ᠬᠤᠶᠠᠷᠬᠤᠳᠳᠤᠭ ᠪᠠᠯᠭᠠᠰᠤ᠄ ᠵᠠᠮ ᠤᠨ ᠮᠥᠰᠥ ᠬᠥᠯᠳᠡᠬᠦ ᠭᠡᠮ ᠰᠣᠭᠤᠭ ᠢ ᠠᠷᠢᠯᠭᠠᠵᠤ ᠤᠯᠠᠨ ᠲᠦᠮᠡᠨ ᠤ ᠶᠠᠪᠤᠵᠤ ᠰᠠᠭᠤᠬᠤ ᠶᠢᠨ ᠠᠮᠤᠷ ᠲᠦᠪᠰᠢᠨ ᠢ ᠪᠠᠲᠤᠯᠠᠨ᠎ᠠ
ᠨᠡᠶᠢᠲᠡᠯᠡᠭᠰᠡᠨ ᠴᠠᠭ᠄
2024/1/25
C:\Users\Administrator\Desktop\新闻照片\20.jpg
    ᠣᠶᠢᠷ᠎ᠠ ᠳᠤ᠂ ᠴᠠᠰᠤᠨ ᠤ ᠨᠥᠯᠥᠭᠡ ᠪᠠᠷ᠂ ᠮᠠᠨ ᠤ ᠪᠠᠯᠭᠠᠰᠤᠨ ᠤ ᠵᠠᠷᠢᠮ ᠵᠠᠰᠠᠭ ᠵᠠᠬᠢᠷᠭᠠᠨ ᠤ ᠲᠣᠰᠬᠤᠨ ᠤ ᠬᠡᠰᠡᠭ ᠵᠠᠮ ᠤᠨ ᠬᠡᠰᠡᠭ ᠲᠤ ᠠᠳᠠᠯᠢ ᠪᠤᠰᠤ ᠬᠡᠮᠵᠢᠶ᠎ᠡ ᠪᠠᠷ ᠴᠠᠰᠤ ᠬᠥᠯᠳᠡᠭᠰᠡᠨ ᠪᠠᠶᠢᠳᠠᠯ ᠣᠷᠣᠰᠢᠵᠤ᠂ ᠣᠯᠠᠨ ᠲᠦᠮᠡᠨ ᠤ ᠶᠠᠪᠤᠵᠤ ᠰᠠᠭᠤᠬᠤ ᠳᠤ ᠳᠥᠭᠦᠮ ᠦᠭᠡᠢ ᠪᠣᠯᠵᠠᠶ᠂ ᠣᠯᠠᠨ ᠲᠦᠮᠡᠨ ᠤ ᠶᠠᠪᠤᠵᠤ ᠰᠠᠭᠤᠬᠤ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ 1 ᠰᠠᠷ᠎ᠠ ᠶᠢᠨ 23᠎ ᠤ ᠡᠳᠦᠷ᠂ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠪᠠᠯᠭᠠᠰᠤᠨ ᠤ ᠳᠡᠳ᠋ ᠳᠠᠷᠤᠭ᠎ᠠ ᠴᠣᠯᠮᠣᠨ ᠪᠠᠯᠭᠠᠰᠤᠨ ᠤ ᠬᠤᠲᠠ ᠶᠢᠨ ᠬᠠᠮᠢᠶᠠᠷᠤᠯᠲᠠ ᠶᠢᠨ ᠠᠯᠪᠠᠨ ᠬᠡᠷ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠲᠤᠰᠬᠠᠶ ᠭᠠᠯ ᠤᠨᠲᠠᠷᠠᠭᠠᠭᠴᠢ ᠶᠢ ᠵᠣᠬᠢᠶᠠᠨ ᠪᠠᠶᠢᠭᠤᠯᠵᠤ ᠳᠠᠪᠤᠰᠤ ᠲᠣᠰᠬᠤᠨ ᠤ ︽ᠬᠥᠯᠳᠡᠭᠡᠭᠰᠡᠨ ᠵᠠᠮ ᠤᠨ ᠬᠡᠰᠡᠭ︾᠎ ᠲᠤ ᠬᠦᠷᠴᠦ ᠵᠠᠮ ᠳᠡᠭᠡᠷ᠎ᠡ ᠴᠠᠰᠤ ᠬᠠᠶᠢᠯᠠᠭᠤᠯᠬᠤ ᠠᠵᠢᠯ ᠬᠢᠵᠡᠶ᠃
C:\Users\Administrator\Desktop\新闻照片\21.jpg
    ᠲᠤᠰ ᠤᠳᠠᠭ᠎ᠠ ᠶᠢᠨ ᠴᠠᠰᠤ ᠬᠠᠶᠢᠯᠤᠭᠤᠯᠬᠤ ᠠᠵᠢᠯ 2.5 ᠴᠠᠭ ᠶᠠᠪᠤᠭᠳᠠᠵᠤ᠂ 1000 ᠭᠠᠷᠤᠢ ᠵᠢᠩ ᠴᠠᠰᠤ ᠬᠠᠶᠢᠯᠤᠭᠤᠯᠬᠤ ᠡᠮ ᠰᠠᠴᠤᠵᠤ᠂ 12 ᠭᠠᠵᠠᠷ ᠤᠨ ᠪᠠᠴᠢᠮ ᠮᠣᠷᠣᠶᠢᠬᠤ᠂ ᠨᠠᠯᠠᠤ ᠵᠠᠮ ᠳᠤ ᠴᠢᠭᠯᠡᠭᠦᠯᠬᠦ ᠴᠢᠨᠠᠷᠲᠠᠢ ᠠᠵᠢᠯ ᠬᠢᠵᠦ᠂ 2 ᠵᠠᠰᠠᠭ ᠵᠠᠬᠢᠷᠭᠠᠨ ᠤ ᠲᠣᠰᠬᠤᠨ ᠤ 4 ᠠᠶᠢᠯ ᠲᠣᠰᠬᠤᠨ ᠢ ᠪᠦᠷᠬᠦᠪᠡ᠃
C:\Users\Administrator\Desktop\新闻照片\22.jpg
    ᠲᠣᠰ ᠤᠳᠠᠭᠠᠨ ᠤ ᠴᠠᠰᠤ ᠬᠠᠶᠢᠯᠤᠭᠤᠯᠬᠤ ᠠᠵᠢᠯ ᠢᠶᠠᠷ ᠳᠡᠮᠵᠢᠨ᠂ ᠵᠠᠮ ᠬᠠᠷᠢᠯᠴᠠᠭᠠᠨ ᠤ ᠠᠮᠤᠷ ᠲᠦᠪᠰᠢᠨ ᠤ ᠳᠠᠯᠳᠠ ᠬᠡᠮ ᠢ ᠦᠨᠡᠨ ᠬᠦ ᠠᠷᠢᠯᠭᠠᠵᠤ᠂ ᠬᠠᠷᠢᠶᠠᠲᠤ ᠣᠷᠣᠨ ᠤ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠪᠠ᠃ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠣᠰᠣᠭᠠᠷ᠂ ᠲᠠᠷᠠᠭᠠᠴᠢ ᠶᠢᠨ ᠠᠯᠬᠤᠮ ᠳᠤ᠂ ᠬᠤᠶᠠᠷᠬᠤᠳᠳᠤᠭ ᠤᠨ ᠬᠢᠨ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ︽ᠬᠥᠳᠡᠭᠡ ᠲᠣᠰᠬᠤᠨ ᠤ ᠳᠥᠷᠪᠡᠨ ᠰᠠᠶᠢᠨᠲᠠᠶ ᠵᠠᠮ︾᠎ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠬᠠᠮᠲᠤ ᠠᠷᠠᠳ ᠣᠯᠠᠨ ᠤ ᠶᠠᠪᠤᠵᠤ ᠰᠠᠭᠤᠬᠤ ᠠᠮᠤᠷ ᠲᠦᠪᠰᠢᠨ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠭᠠᠯᠢ ᠶᠢᠨ ᠭᠠᠶ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡ ᠶᠢ ᠪᠠᠲᠤᠳᠬᠠᠨ᠂ ᠠᠰᠢᠭ ᠥᠬᠡᠶ ᠴᠠᠭ ᠠᠭᠤᠷ ᠤᠨ ᠨᠥᠯᠥᠭᠡ ᠶᠢ ᠠᠷᠭᠠᠴᠠᠬᠤ ᠪᠠᠴᠢᠮ ᠪᠠᠶᠢᠳᠠᠯ ᠢ ᠠᠷᠭᠠᠴᠠᠬᠤ ᠪᠠᠶᠢᠯᠳᠤᠭᠠᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠪᠥᠬᠦ ᠪᠠᠯᠭᠠᠰᠤᠨ ᠤ ᠥᠷᠭᠡᠨ ᠣᠯᠠᠨ ᠲᠦᠮᠡᠨ ᠳᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠲᠤ ᠪᠠᠬᠢ ᠪᠠᠶᠢᠭᠤᠯᠵᠤ ᠥᠭᠭᠦᠨ᠎ᠡ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号