ᠥᠮᠡᠨ ᠡᠪᠡᠳᠴᠢᠨ ᠢ ᠢᠳᠡᠵᠦ ᠤᠤᠭᠤᠵᠤ ᠪᠠᠶᠢᠭᠠᠳ ᠤᠯᠤᠬᠰᠠᠨ ᠬᠡᠨ᠎ᠡ ᠤᠤ︖ ᠡᠳᠡᠭᠡᠷ ᠢᠳᠡᠭᠡᠨ ᠥᠮᠡᠨ ᠢ ᠰᠡᠷᠭᠡᠶᠢᠯᠡᠵᠦ ᠲᠠᠶᠢᠯᠤᠨ᠎ᠠ︕
ᠨᠡᠶᠢᠲᠡᠯᠡᠭᠰᠡᠨ ᠴᠠᠭ᠄
2024/1/29
    ᠥᠮᠡᠨ︕ ᠥᠮᠡᠨ ᠡᠭᠦᠰᠭᠡᠬᠦ ᠪᠣᠳᠠᠰ︕ ᠪᠢᠳᠡᠨ ᠤ ᠡᠳᠦᠷ ᠲᠤᠲᠤᠮ ᠤᠨ ᠢᠳᠡᠭᠡᠨ ᠤᠮᠳᠠᠭᠠᠨ ᠳᠤ ᠨᠢᠭᠤᠭᠳᠠᠵᠤ ᠪᠠᠶᠢᠨ᠎ᠠ ᠰᠢᠦ᠃     1. ᠢᠳᠡᠵᠦ ᠤᠤᠭᠤᠵᠤ ᠪᠠᠶᠢᠭᠠᠳ ᠤᠯᠤᠬᠰᠠᠨ ᠡᠯᠢᠭᠡᠨ ᠥᠮᠡᠨ     ᠬᠡᠷᠪᠡ ᠸᠠᠯᠠᠭᠰᠠᠨ᠂ ᠴᠢᠨᠠᠷ ᠬᠤᠪᠢᠷᠠᠭᠰᠠᠨ ᠢᠳᠡᠭᠡᠨ ᠢ ᠦᠷᠭᠦᠯᠵᠢ ᠢᠳᠡᠬᠦ ᠪᠤᠶᠤ ᠸᠠᠯᠠᠭᠰᠠᠨ ᠬᠤᠭᠤᠯᠠᠨ ᠤ ᠬᠡᠷᠡᠭᠰᠡᠯ ᠢᠶᠠᠷ ᠬᠤᠭᠤᠯᠠ ᠢᠳᠡᠪᠡᠯ ᠥᠮᠡᠨ ᠡᠭᠦᠰᠭᠡᠬᠦ ᠪᠣᠳᠠᠰ — ᠰᠢᠷ᠎ᠠ ᠬᠥᠷᠥᠩᠭᠡ ᠶᠢᠨ ᠬᠥᠭᠡᠴᠦ ᠶᠢᠨ ᠬᠤᠣᠷᠲᠤ ᠡᠳ᠋ ︵黄曲霉毒素︶᠎ ᠢ ᠢᠳᠡᠵᠦ ᠮᠡᠳᠡᠨ᠎ᠡ᠃     2. ᠡᠯᠢᠭᠡᠨ ᠤ ᠥᠮᠡᠨ ᠢ ᠰᠡᠷᠭᠡᠶᠢᠯᠡᠬᠦ ᠳᠤ᠂ ᠨᠣᠭᠤᠭᠠᠨ ᠥᠩᠭᠡᠲᠦ ᠢᠳᠡᠭᠡᠨ ᠢᠳᠡᠬᠦ ᠬᠡᠷᠡᠭᠳᠡᠢ     ᠨᠣᠭᠤᠭᠠᠨ ᠥᠩᠭᠡᠲᠦ ᠢᠳᠡᠭᠡᠨ ᠳᠤ ᠨᠠᠪᠴᠢᠨ ᠤ ᠨᠣᠭᠤᠭᠠᠨ ᠡᠳ᠋ ᠤᠨ ᠮᠣᠯᠧᠺᠦ᠋ᠯ ᠠᠭᠤᠯᠤᠭᠳᠠᠵᠤ ᠪᠠᠶᠢᠳᠠᠭ᠂ ᠲᠡᠳᠡᠭᠡᠷ ᠨᠢ ᠡᠯᠢᠭᠡᠨ ᠳᠤ ᠤᠷᠤᠭᠰᠠᠨ ᠤ ᠳᠠᠷᠠᠭ᠎ᠠ ᠰᠢᠷ᠎ᠠ ᠬᠦᠷᠦᠩᠭᠡ ᠶᠢᠨ ᠬᠥᠭᠡᠴᠦ ᠶᠢᠨ ᠬᠤᠣᠷᠲᠤ ᠡᠳ᠋ ᠢ ᠬᠠᠰᠢᠬᠤ ᠦᠢᠯᠡᠳᠦᠯ ᠦᠵᠡᠭᠦᠯᠵᠦ᠂ ᠰᠢᠷ᠎ᠠ ᠬᠦᠷᠦᠩᠭᠡ ᠶᠢᠨ ᠬᠥᠭᠡᠴᠦ ᠶᠢᠨ ᠬᠤᠣᠷᠲᠤ ᠡᠳ᠋ ᠤᠨ ᠤᠳᠤᠮᠰᠢᠯ ᠤᠨ ᠪᠣᠳᠠᠰ ᠲᠤ ᠬᠤᠬᠢᠷᠠᠯ ᠤᠴᠠᠷᠠᠭᠤᠯᠬᠤ ᠶᠢ ᠬᠤᠷᠢᠭᠯᠠᠳᠠᠭ᠂ ᠡᠶᠢᠮᠦ ᠠᠴᠠ ᠡᠯᠢᠭᠡᠨ ᠥᠮᠡᠨ ᠢ ᠤᠷᠢᠳᠴᠢᠯᠠᠨ ᠰᠡᠷᠭᠡᠶᠢᠯᠡᠬᠦ ᠦᠢᠯᠡᠳᠦᠯ ᠦᠵᠡᠬᠦᠯᠳᠡᠭ ᠶᠤᠮ᠃     3. ᠨᠣᠭᠤᠭᠠᠨ ᠥᠩᠭᠡᠲᠦ ᠢᠳᠡᠭᠡᠨ ᠤ ᠲᠤᠳᠤᠷᠠᠬᠢ ᠠᠯᠢᠨ ᠤ ᠬᠢᠨᠢ ᠨᠠᠪᠴᠢᠨ ᠤ ᠨᠣᠭᠤᠭᠠᠨ ᠡᠳ᠋ ᠤᠨ ᠠᠭᠤᠯᠤᠭᠳᠠᠴᠠ ᠥᠨᠳᠥᠷ ᠪᠠᠶᠢᠳᠠᠭ ᠪᠤᠶ︖ ᠥᠩᠭᠡ ᠨᠢ ᠭᠦᠨ ᠪᠣᠯ ᠨᠠᠪᠴᠢᠨ ᠤ ᠨᠣᠭᠤᠭᠠᠨ ᠡᠳ᠋ ᠤᠨ ᠠᠭᠤᠯᠤᠭᠳᠠᠴᠠ ᠥᠨᠳᠥᠷ ᠪᠠᠶᠢᠳᠠᠭ ᠬᠡᠵᠢ ᠦᠦ︖     ᠠᠷᠠᠢ ᠲᠡᠶᠢᠮᠦ ᠪᠢᠰᠢ ᠶᠤᠮ᠃ ᠵᠢᠮᠢᠰ ᠨᠣᠭᠤᠭ᠎ᠠ ᠶᠢᠨ ᠲᠥᠷᠥᠯ ᠪᠤᠶᠤ ᠭᠤᠸᠠ ᠶᠢᠨ ᠲᠥᠷᠥᠯ ᠤᠨ ᠢᠳᠡᠰᠢᠨ ᠨᠣᠭᠤᠭ᠎ᠠ ᠶᠢ ᠵᠥᠪᠬᠡᠨ ᠥᠩᠭᠡᠨ ᠲᠠᠯ᠎ᠠ ᠠᠴᠠ ᠨᠢ ᠦᠵᠡᠬᠦ ᠳᠤ ᠮᠠᠰᠢ ᠨᠣᠭᠤᠭᠠᠨ ᠪᠠᠶᠢᠳᠠᠭ ᠪᠤᠯᠪᠠᠴᠤ ᠲᠡᠳᠡᠭᠡᠷ ᠤᠨ ᠳᠣᠲᠣᠭᠠᠳᠤ ᠶᠢᠨ ᠨᠠᠪᠴᠢᠨ ᠤ ᠨᠣᠭᠤᠭᠠᠨ ᠡᠳ᠋ ᠤᠨ ᠠᠭᠤᠯᠤᠭᠳᠠᠴᠠ ᠨᠢ ᠨᠡᠯᠢᠶᠡᠳ ᠪᠠᠭ᠎ᠠ ᠪᠠᠶᠢᠳᠠᠭ᠂ ᠵᠢᠱᠢᠶᠡᠯᠡᠪᠡᠯ ᠥᠷᠭᠡᠰᠦᠲᠦ ᠬᠡᠮᠬᠡ᠃     1. ᠢᠳᠡᠵᠦ ᠤᠤᠭᠤᠵᠤ ᠪᠠᠶᠢᠭᠠᠳ ᠤᠯᠤᠬᠰᠠᠨ ᠬᠤᠳᠣᠭᠤᠳᠣᠨ ᠥᠮᠡᠨ     ᠴᠥᠭᠡᠨ ᠪᠤᠰᠤ ᠬᠥᠮᠦᠰ ᠬᠤᠭᠤᠯᠠ ᠢᠳᠡᠬᠦ ᠳᠡᠭᠡᠨ ᠪᠦᠷ ᠳᠠᠪᠤᠰᠤᠯᠠᠭᠰᠠᠨ ᠢᠳᠡᠰᠢᠨ ᠨᠣᠭᠤᠭ᠎ᠠ᠂ ᠮᠢᠬᠠᠨ ᠤ ᠲᠥᠷᠥᠯ᠂ ᠵᠢᠭᠠᠰᠤᠨ ᠤ ᠲᠥᠷᠥᠯ᠂ ᠵᠢᠱᠢᠶᠡᠯᠡᠪᠡᠯ ᠳᠠᠪᠤᠰᠤᠯᠠᠭᠰᠠᠨ ᠨᠣᠭᠤᠭ᠎ᠠ᠂ ᠳᠠᠪᠤᠰᠤᠯᠠᠭᠰᠠᠨ ᠮᠢᠬ᠎ᠠ᠂ ᠳᠠᠪᠤᠰᠤᠯᠠᠭᠰᠠᠨ ᠵᠢᠭᠠᠰᠤ ᠵᠡᠷᠭᠡ ᠶᠢ ᠢᠳᠡᠬᠦ ᠳᠤᠷᠠᠲᠠᠶ ᠪᠠᠶᠢᠳᠠᠭ᠂ ᠭᠡᠪᠡᠴᠦ ᠳᠠᠪᠤᠰᠤᠯᠠᠭᠰᠠᠨ ᠢᠳᠡᠭᠡᠨ ᠳᠤ ᠠᠭᠤᠯᠤᠭᠳᠠᠬᠤ ᠳᠤᠲᠠᠭᠤ ᠠᠽᠣᠲ ᠬᠦᠴᠢᠯ ᠤᠨ ᠲᠠᠪᠤᠰᠤᠨ ᠤ ᠠᠭᠤᠯᠤᠭᠳᠠᠴᠠ ᠨᠢ ᠨᠡᠯᠢᠶᠡᠳ ᠥᠨᠳᠥᠷ ᠪᠠᠶᠢᠳᠠᠭ᠂ ᠡᠶᠢᠮᠦ ᠳᠤᠲᠠᠭᠤ ᠠᠽᠣᠲ ᠬᠦᠴᠢᠯ ᠤᠨ ᠳᠠᠪᠤᠰᠤ ᠨᠢ ᠬᠦᠮᠦᠨ ᠤ ᠪᠡᠶ᠎ᠡ ᠶᠢᠨ ᠳᠣᠲᠣᠷ᠎ᠠ ᠣᠷᠳᠣ ᠬᠤᠭᠤᠴᠠᠭ᠎ᠠ ᠪᠠᠷ ᠬᠤᠷᠠᠮᠳᠤᠪᠡᠯ ᠥᠮᠡᠨ ᠤᠯᠬᠤ ᠵᠡᠷᠡᠮᠳᠡᠭ ᠪᠣᠯᠭᠠᠬᠤ ᠪᠠ ᠭᠧᠨ ᠢ ᠭᠡᠨᠡᠳᠲᠡ ᠬᠤᠪᠢᠷᠠᠭᠤᠯᠬᠤ ᠵᠡᠷᠭᠡ ᠦᠢᠯᠡᠳᠦᠯ ᠦᠵᠡᠬᠦᠯᠵᠦ ᠬᠤᠳᠣᠭᠤᠳᠣᠨ ᠥᠮᠡᠨ ᠤᠯᠤᠭᠤᠯᠳᠠᠭ᠂ ᠡᠨᠡ ᠨᠢ ᠬᠤᠳᠣᠭᠤᠳᠣᠨ ᠥᠮᠡᠨ ᠤᠯᠤᠭᠤᠯᠳᠠᠭ ︽ᠲᠦᠷᠦᠭᠦᠦ ᠶᠠᠷᠭᠠᠴᠢᠨ︾᠎ ᠤ ᠨᠢᠭᠡ ᠪᠣᠯᠤᠨ᠎ᠠ᠃     2. ᠬᠤᠳᠣᠭᠤᠳᠣᠨ ᠥᠮᠡᠨ ᠢ ᠰᠡᠷᠭᠡᠶᠢᠯᠡᠬᠦ ᠳᠤ᠂ ᠰᠣᠩᠭᠢᠨ᠎ᠠ ᠶᠢᠨ ᠲᠥᠷᠥᠯ ᠤᠨ ᠢᠳᠡᠰᠢᠨ ᠨᠣᠭᠤᠭ᠎ᠠ ᠢᠳᠡᠬᠦ ᠭᠡᠷᠡᠭᠳᠡᠢ     ᠰᠣᠩᠭᠢᠨ᠎ᠠ ᠶᠢᠨ ᠲᠥᠷᠥᠯ ᠤᠨ ᠢᠳᠡᠰᠢᠨ ᠨᠣᠭᠤᠭ᠎ᠠ ᠶᠢ ᠦᠷᠭᠦᠯᠵᠢ ᠢᠳᠡᠪᠡᠯ ᠬᠤᠳᠣᠭᠤᠳᠣᠨ ᠥᠮᠡᠨ ᠤ ᠡᠭᠦᠰᠬᠦ ᠨᠣᠷᠮ᠎ᠠ ᠨᠢ ᠲᠡᠳᠦᠶ ᠳᠤᠤᠷ᠎ᠠ ᠪᠤᠯᠭᠠᠳᠠᠭ᠃ ᠰᠤᠳᠤᠯᠭᠠᠨ ᠠᠴᠠ ᠦᠵᠡᠪᠡᠯ᠂ ᠰᠣᠩᠭᠢᠨ᠎ᠠ ᠶᠢᠨ ᠲᠥᠷᠥᠯ ᠤᠨ ᠢᠳᠡᠰᠢᠨ ᠨᠣᠭᠤᠭ᠎ᠠ ᠳᠤ ᠰᠢᠷ᠎ᠠ ᠺᠧᠲ᠋ᠣᠨ ︵黄酮︶᠂ ᠣᠷᠭᠠᠨᠢᠭ ᠬᠦᠬᠦᠷᠲᠦ ᠨᠢᠭᠡᠳᠪᠦᠷᠢ ︵有机硫化物︶ ᠵᠡᠷᠭᠡ ᠶᠢ ᠪᠠᠭᠲᠠᠭᠠᠭᠰᠠᠨ ᠮᠠᠰᠢ ᠣᠯᠠᠨ ᠣᠷᠭᠠᠨᠢᠭ ᠪᠣᠳᠠᠰ ᠪᠠᠶᠢᠳᠠᠭ᠂ ᠡᠲᠡᠭᠡᠷ ᠣᠷᠭᠠᠨᠢᠭ ᠪᠣᠳᠠᠰ ᠤᠨ ᠲᠣᠰ ᠪᠡᠶ᠎ᠡ ᠨᠢ ᠥᠮᠡᠨ ᠢ ᠰᠢᠭᠤᠳ ᠬᠤᠷᠢᠭᠯᠠᠬᠤ ᠦᠢᠯᠡᠳᠦᠯ ᠲᠠᠢ ᠶᠤᠮ᠃     3. ᠰᠣᠩᠭᠢᠨ᠎ᠠ ᠶᠢᠨ ᠲᠥᠷᠥᠯ ᠤᠨ ᠢᠳᠡᠰᠢᠨ ᠨᠣᠭᠤᠭ᠎ᠠ ᠭᠡᠳᠡᠭ ᠨᠢ ᠶᠠᠮᠠᠷ ᠶᠠᠮᠠᠷ ᠨᠣᠭᠤᠭ᠎ᠠ ᠶᠢ ᠵᠢᠭᠠᠵᠤ ᠪᠠᠶᠢᠬᠤ ᠪᠤᠢ︖     ᠪᠥᠭᠡᠷᠡᠩᠬᠡᠶ ᠰᠣᠩᠭᠢᠨ᠎ᠠ᠂ ᠰᠣᠩᠭᠢᠨ᠎ᠠ᠂ ᠠᠮᠳᠠᠳᠤ ᠰᠣᠩᠭᠢᠨ᠎ᠠ᠂ ᠰᠠᠷᠢᠮᠰᠠᠭ᠂ ᠭᠤᠭᠤᠳ ᠵᠡᠷᠭᠡ ᠨᠢ ᠪᠦᠷ ᠰᠣᠩᠭᠢᠨ᠎ᠠ ᠶᠢᠨ ᠲᠥᠷᠥᠯ ᠳᠤ ᠪᠠᠭᠲᠠᠨ᠎ᠠ᠃   
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号