2027 ᠣᠨ ᠤ ᠡᠴᠦᠰ ᠪᠣᠯᠲᠠᠯ᠎ᠠ ᠲᠣᠭᠠᠯᠠᠨ ᠪᠦᠷᠢᠳᠬᠡᠭᠰᠡᠨ ᠭᠠᠶᠢᠯᠢ ᠲᠠᠲᠠᠪᠤᠷᠢ ᠶᠢᠨ ᠬᠠᠷᠠᠭᠠᠯᠵᠠᠯᠲᠤ ᠲᠥᠷᠥ ᠶᠢᠨ ᠪᠣᠳᠣᠯᠭ᠎ᠠ ︵ᠨᠢᠭᠡ︶
ᠨᠡᠶᠢᠲᠡᠯᠡᠭᠰᠡᠨ ᠴᠠᠭ᠄
2024/1/30
    2027 ᠣᠨ ᠤ ᠡᠴᠦᠰ ᠪᠣᠯᠲᠠᠯ᠎ᠠ ᠲᠣᠭᠠᠯᠠᠨ ᠪᠦᠷᠢᠳᠬᠡᠭᠰᠡᠨ ᠭᠠᠶᠢᠯᠢ ᠲᠠᠲᠠᠪᠤᠷᠢ ᠶᠢᠨ ᠬᠠᠷᠠᠭᠠᠯᠵᠠᠯᠲᠤ ᠲᠥᠷᠥ ᠶᠢᠨ ᠪᠣᠳᠣᠯᠭ᠎ᠠ ︵ᠨᠢᠭᠡ︶    ᠨᠢᠭᠡ᠄    ᠰᠠᠷ᠎ᠠ ᠶᠢᠨ ᠪᠣᠷᠣᠯᠠᠭᠤᠯᠤᠯᠲᠠ ᠶᠢᠨ ᠲᠤᠭ᠎ᠠ ᠨᠢ 10 ᠲᠦᠮᠡᠨ ᠲᠥᠭᠦᠷᠢᠭ ᠠᠴᠠ ᠳᠣᠷᠣᠭᠰᠢ ︵ᠡᠬᠡ ᠲᠤᠭ᠎ᠠ ᠶᠢ ᠪᠠᠭᠲᠠᠭᠠᠨ᠎ᠠ︶ ᠶᠢᠨ ᠥᠷᠲᠡᠭ ᠨᠡᠮᠡᠭᠳᠡᠯ ᠤᠨ ᠭᠠᠶᠢᠯᠢ ᠶᠢᠨ ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ ᠠᠴᠠ ᠥᠷᠲᠡᠭ ᠨᠡᠮᠡᠭᠳᠡᠯ ᠤᠨ ᠭᠠᠶᠢᠯᠢ ᠲᠠᠲᠠᠪᠤᠷᠢᠯᠠᠬᠤ ᠥᠬᠡᠶ᠃ ᠥᠷᠲᠡᠭ ᠨᠡᠮᠡᠭᠳᠡᠯ ᠤᠨ ᠭᠠᠶᠢᠯᠢ ᠶᠢᠨ ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ ᠳᠤ 3% ᠶᠢᠨ ᠲᠠᠲᠠᠪᠤᠷᠢᠯᠠᠬᠤ ᠨᠣᠷᠮ᠎ᠠ ᠶᠢᠨ ᠭᠠᠶᠢᠯᠢ ᠲᠤᠰᠢᠶᠠᠬᠤ ᠶᠣᠰᠣᠲᠠᠶ ᠪᠣᠷᠣᠯᠠᠭᠤᠯᠤᠯᠲᠠ ᠶᠢᠨ ᠣᠷᠣᠯᠭ᠎ᠠ ᠶᠢ ᠬᠡᠷᠡᠭᠯᠡᠵᠦ᠂ 1% ᠶᠢᠨ ᠲᠠᠲᠠᠪᠤᠷᠢᠯᠠᠬᠤ ᠨᠣᠷᠮ᠎ᠠ ᠪᠠᠷ ᠥᠷᠲᠡᠭ ᠨᠡᠮᠡᠭᠳᠡᠯ ᠤᠨ ᠭᠠᠶᠢᠯᠢ ᠲᠠᠲᠠᠪᠤᠷᠢᠯᠠᠬᠤ ᠶᠢ 3% ᠶᠢᠨ ᠤᠷᠢᠳᠴᠢᠯᠠᠨ ᠲᠠᠲᠠᠪᠤᠷᠢᠯᠠᠬᠤ ᠨᠤᠷᠮ᠎ᠠ ᠶᠢ ᠬᠡᠷᠡᠭᠯᠡᠬᠦ ᠤᠷᠢᠳᠴᠢᠯᠠᠨ ᠲᠤᠰᠢᠶᠠᠬᠤ ᠦᠷᠳᠡᠭ ᠨᠡᠮᠡᠭᠳᠡᠯ ᠤᠨ ᠭᠠᠶᠢᠯᠢ ᠶᠢᠨ ᠵᠦᠢᠯᠡᠰ ᠲᠤ 1% ᠶᠢᠨ ᠤᠷᠢᠳᠴᠢᠯᠠᠨ ᠲᠠᠲᠠᠪᠤᠷᠢᠯᠠᠬᠤ ᠨᠤᠷᠮ᠎ᠠ ᠪᠠᠷ ᠦᠷᠳᠡᠭ ᠨᠡᠮᠡᠭᠳᠡᠯ ᠤᠨ ᠭᠠᠶᠢᠯᠢ ᠶᠢ ᠤᠷᠢᠳᠴᠢᠯᠠᠨ ᠲᠤᠰᠢᠶᠠᠬᠤ ᠶᠢ ᠬᠠᠰᠤᠨ᠎ᠠ᠃    ᠲᠤᠰ ᠠᠯᠪᠠᠨ ᠵᠠᠷ ᠢ 2027 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ ᠬᠡᠷᠡᠭᠵᠢᠭᠦᠯᠦᠨ᠎ᠡ᠃    ᠲᠦᠷᠦ ᠶᠢᠨ ᠪᠤᠳᠤᠯᠭ᠎ᠠ ᠶᠢᠨ ᠦᠨᠳᠦᠰᠦᠯᠡᠯ    ︽ᠥᠷᠲᠡᠭ ᠨᠡᠮᠡᠭᠳᠡᠯ ᠤᠨ ᠭᠠᠶᠢᠯᠢ ᠶᠢᠨ ᠵᠢᠵᠢᠭ ᠬᠡᠪᠴᠢᠶᠡᠨ ᠤ ᠭᠠᠶᠢᠯᠢ ᠲᠤᠰᠢᠶᠠᠭᠴᠢ ᠶᠢᠨ ᠥᠷᠲᠡᠭ ᠨᠡᠮᠡᠭᠳᠡᠯ ᠤᠨ ᠭᠠᠶᠢᠯᠢ ᠶᠢ ᠬᠥᠩᠭᠡᠯᠡᠵᠦ ᠭᠡᠯᠳᠦᠷᠢᠭᠦᠯᠬᠦ ᠲᠥᠷᠥ ᠶᠢᠨ ᠪᠣᠳᠣᠯᠭ᠎ᠠ ᠶᠢᠨ ᠲᠤᠬᠠᠶ ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠠᠯᠪᠠᠨ ᠵᠠᠷ︾ ︵ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠠᠯᠪᠠᠨ ᠵᠠᠷ 2023 ᠣᠨ ᠤ 19 ᠳ᠋ᠦ᠋ᠭᠡᠷ ᠲᠣᠭᠠᠲᠤ︶    ᠬᠤᠶᠠᠷ᠄    2023 ᠣᠨ ᠤ 1 ᠰᠠᠷ᠎ᠠ ᠶᠢᠨ 1 ᠤ ᠡᠳᠦᠷ ᠠᠴᠠ 2027 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ᠂ ᠥᠷᠲᠡᠭ ᠨᠡᠮᠡᠭᠳᠡᠯ ᠤᠨ ᠭᠠᠶᠢᠯᠢ ᠶᠢᠨ ᠵᠢᠵᠢᠭ ᠬᠡᠪᠴᠢᠶᠡᠨ ᠤ ᠭᠠᠶᠢᠯᠢ ᠲᠤᠰᠢᠶᠠᠭᠴᠢ᠂ ᠵᠢᠵᠢᠭ ᠬᠡᠯᠪᠡᠷᠢ ᠶᠢᠨ ᠥᠴᠦᠬᠡᠨ ᠠᠰᠢᠭᠲᠤ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠠᠴᠠ ᠡᠬᠢ ᠪᠠᠶᠠᠯᠢᠭ ᠤᠨ ᠭᠠᠶᠢᠯᠢ ︵ᠤᠰᠤ ᠥᠯᠥ ᠠᠭᠤᠯᠬᠤ ᠡᠬᠢ ᠪᠠᠶᠠᠯᠢᠭ ᠤᠨ ᠭᠠᠶᠢᠯᠢ︶᠂ ᠬᠤᠲᠠ ᠶᠢᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠭᠠᠶᠢᠯᠢ᠂ ᠬᠡᠷ ᠬᠥᠷᠥᠩᠭᠡ ᠶᠢᠨ ᠭᠠᠶᠢᠯᠢ᠂ ᠬᠤᠲᠠ ᠪᠠᠯᠭᠠᠰᠤ ᠶᠢᠨ ᠭᠠᠵᠠᠷ ᠰᠢᠷᠣᠶ ᠬᠡᠷᠡᠭᠯᠡᠬᠦ ᠭᠠᠶᠢᠯᠢ᠂ ᠲᠡᠮᠳᠡᠭᠲᠦ ᠶᠢᠨ ᠭᠠᠶᠢᠯᠢ ︵ᠦᠨᠡᠲᠦ ᠴᠠᠭᠠᠰᠤᠨ ᠤ ᠠᠷᠠᠯᠵᠢᠶᠠᠨ ᠤ ᠲᠡᠮᠳᠡᠭᠲᠦ ᠶᠢᠨ ᠭᠠᠶᠢᠯᠢ ᠪᠠᠭᠲᠠᠬᠤ ᠥᠬᠡᠶ︶᠂ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠪᠠ ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠯᠲᠡ᠂ ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ ᠵᠡᠷᠭᠡ ᠶᠢ ᠬᠠᠭᠠᠰ ᠢᠶᠠᠷ ᠬᠥᠩᠭᠡᠯᠡᠨ ᠲᠠᠲᠠᠪᠤᠷᠢᠯᠠᠨ᠎ᠠ᠃    ᠲᠦᠷᠦ ᠶᠢᠨ ᠪᠤᠳᠤᠯᠭ᠎ᠠ ᠶᠢᠨ ᠦᠨᠳᠦᠰᠦᠯᠡᠯ    ︽ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢᠨ ᠬᠤᠯᠪᠣᠭᠳᠠᠯ ᠪᠥᠬᠦᠶ ᠭᠠᠶᠢᠯᠢ  ᠰᠦᠢᠳᠭᠡᠯ ᠤᠨ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠳᠡᠮᠵᠢᠬᠦ ᠲᠤᠬᠠᠶ ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠠᠯᠪᠠᠨ ᠵᠠᠷ︾ ︵ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠠᠯᠪᠠᠨ ᠵᠠᠷ 2023 ᠣᠨ ᠤ 12 ᠳ᠋ᠤᠭᠠᠷ ᠲᠣᠭᠠᠲᠤ︶    ᠭᠤᠷᠪᠠ᠄    ᠭᠠᠶᠢᠯᠢ ᠲᠤᠰᠢᠶᠠᠭᠴᠢ ᠠᠴᠠ ᠲᠠᠷᠢᠶᠠᠴᠢᠨ ᠡᠷᠦᠬᠡ᠂ ᠵᠢᠵᠢᠭ ᠬᠡᠯᠪᠡᠷᠢ ᠶᠢᠨ ᠠᠵᠤ ᠠᠬᠤᠶᠢᠯᠠᠯ᠂ ᠪᠢᠴᠢᠯ ᠬᠡᠯᠪᠡᠷᠢ ᠶᠢᠨ ᠠᠵᠤ ᠠᠬᠤᠶᠢᠯᠠᠯ ᠵᠢᠴᠢ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠳᠤ ᠵᠣᠭᠤᠰ ᠵᠢᠭᠡᠯᠡᠭᠰᠡᠨ᠂ ᠵᠢᠭᠡᠯᠡᠯᠭᠡ ᠶᠢᠨ ᠲᠡᠮᠳᠡᠭᠲᠦ ᠲᠠᠷᠬᠠᠭᠠᠵᠤ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠬᠠᠩᠭᠠᠭᠠᠳ ᠣᠯᠤᠭᠰᠠᠨ ᠳᠠᠭᠠᠭᠠᠯᠲᠠ ᠶᠢᠨ ᠰᠦᠢᠳᠭᠡᠯ ᠤᠨ ᠣᠷᠣᠯᠭ᠎ᠠ ᠵᠢᠴᠢ ᠳᠡᠭᠡᠷ᠎ᠡ ᠳᠤᠷᠠᠳᠤᠭᠰᠠᠨ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠳᠤ ᠳᠠᠬᠢᠨ ᠳᠠᠭᠠᠭᠠᠯᠲᠠ ᠬᠠᠩᠭᠠᠭᠠᠳ ᠣᠯᠤᠭᠰᠠᠨ ᠳᠠᠬᠢᠨ ᠳᠠᠭᠠᠭᠠᠯᠲᠠ ᠶᠢᠨ ᠰᠦᠢᠳᠭᠡᠯ ᠤᠨ ᠣᠷᠣᠯᠭ᠎ᠠ ᠠᠴᠠ ᠥᠷᠲᠡᠭ ᠨᠡᠮᠡᠭᠳᠡᠯ ᠤᠨ ᠭᠠᠶᠢᠯᠢ ᠲᠠᠲᠠᠪᠤᠷᠢᠯᠠᠬᠤ ᠠᠴᠠ ᠭᠡᠯᠳᠦᠷᠢᠭᠦᠯᠦᠨ᠎ᠡ᠃ ᠲᠠᠬᠢᠨ ᠳᠠᠭᠠᠭᠠᠯᠲᠠ ᠶᠢᠨ ᠭᠡᠷ᠎ᠡ ᠨᠢ ᠤᠯᠠᠨ ᠤᠤᠯ ᠤᠨ ᠳᠠᠭᠠᠭᠠᠯᠲᠠ ᠶᠢᠨ ᠭᠡᠷ᠎ᠡ ᠲᠠᠢ ᠵᠣᠬᠢᠴᠠᠯᠳᠤᠭᠰᠠᠨ ᠪᠠᠶᠢᠪᠠᠯ᠂ ᠤᠤᠯ ᠤᠨ ᠳᠠᠭᠠᠭᠠᠯᠲᠠ ᠶᠢᠨ ᠭᠡᠷ᠎ᠡ ᠳᠤ ᠪᠦᠬᠦᠨ ᠢ ᠦᠷᠳᠡᠭ ᠨᠡᠮᠡᠭᠳᠡᠯ ᠤᠨ ᠭᠠᠶᠢᠯᠢ ᠠᠴᠠ ᠬᠡᠯᠲᠦᠷᠢᠭᠦᠯᠬᠦ ᠲᠦᠷᠦ ᠶᠢᠨ ᠪᠤᠳᠤᠯᠭ᠎ᠠ ᠶᠢ ᠬᠡᠷᠡᠭᠯᠡᠬᠦ ᠬᠡᠷᠡᠭᠲᠡᠶ᠃ ᠡᠰᠡ ᠲᠡᠭᠡᠪᠡᠯ᠂ ᠲᠠᠬᠢᠨ ᠳᠠᠭᠠᠭᠠᠯᠲᠠ ᠶᠢᠨ ᠭᠡᠷ᠎ᠡ ᠳᠤ ᠲᠣᠭᠲᠠᠭᠠᠯ ᠶᠣᠰᠣᠭᠠᠷ ᠦᠷᠳᠡᠭ ᠨᠡᠮᠡᠭᠳᠡᠯ ᠤᠨ ᠭᠠᠶᠢᠯᠢ ᠲᠤᠰᠢᠶᠠᠬᠤ ᠬᠡᠷᠡᠭᠲᠡᠶ᠃    ᠲᠦᠷᠦ ᠶᠢᠨ ᠪᠤᠳᠤᠯᠭ᠎ᠠ ᠶᠢᠨ ᠦᠨᠳᠦᠰᠦᠯᠡᠯ    ︽ᠲᠠᠷᠢᠶᠠᠴᠢᠨ ᠡᠷᠦᠬᠡ᠂ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠥᠷᠲᠡᠭ ᠨᠡᠮᠡᠭᠳᠡᠯ ᠤᠨ ᠭᠠᠶᠢᠯᠢ ᠶᠢᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠬᠦ ᠲᠤᠬᠠᠶ ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠠᠯᠪᠠᠨ ᠵᠠᠷ︾ ︵ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠠᠯᠪᠠᠨ ᠵᠠᠷ 2023 ᠣᠨ ᠤ 18 ᠳ᠋ᠤᠭᠠᠷ ᠲᠣᠭᠠᠲᠤ︶    ᠳᠦᠷᠪᠡ᠄    ᠵᠢᠵᠢᠭ ᠬᠡᠯᠪᠡᠷᠢ ᠶᠢᠨ ᠥᠴᠦᠬᠡᠨ ᠠᠰᠢᠭᠲᠤ ᠠᠵᠤ ᠠᠬᠤᠶᠢᠯᠠᠯ ᠤᠨ ᠭᠠᠶᠢᠯᠢ ᠲᠤᠰᠢᠶᠠᠬᠤ ᠶᠣᠰᠣᠲᠠᠶ ᠠᠰᠢᠭ ᠣᠷᠣᠯᠭ᠎ᠠ ᠶᠢᠨ ᠲᠤᠭ᠎ᠠ ᠶᠢ 25% ᠪᠠᠷ ᠬᠥᠩᠭᠡᠯᠡᠨ ᠪᠤᠳᠤᠵᠤ᠂ 20% ᠶᠢᠨ ᠭᠠᠶᠢᠯᠢ ᠶᠢᠨ ᠨᠤᠷᠮ᠎ᠠ ᠪᠠᠷ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠲᠤᠰᠢᠶᠠᠨ᠎ᠠ᠃    ᠲᠦᠷᠦ ᠶᠢᠨ ᠪᠤᠳᠤᠯᠭ᠎ᠠ ᠶᠢᠨ ᠦᠨᠳᠦᠰᠦᠯᠡᠯ    ︽ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢᠨ ᠬᠤᠯᠪᠣᠭᠳᠠᠯ ᠪᠥᠬᠦᠶ ᠭᠠᠶᠢᠯᠢ  ᠰᠦᠢᠳᠭᠡᠯ ᠤᠨ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠳᠡᠮᠵᠢᠬᠦ ᠲᠤᠬᠠᠶ ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠠᠯᠪᠠᠨ ᠵᠠᠷ︾ ︵ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠠᠯᠪᠠᠨ ᠵᠠᠷ 2023 ᠣᠨ ᠤ 12 ᠳ᠋ᠤᠭᠠᠷ ᠲᠣᠭᠠᠲᠤ︶    ᠲᠠᠪᠤ᠄    2023 ᠣᠨ ᠤ 1 ᠰᠠᠷ᠎ᠠ ᠶᠢᠨ 1 ᠤ ᠡᠳᠦᠷ ᠠᠴᠠ 2027 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ︵ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠰᠢᠯᠭᠠᠬᠤ ᠡᠲᠡᠭᠡᠳ ᠪᠠᠭᠲᠠᠨ᠎ᠠ︶᠂ ︽ᠠᠵᠢᠯ ᠣᠯᠵᠤ ᠠᠳᠠᠯ ᠦᠢᠯᠡᠰ ᠴᠣᠭᠴᠠᠯᠠᠬᠤ ᠦᠨᠡᠮᠯᠡᠯ︾ ︵︽ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ︾ ᠪᠤᠶᠤ ︽ᠲᠡᠭᠦᠰᠬᠦ ᠣᠨ ᠤ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ︾︶ ᠪᠤᠶᠤ ︽ᠠᠵᠢᠯ ᠣᠯᠵᠤ ᠠᠵᠢᠯ ᠠᠯᠳᠠᠭᠰᠠᠨ ᠳᠡᠩᠰᠡᠯᠡᠯᠲᠡ ᠶᠢᠨ ᠦᠨᠡᠮᠯᠡᠯ︾ ︵︽ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ︾︶ ᠲᠠᠢ ᠬᠥᠮᠦᠰ ᠬᠤᠪᠢ ᠶᠢᠨ ᠡᠵᠡᠩᠨᠡᠯᠲᠡ ᠶᠢ ᠡᠷᠭᠢᠯᠡᠵᠦ ᠪᠠᠶᠢᠪᠠᠯ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠳᠡᠩᠰᠡᠯᠡᠯᠲᠡ ᠬᠢᠭᠰᠡᠨ ᠲᠣᠰ ᠰᠠᠷ᠎ᠠ ᠠᠴᠠ ᠡᠬᠢᠯᠡᠨ᠂ 3 ᠵᠢᠯ ︵36 ᠰᠠᠷ᠎ᠠ︶ ᠤᠨ ᠳᠣᠲᠣᠷ᠎ᠠ ᠡᠷᠦᠬᠡ ᠪᠦᠷᠢ ᠳᠤ ᠵᠢᠯ ᠪᠦᠷᠢ 20000 ᠲᠥᠭᠦᠷᠢᠭ ᠢᠶᠠᠷ ᠬᠢᠵᠠᠭᠠᠷ ᠲᠤᠭ᠎ᠠ ᠪᠣᠯᠭᠠᠵᠤ᠂ ᠲᠣᠰ ᠵᠢᠯ ᠤᠨ ᠪᠣᠳᠠᠲᠠᠶ ᠲᠤᠰᠢᠶᠠᠪᠠᠰᠤ ᠵᠣᠬᠢᠬᠤ ᠥᠷᠲᠡᠭ ᠨᠡᠮᠡᠭᠳᠡᠯ ᠤᠨ ᠭᠠᠶᠢᠯᠢ᠂ ᠬᠤᠲᠠ ᠶᠢᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠭᠠᠶᠢᠯᠢ᠂ ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠯᠲᠡ᠂ ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ ᠪᠠ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢ ᠳᠠᠷᠠᠭᠠᠯᠠᠨ ᠬᠠᠰᠤᠨ᠎ᠠ᠃ ᠬᠢᠵᠠᠭᠠᠷᠯᠠᠭᠰᠠᠨ ᠲᠤᠭ᠎ᠠ ᠶᠢᠨ ᠪᠠᠷᠢᠮᠵᠢᠶ᠎ᠠ ᠶᠢ ᠬᠠᠮᠤᠭ ᠤᠨ ᠥᠨᠳᠥᠷ ᠲᠡᠭᠡᠨ 20% ᠪᠠᠷ ᠥᠰᠬᠡᠵᠦ ᠪᠣᠯᠤᠨ᠎ᠠ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠢ ᠦᠨᠳᠦᠰᠦᠯᠡᠨ ᠡᠨᠡ ᠬᠡᠪᠴᠢᠶᠡᠨ ᠳᠣᠲᠣᠷ᠎ᠠ ᠬᠢᠵᠠᠭᠠᠷᠯᠠᠭᠰᠠᠨ ᠲᠤᠭ᠎ᠠ ᠶᠢᠨ ᠪᠣᠳᠠᠲᠠᠶ ᠪᠠᠷᠢᠮᠵᠢᠶ᠎ᠠ ᠶᠢ ᠲᠣᠭᠲᠠᠭᠠᠵᠤ ᠪᠣᠯᠤᠨ᠎ᠠ᠃    ᠲᠦᠷᠦ ᠶᠢᠨ ᠪᠤᠳᠤᠯᠭ᠎ᠠ ᠶᠢᠨ ᠦᠨᠳᠦᠰᠦᠯᠡᠯ    ︽ᠭᠤᠤᠯᠳᠠᠯᠭ᠎ᠠ ᠲᠠᠢ ᠬᠠᠮᠲᠤᠯᠢᠭ ᠤᠨ ᠠᠳᠠᠯ ᠦᠢᠯᠡᠰ ᠴᠣᠭᠴᠠᠯᠠᠵᠤ ᠠᠵᠢᠯ ᠣᠯᠭᠤᠬᠤ ᠶᠢ ᠤᠯᠠᠮ ᠨᠢᠭᠡ ᠠᠯᠬᠤᠮ ᠳᠡᠮᠵᠢᠬᠦ ᠬᠤᠯᠪᠣᠭᠳᠠᠯ ᠪᠥᠬᠦᠶ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢᠨ ᠲᠤᠬᠠᠶ ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠠᠯᠪᠠᠨ ᠵᠠᠷ︾ ︵ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠲᠠᠷᠢᠶᠠᠯᠠᠩ ᠬᠥᠳᠡᠭᠡ ᠲᠣᠰᠬᠤᠨ ᠤ ᠶᠠᠮᠤᠨ 2023 ᠣᠨ ᠤ 15 ᠳ᠋ᠤᠭᠠᠷ ᠲᠣᠭᠠᠲᠤ︶     ᠵᠢᠷᠭᠤᠭ᠎ᠠ᠄    2023 ᠣᠨ ᠤ 1 ᠰᠠᠷ᠎ᠠ ᠶᠢᠨ 1 ᠤ ᠡᠳᠦᠷ ᠠᠴᠠ 2027 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠪᠡᠶ᠎ᠡ ᠪᠠᠨ ᠳᠠᠭᠠᠭᠠᠵᠤ ᠠᠵᠢᠯ ᠣᠯᠤᠭᠰᠠᠨ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠬᠤᠪᠢ ᠶᠢᠨ ᠡᠵᠡᠩᠨᠡᠯᠲᠡ ᠬᠢᠵᠦ ᠪᠠᠶᠢᠪᠠᠯ᠂ ᠬᠤᠪᠢ ᠶᠢᠨ ᠠᠵᠤ  ᠦᠢᠯᠡᠳᠪᠦᠷᠢ ᠬᠤᠳᠠᠯᠳᠤᠭᠠᠨ ᠤ ᠡᠷᠦᠬᠡ ᠶᠢ ᠳᠡᠩᠰᠡᠯᠡᠨ ᠲᠡᠮᠳᠡᠭᠯᠡᠭᠦᠯᠦᠭᠰᠡᠨ ᠲᠣᠰ ᠰᠠᠷ᠎ᠠ ᠠᠴᠠ ᠡᠬᠢᠯᠡᠨ᠂ 3 ᠵᠢᠯ ︵36 ᠰᠠᠷ᠎ᠠ︶ ᠤᠨ ᠳᠣᠲᠣᠷ᠎ᠠ ᠡᠷᠦᠬᠡ ᠪᠦᠷᠢ ᠳᠤ ᠵᠢᠯ ᠪᠦᠷᠢ 20000 ᠲᠥᠭᠦᠷᠢᠭ ᠢᠶᠠᠷ ᠬᠢᠵᠠᠭᠠᠷ ᠲᠤᠭ᠎ᠠ ᠪᠣᠯᠭᠠᠵᠤ᠂ ᠲᠣᠰ ᠵᠢᠯ ᠤᠨ ᠪᠣᠳᠠᠲᠠᠶ ᠲᠤᠰᠢᠶᠠᠪᠠᠰᠤ ᠵᠣᠬᠢᠬᠤ ᠥᠷᠲᠡᠭ ᠨᠡᠮᠡᠭᠳᠡᠯ ᠤᠨ ᠭᠠᠶᠢᠯᠢ᠂ ᠬᠤᠲᠠ ᠶᠢᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠭᠠᠶᠢᠯᠢ᠂ ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠯᠲᠡ᠂ ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ ᠪᠠ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢ ᠲᠠᠰ ᠳᠠᠷᠠᠭᠠᠯᠠᠨ ᠬᠠᠰᠤᠨ᠎ᠠ᠃ ᠬᠢᠵᠠᠭᠠᠷᠯᠠᠭᠰᠠᠨ ᠲᠤᠭ᠎ᠠ ᠶᠢᠨ ᠪᠠᠷᠢᠮᠵᠢᠶ᠎ᠠ ᠶᠢ ᠬᠠᠮᠤᠭ ᠤᠨ ᠥᠨᠳᠥᠷ ᠲᠡᠭᠡᠨ 20% ᠪᠠᠷ ᠥᠰᠬᠡᠵᠦ ᠪᠣᠯᠤᠨ᠎ᠠ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠢ ᠦᠨᠳᠦᠰᠦᠯᠡᠨ ᠡᠨᠡ ᠬᠡᠪᠴᠢᠶᠡᠨ ᠳᠣᠲᠣᠷ᠎ᠠ ᠬᠢᠵᠠᠭᠠᠷᠯᠠᠭᠰᠠᠨ ᠲᠤᠭ᠎ᠠ ᠶᠢᠨ ᠪᠣᠳᠠᠲᠠᠶ ᠪᠠᠷᠢᠮᠵᠢᠶ᠎ᠠ ᠶᠢ ᠲᠣᠭᠲᠠᠭᠠᠵᠤ ᠪᠣᠯᠤᠨ᠎ᠠ᠃    ᠲᠦᠷᠦ ᠶᠢᠨ ᠪᠤᠳᠤᠯᠭ᠎ᠠ ᠶᠢᠨ ᠦᠨᠳᠦᠰᠦᠯᠡᠯ    ︽ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠶᠠᠮᠤᠨ ᠤ ᠪᠡᠶ᠎ᠡ ᠪᠠᠨ ᠳᠠᠭᠠᠭᠠᠵᠤ ᠠᠵᠢᠯ ᠣᠯᠤᠭᠰᠠᠨ ᠴᠡᠷᠢᠭ ᠠᠴᠠ ᠬᠠᠯᠠᠭᠳᠠᠭᠰᠠᠳ ᠤᠨ ᠠᠳᠠᠯ ᠦᠢᠯᠡᠰ ᠴᠣᠭᠴᠠᠯᠠᠨ ᠠᠵᠢᠯ ᠤᠯᠬᠤ ᠶᠢ ᠤᠯᠠᠮ ᠨᠢᠭᠡ ᠠᠯᠬᠤᠮ ᠲᠡᠳᠬᠦᠬᠦ ᠬᠤᠯᠪᠣᠭᠳᠠᠯ ᠪᠥᠬᠦᠶ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢᠨ ᠲᠤᠬᠠᠶ ᠠᠯᠪᠠᠨ ᠵᠠᠷ︾ ︵ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠶᠠᠮᠤᠨ 2023 ᠣᠨ ᠤ 14 ᠳ᠋ᠦ᠋ᠭᠡᠷ ᠲᠣᠭᠠᠲᠤ︶    ᠳᠣᠯᠤᠭ᠎ᠠ᠄     ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠵᠢᠵᠢᠭ ᠬᠡᠯᠪᠡᠷᠢ ᠶᠢᠨ ᠠᠵᠤ ᠠᠬᠤᠶᠢᠯᠠᠯ᠂ ᠪᠢᠴᠢᠯ ᠬᠡᠯᠪᠡᠷᠢ ᠶᠢᠨ ᠠᠵᠤ ᠠᠬᠤᠶᠢᠯᠠᠯ ᠬᠢᠭᠡᠳ ᠬᠤᠪᠢ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠡᠷᠥᠭᠡ ᠳᠤ ᠪᠠᠭ᠎ᠠ ᠲᠣᠭᠠᠨ ᠤ ᠵᠢᠭᠡᠯᠡᠯᠭᠡ ᠲᠠᠯᠪᠢᠭᠠᠳ ᠣᠯᠤᠭᠰᠠᠨ ᠬᠦᠦ ᠮᠥᠩᠭᠦ ᠶᠢᠨ ᠣᠷᠣᠯᠭ᠎ᠠ ᠠᠴᠠ ᠥᠷᠳᠡᠭ ᠨᠡᠮᠡᠭᠳᠡᠯ ᠤᠨ ᠭᠠᠶᠢᠯᠢ ᠲᠠᠲᠠᠪᠤᠷᠢᠯᠠᠬᠤ ᠥᠭᠡᠢ᠃    ᠲᠦᠷᠦ ᠶᠢᠨ ᠪᠤᠳᠤᠯᠭ᠎ᠠ ᠶᠢᠨ ᠦᠨᠳᠦᠰᠦᠯᠡᠯ    ︽ᠵᠢᠵᠢᠭ ᠪᠢᠴᠢᠯ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠬᠤᠯᠪᠣᠭᠳᠠᠯ ᠪᠥᠬᠦᠶ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢ ᠳᠡᠮᠵᠢᠬᠦ ᠲᠤᠬᠠᠶ ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠠᠯᠪᠠᠨ ᠵᠠᠷ︾ ︵ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠠᠯᠪᠠᠨ ᠵᠠᠷ 2023 ᠣᠨ ᠤ 13 ᠳ᠋ᠤᠭᠠᠷ ᠲᠣᠭᠠᠲᠤ︶    ᠨᠠᠢᠮᠠ᠄    ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠢᠵᠢᠭ ᠬᠡᠯᠪᠡᠷᠢ ᠶᠢᠨ ᠠᠵᠤ ᠠᠬᠤᠶᠢᠯᠠᠯ᠂ ᠪᠢᠴᠢᠯ ᠬᠡᠯᠪᠡᠷᠢ ᠶᠢᠨ ᠠᠵᠤ ᠠᠬᠤᠶᠢᠯᠠᠯ ᠯᠤᠭ᠎ᠠ ᠲᠣᠭᠲᠠᠭᠰᠠᠨ ᠵᠣᠭᠤᠰ ᠵᠢᠭᠡᠯᠡᠬᠦ ᠭᠡᠷ᠎ᠡ ᠠᠴᠠ ᠲᠡᠮᠳᠡᠭᠲᠦ ᠶᠢᠨ ᠭᠠᠶᠢᠯᠢ ᠲᠠᠲᠠᠪᠤᠷᠢᠯᠠᠬᠤ ᠠᠴᠠ ᠭᠡᠯᠳᠦᠷᠢᠭᠦᠯᠦᠨ᠎ᠡ᠃    ᠲᠦᠷᠦ ᠶᠢᠨ ᠪᠤᠳᠤᠯᠭ᠎ᠠ ᠶᠢᠨ ᠦᠨᠳᠦᠰᠦᠯᠡᠯ    ︽ᠵᠢᠵᠢᠭ ᠪᠢᠴᠢᠯ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠬᠤᠯᠪᠣᠭᠳᠠᠯ ᠪᠥᠬᠦᠶ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢ ᠳᠡᠮᠵᠢᠬᠦ ᠲᠤᠬᠠᠶ ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠠᠯᠪᠠᠨ ᠵᠠᠷ︾ ︵ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠠᠯᠪᠠᠨ ᠵᠠᠷ 2023 ᠣᠨ ᠤ 13 ᠳ᠋ᠤᠭᠠᠷ ᠲᠣᠭᠠᠲᠤ︶    ᠶᠢᠰᠦ᠄    ᠠᠩᠬ᠎ᠠ ᠡᠭᠦᠳᠬᠦ ᠳᠤ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠨᠡᠶᠢᠴᠡᠬᠦ ᠴᠢᠬᠤᠯᠠᠲᠠᠶ ᠨᠥᠬᠦᠴᠡᠯ ᠳᠤ᠂ ᠠᠵᠢᠯ ᠡᠷᠭᠢᠯᠡᠬᠦ ᠬᠥᠮᠦᠨ ᠤ ᠲᠤᠭ᠎ᠠ ᠶᠢ ᠦᠷᠭᠦᠯᠵᠢᠯᠡᠨ 300 ᠬᠥᠮᠦᠨ ᠠᠴᠠ ᠬᠡᠲᠦᠷᠡᠭᠦᠯᠬᠦ ᠥᠬᠡᠶ᠂ ᠡᠳ᠋ ᠬᠥᠷᠥᠩᠭᠡ ᠶᠢᠨ ᠶᠡᠷᠦᠩᠬᠡᠶ ᠲᠤᠭ᠎ᠠ ᠪᠠ ᠵᠢᠯ ᠤᠨ ᠪᠣᠷᠣᠯᠠᠭᠤᠯᠤᠯᠲᠠ ᠶᠢᠨ ᠣᠷᠣᠯᠭ᠎ᠠ ᠶᠢ ᠳᠤᠮᠳᠠᠴᠢ ᠪᠠᠷ 5000 ᠲᠦᠮᠡᠨ ᠲᠥᠭᠦᠷᠢᠭ ᠠᠴᠠ ᠬᠡᠲᠦᠷᠡᠭᠦᠯᠬᠦ ᠥᠬᠡᠶ ᠪᠠᠷ ᠬᠡᠷᠡᠭᠵᠢᠭᠦᠯᠦᠨ᠎ᠡ᠂ ︽ᠠᠳᠠᠯ ᠦᠢᠯᠡᠰ ᠴᠣᠭᠴᠠᠯᠠᠬᠤ ᠪᠠᠯᠠ ᠣᠷᠣᠭᠤᠯᠤᠯᠲᠠ ᠶᠢᠨ ᠠᠵᠤ ᠠᠬᠤᠶᠢᠯᠠᠯ ᠪᠠ ᠠᠨᠴᠢᠯ ᠤᠨ ᠪᠠᠯᠠ ᠣᠷᠣᠭᠤᠯᠤᠯᠲᠠ ᠶᠢᠨ ᠬᠤᠪᠢ ᠬᠥᠮᠦᠨ ᠤ ᠬᠤᠯᠪᠣᠭᠳᠠᠯ ᠪᠥᠬᠦᠶ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢᠨ ᠲᠤᠬᠠᠶ ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠮᠡᠳᠡᠭᠳᠡᠯ︾ ︵ᠡᠳ᠋ ᠤᠨ ᠵᠠᠰᠠᠭ ᠭᠠᠶᠢᠯᠢ ︹ 2018 ︺ 55 ᠳ᠋ᠤᠭᠠᠷ ᠲᠣᠭᠠᠲᠤ︶ ᠳᠤ ᠲᠣᠭᠲᠠᠭᠠᠭᠰᠠᠨ ᠪᠤᠰᠤᠳ ᠨᠥᠬᠦᠴᠡᠯ ᠢ ᠬᠤᠪᠢᠷᠠᠭᠤᠯᠬᠤ ᠥᠬᠡᠶ᠃    ᠲᠦᠷᠦ ᠶᠢᠨ ᠪᠤᠳᠤᠯᠭ᠎ᠠ ᠶᠢᠨ ᠦᠨᠳᠦᠰᠦᠯᠡᠯ    ︽ᠠᠳᠠᠯ ᠦᠢᠯᠡᠰ ᠴᠣᠭᠴᠠᠯᠠᠬᠤ ᠪᠠᠯᠠ ᠣᠷᠣᠭᠤᠯᠤᠯᠲᠠ ᠶᠢᠨ ᠠᠵᠤ ᠠᠬᠤᠶᠢᠯᠠᠯ ᠪᠠ ᠠᠨᠴᠢᠯ ᠪᠠᠯᠠ ᠣᠷᠣᠭᠤᠯᠤᠯᠲᠠ ᠶᠢᠨ ᠬᠤᠪᠢ ᠬᠥᠮᠦᠨ ᠤ ᠪᠠᠯᠠ ᠣᠷᠣᠭᠤᠯᠤᠯᠲᠠ ᠶᠢᠨ ᠠᠩᠬ᠎ᠠ ᠡᠭᠦᠳᠬᠦ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠳᠤ ᠪᠠᠯᠠ ᠣᠷᠣᠭᠤᠯᠬᠤ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠨᠥᠬᠦᠴᠡᠯ ᠢ ᠦᠷᠭᠦᠯᠵᠢᠯᠡᠨ ᠬᠡᠷᠡᠭᠵᠢᠭᠦᠯᠬᠦ ᠲᠤᠬᠠᠶ ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠠᠯᠪᠠᠨ ᠵᠠᠷ︾ ︵ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠠᠯᠪᠠᠨ ᠵᠠᠷ 2023 ᠣᠨ ᠤ 17 ᠳ᠋ᠤᠭᠠᠷ ᠲᠣᠭᠠᠲᠤ︶    ᠠᠷᠪᠠ᠄    ᠠᠵᠤ ᠠᠬᠤᠶᠢᠯᠠᠯ ᠤᠨ 2024 ᠣᠨ ᠤ 1 ᠰᠠᠷ᠎ᠠ ᠶᠢᠨ 1 ᠤ ᠡᠳᠦᠷ ᠠᠴᠠ 2027 ᠣᠨ ᠤ 12 ᠰᠠᠷ᠎ᠠ ᠶᠢᠨ 31 ᠤ ᠡᠳᠦᠷ ᠪᠣᠯᠲᠠᠯᠠᠬᠢ ᠬᠤᠭᠤᠴᠠᠭᠠᠨ ᠳᠤ ᠰᠢᠨ᠎ᠡ ᠪᠠᠷ ᠬᠤᠳᠠᠯᠳᠤᠨ ᠠᠪᠤᠭᠰᠠᠨ ᠲᠥᠬᠦᠭᠡᠷᠦᠮᠵᠢ᠂ ᠪᠠᠭᠠᠵᠢ ᠬᠡᠷᠡᠭᠰᠡᠯ ᠤᠨ ᠨᠢᠭᠡᠴᠢ ᠥᠷᠲᠡᠭ ᠨᠢ 500 ᠲᠦᠮᠡᠨ ᠲᠥᠭᠦᠷᠢᠭ ᠠᠴᠠ ᠬᠡᠲᠦᠷᠡᠬᠦ ᠥᠬᠡᠶ ᠪᠠᠶᠢᠪᠠᠯ᠂ ᠲᠣᠰ ᠬᠤᠭᠤᠴᠠᠭᠠᠨ ᠤ ᠥᠪᠡᠷ ᠤᠨ ᠥᠷᠲᠡᠭ ᠤᠨ ᠵᠠᠷᠤᠳᠠᠯ ᠳᠤ ᠨᠢᠭᠡ ᠯᠡ ᠤᠳᠠᠭ᠎ᠠ ᠶᠢᠨ ᠴᠢᠨᠠᠷᠲᠠᠶ ᠪᠠᠷ ᠪᠤᠳᠤᠵᠤ ᠣᠷᠣᠭᠤᠯᠬᠤ ᠭᠠᠶᠢᠯᠢ ᠲᠤᠰᠢᠶᠠᠬᠤ ᠶᠣᠰᠣᠲᠠᠶ ᠠᠰᠢᠭ ᠣᠷᠣᠯᠭ᠎ᠠ ᠶᠢᠨ ᠲᠤᠭ᠎ᠠ ᠶᠢ ᠪᠤᠳᠤᠬᠤ ᠦᠶ᠎ᠡ ᠳᠤ ᠬᠠᠰᠤᠵᠤ ᠭᠠᠷᠭᠠᠬᠤ ᠶᠢ ᠵᠥᠪᠰᠢᠶᠡᠷᠡᠵᠦ᠂ ᠳᠠᠭᠢᠵᠤ ᠣᠨ ᠬᠤᠪᠢᠶᠠᠨ ᠡᠯᠡᠭᠳᠡᠯ ᠢ ᠪᠤᠳᠤᠬᠤ ᠥᠬᠡᠶ︔ ᠨᠢᠭᠡᠴᠢ ᠶᠢᠨ ᠦᠷᠳᠡᠭ ᠨᠢ 500 ᠲᠦᠮᠡᠨ ᠲᠥᠭᠦᠷᠢᠭ ᠢ ᠳᠠᠪᠠᠭᠰᠠᠨ ᠪᠠᠶᠢᠪᠠᠯ᠂ ᠮᠥᠨ ᠯᠡ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢᠨ ᠬᠠᠤᠯᠢ ᠶᠢ ᠬᠡᠷᠡᠭᠵᠢᠭᠦᠯᠬᠦ ᠲᠦᠷᠢᠮ᠂ ︽ᠲᠣᠭᠲᠠᠮᠠᠯ ᠬᠥᠷᠤᠩᠭᠡ ᠶᠢᠨ ᠡᠯᠡᠭᠳᠡᠯ ᠢ ᠲᠦᠷᠭᠡᠳᠬᠡᠬᠦ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢᠨ ᠲᠦᠷᠤ ᠶᠢᠨ ᠪᠤᠳᠤᠯᠭ᠎ᠠ ᠶᠢ ᠲᠡᠭᠦᠯᠳᠡᠷᠵᠢᠭᠦᠯᠬᠦ ᠲᠤᠬᠠᠶ ᠡᠳ᠋ ᠤᠨ ᠵᠠᠰᠠᠭ ᠤᠨ ᠶᠠᠮᠤᠨ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠮᠡᠳᠡᠭᠳᠡᠯ︾ ︵ᠡᠳ᠋ ᠤᠨ ᠵᠠᠰᠠᠭ ᠭᠠᠶᠢᠯᠢ ﹇2014﹈ 75 ᠳ᠋ᠤᠭᠠᠷ ᠲᠣᠭᠠᠲᠤ︶᠂ ︽ᠲᠣᠭᠲᠠᠮᠠᠯ ᠬᠥᠷᠤᠩᠭᠡ ᠶᠢᠨ ᠡᠯᠡᠭᠳᠡᠯ ᠢ ᠲᠦᠷᠭᠡᠳᠬᠡᠬᠦ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢᠨ ᠲᠦᠷᠤ ᠶᠢᠨ ᠪᠤᠳᠤᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠡᠳ᠋ ᠤᠨ ᠵᠠᠰᠠᠭ ᠤᠨ ᠶᠠᠮᠤᠨ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠮᠡᠳᠡᠭᠳᠡᠯ︾ ︵ᠡᠳ᠋ ᠤᠨ ᠵᠠᠰᠠᠭ ᠭᠠᠶᠢᠯᠢ ﹇2015﹈ 106 ᠳ᠋ᠤᠭᠠᠷ ᠲᠣᠭᠠᠲᠤ︶ ᠵᠡᠷᠭᠡ ᠬᠠᠮᠢᠶ᠎ᠠ ᠪᠦᠬᠦᠢ ᠲᠣᠭᠲᠠᠭᠠᠯ ᠢ ᠬᠡᠷᠡᠭᠵᠢᠭᠦᠯᠦᠨ᠎ᠡ᠃    ᠲᠦᠷᠦ ᠶᠢᠨ ᠪᠤᠳᠤᠯᠭ᠎ᠠ ᠶᠢᠨ ᠦᠨᠳᠦᠰᠦᠯᠡᠯ    ︽ᠲᠥᠬᠦᠭᠡᠷᠦᠮᠵᠢ᠂ ᠪᠠᠭᠠᠵᠢ ᠬᠡᠷᠡᠭᠰᠡᠯ ᠠᠴᠠ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢ ᠬᠠᠰᠤᠵᠤ ᠭᠠᠷᠭᠠᠬᠤ ᠳᠤ ᠬᠤᠯᠪᠣᠭᠳᠠᠬᠤ ᠲᠦᠷᠦ ᠶᠢᠨ ᠪᠤᠳᠤᠯᠭ᠎ᠠ ᠶᠢᠨ ᠲᠤᠬᠠᠶ ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠠᠯᠪᠠᠨ ᠵᠠᠷ︾ ︵ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ 2023 ᠣᠨ ᠤ 37 ᠳ᠋ᠤᠭᠠᠷ ᠲᠣᠭᠠᠲᠤ︶
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号