷᠠᠭ᠎ᠠ᠂ ᠡᠴᠦᠰ ᠲᠡᠭᠡᠨ ᠨᠢᠭᠡ ᠬᠡᠰᠡᠭ ᠠᠲᠠᠷ ᠭᠠᠵᠠᠷ ᠠᠴᠠ ᠨᠠᠰᠤᠲᠠᠨ ᠢ ᠡᠷᠢᠵᠦ ᠤᠯᠪᠠ᠃ ᠡᠨᠡ ᠦᠶ᠎ᠡ ᠳᠤ ᠨᠠᠰᠤᠲᠠᠨ ᠶᠠᠭ ᠰᠠᠶᠢᠬᠠᠨ ᠴᠠᠰᠤᠨ ᠳᠤ ᠬᠡᠪᠲᠡᠵᠦ  ᠪᠠᠶᠢᠪᠠ᠂ ᠳᠠᠭᠠᠷᠠᠭᠠᠳ ᠮᠡᠳᠡᠭᠡ ᠠᠯᠳᠠᠭᠰᠠᠨ ᠪᠣᠯᠬᠤᠷ ᠠᠷᠠᠳ ᠤᠨ ᠲᠤᠰᠠᠯᠠᠬᠤ ᠴᠠᠭᠳᠠᠭ᠎ᠠ ᠲᠡᠷᠡ ᠳᠠᠷᠤᠶ ᠳᠤᠨᠢ ᠬᠦᠷᠴᠦ᠂ ᠨᠠᠰᠤᠲᠠᠨ ᠢ ᠴᠠᠭᠳᠠᠭᠠᠨ ᠤ ᠲᠡᠷᠭᠡᠨ ᠳᠤ ᠲᠦᠰᠢᠵᠦ ᠠᠪᠠᠴᠢᠭᠠᠳ ᠲᠡᠷᠡ ᠳᠠᠷᠤᠶ ᠳᠤᠨᠢ ᠡᠮᠨᠡᠯᠭᠡ ᠳᠤ ᠬᠦᠷᠭᠡᠵᠦ᠂ ᠨᠠᠰᠤᠲᠠᠨ ᠢ ᠠᠶᠤᠯ ᠠᠴᠠ ᠮᠤᠯᠲᠤᠷᠠᠭᠰᠠᠨ ᠤ ᠳᠠᠷᠠᠭ᠎ᠠ ᠠᠷᠠᠳ ᠤᠨ ᠲᠤᠰᠠᠯᠠᠬᠤ ᠴᠠᠭᠳᠠᠭ᠎ᠠ ᠡᠮᠨᠡᠯᠭᠡ ᠠᠴᠠ ᠭᠠᠷᠴᠤ ᠶᠠᠪᠤᠵᠠᠶ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号