2027 ᠣᠨ ᠤ ᠡᠴᠦᠰ ᠪᠣᠯᠲᠠᠯ᠎ᠠ ᠲᠣᠭᠠᠯᠠᠨ ᠪᠦᠷᠢᠳᠬᠡᠭᠰᠡᠨ ᠭᠠᠶᠢᠯᠢ ᠲᠠᠲᠠᠪᠤᠷᠢ ᠶᠢᠨ ᠬᠠᠷᠠᠭᠠᠯᠵᠠᠯᠲᠤ ᠲᠥᠷᠥ ᠶᠢᠨ ᠪᠣᠳᠣᠯᠭ᠎ᠠ ︵ᠬᠤᠶᠠᠷ︶
ᠨᠡᠶᠢᠲᠡᠯᠡᠭᠰᠡᠨ ᠴᠠᠭ᠄
2024/1/30
    2027 ᠣᠨ ᠤ ᠡᠴᠦᠰ ᠪᠣᠯᠲᠠᠯ᠎ᠠ ᠲᠣᠭᠠᠯᠠᠨ ᠪᠦᠷᠢᠳᠬᠡᠭᠰᠡᠨ ᠭᠠᠶᠢᠯᠢ ᠲᠠᠲᠠᠪᠤᠷᠢ ᠶᠢᠨ ᠬᠠᠷᠠᠭᠠᠯᠵᠠᠯᠲᠤ ᠲᠥᠷᠥ ᠶᠢᠨ ᠪᠣᠳᠣᠯᠭ᠎ᠠ ︵ᠬᠤᠶᠠᠷ︶    ᠨᠢᠭᠡ᠄    2023 ᠣᠨ ᠤ 1 ᠰᠠᠷ᠎ᠠ ᠶᠢᠨ 1 ᠤ ᠡᠳᠦᠷ ᠠᠴᠠ 2027 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ᠂ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠥᠪᠡᠷ ᠤᠨ ︵ᠥᠪᠡᠰᠦᠪᠡᠨ ᠬᠡᠷᠡᠭᠯᠡᠬᠦ ᠪᠠ ᠲᠦᠷᠢᠶᠡᠰᠦᠯᠡᠭᠦᠯᠬᠦ ᠶᠢ ᠪᠠᠭᠲᠠᠭᠠᠨ᠎ᠠ︶ ᠪᠤᠶᠤ ᠲᠦᠷᠢᠶᠡᠰᠦᠯᠡᠭᠰᠡᠨ ᠶᠡᠭᠡ ᠬᠡᠮᠵᠢᠶᠡᠨ ᠤ ᠲᠠᠸᠠᠷ ᠤᠨ ᠬᠥᠮᠥᠷᠭᠡᠯᠡᠨ ᠬᠠᠳᠠᠭᠠᠯᠠᠬᠤ ᠪᠡᠯᠡᠳᠬᠡᠮᠵᠢ ᠶᠢᠨ ᠬᠡᠷᠡᠭᠯᠡᠬᠦ ᠭᠠᠵᠠᠷ ᠠᠴᠠ ᠬᠠᠷᠢᠶᠠᠯᠠᠭᠳᠠᠬᠤ ᠭᠠᠵᠠᠷ ᠰᠢᠷᠣᠶ ᠶᠢᠨ ᠲᠠᠰ ᠤᠨ ᠳᠣᠭᠢᠷᠠᠬᠤ ᠭᠠᠶᠢᠯᠢ ᠶᠢᠨ ᠲᠤᠭ᠎ᠠ ᠶᠢᠨ ᠪᠠᠷᠢᠮᠵᠢᠶ᠎ᠠ ᠶᠢᠨ 50% ᠪᠠᠷ ᠬᠤᠲᠠ ᠪᠠᠯᠭᠠᠰᠤ ᠶᠢᠨ ᠭᠠᠵᠠᠷ ᠰᠢᠷᠣᠶ ᠶᠢᠨ ᠬᠡᠷᠡᠭᠯᠡᠭᠡᠨ ᠤ ᠭᠠᠶᠢᠯᠢ ᠲᠠᠲᠠᠪᠤᠷᠢᠯᠠᠨ᠎ᠠ᠃    ᠲᠦᠷᠦ ᠶᠢᠨ ᠪᠤᠳᠤᠯᠭ᠎ᠠ ᠶᠢᠨ ᠦᠨᠳᠦᠰᠦᠯᠡᠯ    ︽ᠡᠳ᠋ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠪᠥᠭᠡᠮ ᠲᠠᠸᠠᠷ ᠬᠥᠮᠥᠷᠭᠡᠯᠡᠨ ᠬᠠᠳᠠᠭᠠᠯᠠᠬᠤ ᠲᠥᠬᠦᠭᠡᠷᠦᠮᠵᠢ ᠳᠤ ᠬᠡᠷᠡᠭᠯᠡᠬᠦ ᠭᠠᠵᠠᠷ ᠤᠨ ᠬᠤᠲᠠ ᠪᠠᠯᠭᠠᠰᠤᠨ ᠤ ᠭᠠᠵᠠᠷ ᠰᠢᠷᠣᠶ ᠬᠡᠷᠡᠭᠯᠡᠬᠦ ᠭᠠᠶᠢᠯᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠬᠦ ᠲᠤᠬᠠᠶ ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠠᠯᠪᠠᠨ ᠵᠠᠷ︾ ︵ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠠᠯᠪᠠᠨ ᠵᠠᠷ 2023 ᠣᠨ ᠤ 5 ᠳ᠋ᠤᠭᠠᠷ ᠲᠣᠭᠠᠲᠤ︶    ᠬᠤᠶᠠᠷ᠄    ᠲᠦᠷᠦ ᠶᠢᠨ ᠶᠠᠪᠤᠳᠠᠯ ᠤᠨ ᠬᠤᠷᠢᠶᠠᠨ ᠤ ᠵᠥᠪᠰᠢᠶᠡᠷᠡᠯ ᠢᠶᠠᠷ ᠭᠠᠳᠠᠭᠰᠢ ᠨᠡᠭᠡᠭᠡᠭᠰᠡᠨ ᠪᠠᠷᠠᠭᠠᠨ ᠤ ᠬᠤᠭᠤᠴᠠᠭᠠᠲᠤ ᠪᠠᠷᠠᠭᠠᠨ ᠤ ᠲᠦᠷᠦᠯ ᠵᠦᠢᠯ ᠤᠨ ᠭᠠᠶᠢᠯᠢ ᠪᠠᠲᠤᠯᠠᠬᠤ᠂ ᠰᠢᠯᠵᠢᠭᠦᠯᠦᠨ ᠲᠤᠰᠢᠶᠠᠬᠤ ᠲᠤᠬᠠᠶᠢᠯᠠᠭᠰᠠᠨ ᠠᠵᠢᠯ ᠠᠴᠠ ᠦᠷᠳᠡᠭ ᠨᠡᠮᠡᠭᠳᠡᠯ ᠤᠨ ᠭᠠᠶᠢᠯᠢ ᠲᠠᠲᠠᠪᠤᠷᠢᠯᠠᠬᠤ ᠶᠢ ᠲᠦᠷ ᠬᠡᠯᠲᠦᠷᠢᠭᠦᠯᠦᠨ᠎ᠡ᠃    ᠲᠦᠷᠦ ᠶᠢᠨ ᠪᠤᠳᠤᠯᠭ᠎ᠠ ᠶᠢᠨ ᠦᠨᠳᠦᠰᠦᠯᠡᠯ    ︽ᠬᠤᠭᠤᠴᠠᠭᠠᠲᠤ ᠪᠠᠷᠠᠭᠠᠨ ᠤ ᠵᠠᠬ᠎ᠠ ᠳᠡᠯᠭᠡᠭᠦᠷ ᠤᠨ ᠭᠠᠳᠠᠭᠰᠢ ᠨᠡᠭᠡᠭᠡᠯᠳᠡ ᠶᠢ ᠳᠡᠮᠵᠢᠬᠦ ᠬᠤᠯᠪᠣᠭᠳᠠᠯ ᠪᠦᠬᠦᠢ ᠦᠷᠳᠡᠭ ᠨᠡᠮᠡᠭᠳᠡᠯ ᠤᠨ ᠭᠠᠶᠢᠯᠢ ᠶᠢᠨ ᠲᠦᠷᠦ ᠶᠢᠨ ᠪᠤᠳᠤᠯᠭ᠎ᠠ ᠶᠢᠨ ᠲᠤᠬᠠᠶ ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠠᠯᠪᠠᠨ ᠵᠠᠷ︾ ︵ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ 2032 ᠣᠨ ᠤ 21 ᠳ᠋ᠦ᠋ᠭᠡᠷ ᠲᠣᠭᠠᠲᠤ︶    ᠭᠤᠷᠪᠠ᠄    ᠭᠠᠶᠢᠯᠢ ᠲᠤᠰᠢᠶᠠᠭᠴᠢ ᠶᠢᠨ ᠠᠷᠠᠳ ᠤᠨ ᠬᠡᠷᠡᠭᠯᠡᠭᠡᠨ ᠤ ᠲᠣᠮᠣ ᠬᠡᠯᠪᠡᠷᠢ ᠶᠢᠨ ᠠᠶᠠᠨᠴᠢᠨ ᠤ ᠨᠢᠰᠬᠡᠯ ᠤᠨ ᠬᠥᠳᠡᠯᠭᠡᠭᠦᠷ ᠮᠠᠰᠢᠨ᠂ ᠳᠤᠮᠳᠠ ᠶᠡᠭᠡ ᠴᠢᠳᠠᠮᠵᠢᠳᠤ ᠠᠷᠠᠳ ᠤᠨ ᠬᠡᠷᠡᠭᠯᠡᠭᠡᠨ ᠤ ᠤᠢᠯ ᠲᠡᠩᠭᠡᠯᠢᠭᠲᠦ ᠤᠢᠯ ᠰᠡᠯᠢᠭᠦᠷ ᠤᠨ ᠬᠥᠳᠡᠯᠭᠡᠭᠦᠷ ᠢ ᠰᠤᠳᠤᠯᠤᠨ ᠦᠢᠯᠡᠳᠬᠦ ᠵᠦᠢᠯᠡᠰ ᠢ ᠡᠷᠭᠢᠯᠡᠨ ᠬᠢᠭᠰᠡᠨ ᠠᠴᠠ ᠪᠣᠶ ᠪᠣᠯᠤᠭᠰᠠᠨ ᠥᠷᠲᠡᠭ ᠨᠡᠮᠡᠭᠳᠡᠯ ᠤᠨ ᠭᠠᠶᠢᠯᠢ ᠶᠢᠨ ᠬᠤᠭᠤᠴᠠᠭᠠᠨ ᠰᠡᠭᠦᠯᠴᠢ ᠶᠢᠨ ᠦᠯᠡᠳᠡᠭᠡᠨ ᠰᠠᠭᠤᠯᠭᠠᠭᠰᠠᠨ ᠭᠠᠶᠢᠯᠢ ᠶᠢᠨ ᠳᠡᠭᠡᠷ᠎ᠡ ᠳᠤᠷᠠᠳᠤᠭᠰᠠᠨ ᠭᠠᠶᠢᠯᠢ ᠲᠤᠰᠢᠶᠠᠭᠴᠢ ᠵᠢᠴᠢ ᠲᠡᠭᠦᠨ ᠤ ᠪᠦᠷᠢᠨ ᠪᠡᠯᠡᠳᠦ ᠺᠣᠮᠫᠠᠨᠢ ᠶᠢᠨ ᠠᠷᠠᠳ ᠤᠨ ᠬᠡᠷᠡᠭᠯᠡᠭᠡᠨ ᠤ ᠲᠤᠮᠤ ᠬᠡᠯᠪᠡᠷᠢ ᠶᠢᠨ ᠠᠶᠠᠨᠴᠢᠨ ᠤ ᠨᠢᠰᠬᠡᠯ ᠤᠨ ᠬᠥᠳᠡᠯᠭᠡᠭᠦᠷ᠂ ᠳᠤᠮᠳᠠ ᠶᠡᠭᠡ ᠴᠢᠳᠠᠮᠵᠢᠳᠤ ᠠᠷᠠᠳ ᠤᠨ ᠬᠡᠷᠡᠭᠯᠡᠭᠡᠨ ᠤ ᠤᠢᠢᠯ ᠲᠡᠩᠭᠡᠯᠢᠭᠲᠦ ᠤᠢᠢᠯ ᠰᠡᠯᠢᠭᠦᠷ ᠤᠨ ᠬᠥᠳᠡᠯᠭᠡᠭᠦᠷ ᠢ ᠰᠤᠳᠤᠯᠤᠨ ᠦᠢᠯᠡᠳᠬᠦ ᠵᠦᠢᠯᠡᠰ ᠤᠨ ᠥᠪᠡᠷᠲᠡᠭᠡᠨ ᠬᠡᠷᠡᠭᠯᠡᠬᠦ ᠰᠢᠨᠵᠢᠯᠡᠬᠦ ᠤᠬᠠᠭᠠᠨ ᠤ ᠰᠤᠳᠤᠯᠭᠠᠨ᠂ ᠦᠢᠯᠡᠳᠪᠦᠷᠢᠯᠡᠯ᠂ ᠠᠯᠪᠠᠯᠠᠬᠤ ᠭᠡᠷ ᠬᠦᠷᠦᠩᠭᠡ ᠵᠢᠴᠢ ᠭᠠᠵᠠᠷ ᠰᠢᠷᠣᠢ ᠠᠴᠠ ᠭᠡᠷ ᠬᠦᠷᠦᠩᠭᠡ ᠶᠢᠨ ᠭᠠᠶᠢᠯᠢ᠂ ᠬᠤᠳᠠ ᠪᠠᠯᠭᠠᠰᠤᠨ ᠤ ᠭᠠᠵᠠᠷ ᠰᠢᠷᠣᠢ ᠶᠢᠨ ᠬᠡᠷᠡᠭᠯᠡᠭᠡᠨ ᠤ ᠭᠠᠶᠢᠯᠢ ᠲᠠᠲᠠᠪᠤᠷᠢᠯᠠᠬᠤ ᠠᠴᠠ ᠬᠡᠯᠲᠦᠷᠢᠭᠦᠯᠦᠨ᠎ᠡ᠃    ᠲᠦᠷᠦ ᠶᠢᠨ ᠪᠤᠳᠤᠯᠭ᠎ᠠ ᠶᠢᠨ ᠦᠨᠳᠦᠰᠦᠯᠡᠯ    ︽ᠠᠷᠠᠳ ᠤᠨ ᠬᠡᠷᠡᠭᠴᠡᠭᠡᠨ ᠤ ᠠᠭᠠᠷ ᠤᠨ ᠠᠶᠠᠯᠠᠯ ᠤᠨ ᠬᠥᠳᠡᠯᠭᠡᠭᠦᠷ ᠮᠠᠰᠢᠨ ᠪᠠ ᠠᠷᠠᠳ ᠤᠨ ᠬᠡᠷᠡᠭᠯᠡᠭᠡᠨ ᠤ ᠨᠢᠰᠬᠡᠯ ᠤᠨ ᠭᠠᠶᠢᠯᠢ ᠲᠠᠲᠠᠪᠤᠷᠢ ᠶᠢᠨ ᠲᠦᠷᠦ ᠶᠢᠨ ᠪᠤᠳᠤᠯᠭ᠎ᠠ ᠶᠢᠨ ᠲᠤᠬᠠᠶ ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠠᠯᠪᠠᠨ ᠵᠠᠷ︾ ︵ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠡᠷᠦᠩᠬᠡᠢ ᠶᠠᠪᠤᠳᠠᠯ ᠤᠨ ᠲᠣᠪᠴᠢᠶ᠎ᠠ ᠶᠢᠨ 2023 ᠣᠨ ᠤ 27 ᠳ᠋ᠤᠭᠠᠷ ᠲᠣᠭᠠᠲᠤ︶    ᠳᠦᠷᠪᠡ᠄    ᠨᠢᠭᠡ᠂ ᠰᠠᠭᠤᠭᠠᠯᠢ ᠠᠷᠠᠳ ᠬᠤᠪᠢ ᠬᠥᠮᠦᠨ ᠤ ᠣᠯᠤᠭᠰᠠᠨ ᠪᠥᠬᠦ ᠵᠢᠯ ᠤᠨ ᠨᠢᠭᠡ ᠤᠳᠠᠭ᠎ᠠ ᠶᠢᠨ ᠴᠢᠨᠠᠷᠲᠠᠶ ᠱᠠᠩᠨᠠᠯ ᠤᠨ ᠮᠥᠩᠭᠦ ᠨᠢ ︽ᠬᠤᠪᠢ ᠬᠥᠮᠦᠨ ᠤ ᠣᠯᠤᠭᠰᠠᠨ ᠪᠥᠬᠦ ᠵᠢᠯ ᠤᠨ ᠨᠢᠭᠡ ᠤᠳᠠᠭ᠎ᠠ ᠶᠢᠨ ᠴᠢᠨᠠᠷᠲᠠᠶ ᠱᠠᠩᠨᠠᠯ ᠤᠨ ᠮᠥᠩᠭᠦ ᠳᠤ ᠲᠣᠬᠢᠷᠠᠭᠤᠯᠤᠯᠲᠠ ᠬᠢᠬᠦ ᠵᠡᠷᠭᠡ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠲᠠᠲᠠᠪᠤᠷᠢᠯᠠᠬᠤ ᠠᠷᠭ᠎ᠠ ᠶᠢ ᠪᠤᠳᠤᠬᠤ ᠠᠰᠠᠭᠤᠳᠠᠯ ᠤᠨ ᠲᠤᠬᠠᠶ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠮᠡᠳᠡᠭᠳᠡᠯ︾ ︵ᠤᠯᠤᠰ ᠤᠨ ᠭᠠᠶᠢᠯᠢ ᠲᠠᠷᠬᠠᠭᠠᠭᠰᠠᠨ ︹ 2005 ︺ 9 ᠳ᠋ᠦ᠋ᠭᠡᠷ ᠲᠣᠭᠠᠲᠤ︶ ᠤᠨ ᠲᠣᠭᠲᠠᠭᠠᠯ ᠳᠤ ᠨᠡᠶᠢᠴᠡᠵᠦ ᠪᠠᠶᠢᠪᠠᠯ᠂ ᠲᠤᠬᠠᠶ ᠶᠢᠨ ᠵᠢᠯ ᠤᠨ ᠶᠡᠷᠦᠩᠬᠡᠶᠢᠯᠡᠭᠰᠡᠨ ᠠᠰᠢᠭ ᠣᠷᠣᠯᠭ᠎ᠠ ᠳᠤ ᠨᠡᠶᠢᠯᠡᠭᠦᠯᠦᠨ ᠣᠷᠣᠭᠤᠯᠬᠤ ᠥᠬᠡᠶ᠂ ᠪᠥᠬᠦ ᠵᠢᠯ ᠤᠨ ᠨᠢᠭᠡ ᠤᠳᠠᠭ᠎ᠠ ᠶᠢᠨ ᠴᠢᠨᠠᠷᠲᠠᠶ ᠱᠠᠩᠨᠠᠯ ᠤᠨ ᠮᠥᠩᠭᠦ ᠶᠢᠨ ᠣᠷᠣᠯᠭ᠎ᠠ ᠶᠢ 12 ᠰᠠᠷ᠎ᠠ ᠪᠠᠷ ᠬᠤᠪᠢᠶᠠᠭᠠᠳ ᠣᠯᠤᠭᠰᠠᠨ ᠲᠤᠭ᠎ᠠ ᠪᠠᠷ ᠲᠣᠰ ᠠᠯᠪᠠᠨ ᠵᠠᠷ ᠲᠤ ᠳᠠᠭᠠᠯᠳᠤᠭᠤᠯᠤᠭᠰᠠᠨ ᠰᠠᠷ᠎ᠠ ᠪᠠᠷ ᠰᠣᠯᠢᠵᠤ ᠪᠤᠳᠤᠭᠰᠠᠨ ᠤ ᠳᠠᠷᠠᠭᠠᠬᠢ ᠶᠡᠷᠦᠩᠬᠡᠢ ᠤᠯᠵᠠᠪᠤᠷᠢ ᠶᠢᠨ ᠭᠠᠶᠢᠯᠢ ᠨᠣᠷᠮ᠎ᠠ ᠶᠢᠨ ᠬᠦᠰᠦᠨᠦᠭᠲᠦ ᠶᠢᠨ ᠶᠣᠰᠣᠭᠠᠷ᠂ ᠳᠣᠭᠢᠷᠠᠬᠤ ᠭᠠᠶᠢᠯᠢ ᠶᠢᠨ ᠨᠣᠷᠮ᠎ᠠ ᠪᠠ ᠲᠦᠷᠭᠡᠨ ᠪᠤᠳᠤᠵᠤ ᠰᠠᠭᠤᠯᠭᠠᠨ ᠠᠪᠬᠤ ᠲᠤᠭ᠎ᠠ ᠶᠢ ᠲᠣᠭᠲᠠᠭᠠᠵᠤ᠂ ᠲᠤᠰ ᠲᠤᠨᠢ ᠪᠤᠳᠤᠵᠤ ᠭᠠᠶᠢᠯᠢ ᠲᠤᠰᠢᠶᠠᠨ᠎ᠠ᠃ ᠪᠤᠳᠤᠬᠤ ᠲᠣᠮᠢᠶ᠎ᠠ ᠨᠢ᠄ ᠲᠤᠰᠢᠶᠠᠬᠤ ᠶᠣᠰᠣᠲᠠᠶ ᠭᠠᠶᠢᠯᠢ ᠶᠢᠨ ᠵᠣᠭᠤᠰ ᠤᠨ ᠲᠤᠭ᠎ᠠ ᠬᠤᠶᠠᠷ ᠵᠢᠯ ᠤᠨ ᠨᠢᠭᠡ ᠯᠡ ᠤᠳᠠᠭ᠎ᠠ ᠶᠢᠨ ᠴᠢᠨᠠᠷᠲᠠᠶ ᠱᠠᠩᠨᠠᠯ ᠤᠨ ᠮᠥᠩᠭᠦ ᠶᠢᠨ ᠣᠷᠣᠯᠭ᠎ᠠ × ᠬᠡᠷᠡᠭᠯᠡᠭᠡᠨ ᠤ ᠭᠠᠶᠢᠯᠢ ᠶᠢᠨ ᠨᠤᠷᠮ᠎ᠠ ᠶᠢᠨ ᠨᠢᠭᠡ ᠲᠦᠷᠭᠡᠨ ᠪᠤᠳᠤᠯᠲᠠ ᠠᠴᠠ ᠰᠠᠭᠤᠯᠭᠠᠨ ᠠᠪᠤᠭᠰᠠᠨ ᠲᠤᠭ᠎ᠠ    ᠬᠤᠶᠠᠷ᠂ ᠰᠠᠭᠤᠭᠠᠯᠢ ᠠᠷᠠᠳ ᠤᠨ ᠬᠤᠪᠢ ᠬᠥᠮᠦᠨ ᠪᠥᠬᠦ ᠵᠢᠯ ᠤᠨ ᠨᠢᠭᠡ ᠯᠡ ᠤᠳᠠᠭ᠎ᠠ ᠶᠢᠨ ᠴᠢᠨᠠᠷᠲᠠᠶ ᠱᠠᠩᠨᠠᠯ ᠤᠨ ᠮᠥᠩᠭᠦ ᠤᠯᠬᠤ ᠳᠤ᠂ ᠲᠣᠰ ᠵᠢᠯ ᠤᠨ ᠶᠡᠷᠦᠩᠬᠡᠶᠢᠯᠡᠭᠰᠡᠨ ᠠᠰᠢᠭ ᠣᠷᠣᠯᠭ᠎ᠠ ᠳᠤ ᠨᠡᠶᠢᠯᠡᠭᠦᠯᠦᠨ ᠣᠷᠣᠭᠤᠯᠵᠤ ᠭᠠᠶᠢᠯᠢ ᠲᠤᠰᠢᠶᠠᠬᠤ ᠶᠢ ᠰᠣᠩᠭᠤᠭᠰᠠᠨ ᠴᠤ ᠪᠣᠯᠤᠨ᠎ᠠ᠃    ᠭᠤᠷᠪᠠ᠂ ᠲᠤᠰ ᠠᠯᠪᠠᠨ ᠵᠠᠷ ᠢ 2027 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ ᠬᠡᠷᠡᠭᠵᠢᠭᠦᠯᠦᠨ᠎ᠡ     ᠲᠦᠷᠦ ᠶᠢᠨ ᠪᠤᠳᠤᠯᠭ᠎ᠠ ᠶᠢᠨ ᠦᠨᠳᠦᠰᠦᠯᠡᠯ    ︽ᠪᠥᠬᠦ ᠵᠢᠯ ᠤᠨ ᠨᠢᠭᠡ ᠯᠡ ᠤᠳᠠᠭ᠎ᠠ ᠶᠢᠨ ᠴᠢᠨᠠᠷᠲᠠᠶ ᠱᠠᠩᠨᠠᠯ ᠤᠨ ᠮᠥᠩᠭᠦ ᠶᠢᠨ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠬᠦ ᠲᠤᠬᠠᠶ ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠠᠯᠪᠠᠨ ᠵᠠᠷ︾ ︵ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠡᠷᠦᠩᠬᠡᠢ ᠲᠣᠪᠴᠢᠶ᠎ᠠ ᠶᠢᠨ 2023 ᠣᠨ ᠤ 30 ᠳ᠋ᠤᠭᠠᠷ ᠲᠣᠭᠠᠲᠤ︶    ᠲᠠᠪᠤ᠄    ᠨᠢᠭᠡ ᠭᠠᠶᠢᠯᠢ ᠲᠤᠰᠢᠶᠠᠬᠤ ᠣᠨ ᠤ ᠳᠣᠲᠣᠷ᠎ᠠ ᠣᠩᠭᠤᠴᠠᠨ ᠤ ᠠᠶᠠᠯᠠᠯ ᠤᠨ ᠴᠠᠭ ᠨᠢ ᠨᠡᠶᠢᠲᠡ 183 ᠡᠳᠦᠷ ᠪᠣᠯᠤᠭᠰᠠᠨ ᠠᠯᠤᠰ ᠲᠡᠯᠡᠶ ᠶᠢᠨ ᠣᠩᠭᠤᠴᠠᠴᠢᠨ ᠤ ᠣᠯᠤᠭᠰᠠᠨ ᠴᠠᠯᠢᠩ ᠬᠥᠯᠥᠰᠥᠨ ᠤ ᠣᠷᠣᠯᠭ᠎ᠠ ᠶᠢ 50% ᠪᠠᠷ ᠬᠠᠰᠤᠵᠤ ᠭᠠᠶᠢᠯᠢ ᠲᠤᠰᠢᠶᠠᠬᠤ ᠶᠣᠰᠣᠲᠠᠶ ᠠᠰᠢᠭ ᠣᠷᠣᠯᠭ᠎ᠠ ᠶᠢᠨ ᠲᠤᠭ᠎ᠠ ᠳᠤ ᠪᠤᠳᠤᠵᠤ ᠣᠷᠣᠭᠤᠯᠤᠭᠠᠳ᠂ ᠬᠠᠤᠯᠢ ᠶᠣᠰᠣᠭᠠᠷ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠲᠤᠰᠢᠶᠠᠨ᠎ᠠ᠃    ᠲᠤᠰ ᠠᠯᠪᠠᠨ ᠵᠠᠷ ᠢ 2027 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ ᠬᠡᠷᠡᠭᠵᠢᠭᠦᠯᠦᠨ᠎ᠡ᠃    ᠲᠦᠷᠦ ᠶᠢᠨ ᠪᠤᠳᠤᠯᠭ᠎ᠠ ᠶᠢᠨ ᠦᠨᠳᠦᠰᠦᠯᠡᠯ    ︽ᠠᠯᠤᠰ ᠲᠡᠯᠡᠶ ᠶᠢᠨ ᠣᠩᠭᠤᠴᠠᠴᠢᠨ ᠤ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠬᠦ ᠲᠤᠬᠠᠶ ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠠᠯᠪᠠᠨ ᠵᠠᠷ︾ ︵ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ 2023 ᠣᠨ ᠤ 31 ᠳ᠋ᠦ᠋ᠭᠡᠷ ᠲᠣᠭᠠᠲᠤ︶    ᠵᠢᠷᠭᠤᠭ᠎ᠠ᠄    2024 ᠣᠨ ᠤ 1 ᠰᠠᠷ᠎ᠠ ᠶᠢᠨ 1 ᠤ ᠡᠳᠦᠷ ᠠᠴᠠ 2027 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ ᠰᠠᠭᠤᠭᠠᠯᠢ ᠠᠷᠠᠳ ᠤᠨ ᠬᠤᠪᠢ ᠬᠥᠮᠦᠨ ᠤ ᠣᠯᠤᠭᠰᠠᠨ ᠶᠡᠷᠦᠩᠬᠡᠶᠢᠯᠡᠭᠰᠡᠨ ᠠᠰᠢᠭ ᠣᠷᠣᠯᠭ᠎ᠠ ᠨᠢ᠂ ᠣᠨ ᠤ ᠶᠡᠷᠦᠩᠬᠡᠶᠢᠯᠡᠭᠰᠡᠨ ᠠᠰᠢᠭ ᠣᠷᠣᠯᠭ᠎ᠠ ᠶᠢᠨ ᠣᠷᠣᠯᠭ᠎ᠠ ᠨᠢ 12 ᠲᠦᠮᠡᠨ ᠲᠥᠭᠦᠷᠢᠭ ᠠᠴᠠ ᠬᠡᠲᠦᠷᠡᠭᠰᠡᠨ ᠥᠬᠡᠶ ᠮᠥᠷᠲᠡᠭᠡᠨ ᠭᠠᠶᠢᠯᠢ ᠨᠥᠬᠦᠵᠦ ᠲᠤᠰᠢᠶᠠᠬᠤ ᠶᠢ ᠳ᠋ᠦᠩᠨᠡᠨ ᠪᠤᠳᠤᠵᠤ ᠢᠯᠭᠠᠷᠠᠭᠤᠯᠤᠨ ᠲᠤᠰᠢᠶᠠᠬᠤ ᠴᠢᠬᠤᠯᠠᠲᠠᠶ ᠪᠠᠶᠢᠪᠠᠯ᠂ ᠡᠰᠡᠬᠦᠯ᠎ᠡ ᠣᠨ ᠤ ᠭᠠᠶᠢᠯᠢ ᠨᠥᠬᠦᠵᠦ ᠲᠤᠰᠢᠶᠠᠬᠤ ᠶᠢ ᠳ᠋ᠦᠩᠨᠡᠨ ᠪᠤᠳᠤᠵᠤ ᠢᠯᠭᠠᠷᠠᠭᠤᠯᠤᠨ ᠲᠤᠰᠢᠶᠠᠬᠤ ᠵᠣᠭᠤᠰ ᠤᠨ ᠲᠤᠭ᠎ᠠ ᠨᠢ 400 ᠲᠥᠭᠦᠷᠢᠭ ᠠᠴᠠ ᠬᠡᠲᠦᠷᠡᠭᠰᠡᠨ ᠥᠬᠡᠶ ᠪᠠᠶᠢᠪᠠᠯ᠂ ᠰᠠᠭᠤᠭᠠᠯᠢ ᠠᠷᠠᠳ ᠬᠤᠪᠢ ᠬᠥᠮᠦᠨ ᠨᠢ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ ᠶᠡᠷᠦᠩᠬᠡᠶᠢᠯᠡᠭᠰᠡᠨ ᠠᠰᠢᠭ ᠣᠷᠣᠯᠭ᠎ᠠ ᠶᠢ ᠳ᠋ᠦᠩᠨᠡᠨ ᠪᠤᠳᠤᠵᠤ ᠢᠯᠭᠠᠷᠠᠭᠤᠯᠤᠨ ᠲᠤᠰᠢᠶᠠᠬᠤ ᠶᠢ ᠭᠦᠢᠴᠡᠳᠭᠡᠬᠦ ᠠᠴᠠ ᠭᠡᠯᠳᠦᠷᠢᠭᠦᠯᠵᠦ ᠪᠣᠯᠤᠨ᠎ᠠ᠃ ᠰᠠᠭᠤᠭᠠᠯᠢ ᠠᠷᠠᠳ ᠬᠤᠪᠢ ᠪᠠᠷ ᠢᠶᠠᠨ ᠶᠡᠷᠦᠩᠬᠡᠶᠢᠯᠡᠭᠰᠡᠨ ᠠᠰᠢᠭ ᠣᠷᠣᠯᠭ᠎ᠠ ᠤᠯᠬᠤ ᠦᠶ᠎ᠡ ᠳᠤ ᠰᠠᠭᠤᠯᠭᠠᠨ ᠠᠪᠴᠤ ᠲᠤᠰᠢᠶᠠᠬᠤ ᠡᠭᠦᠷᠭᠡᠲᠦ ᠬᠥᠮᠦᠨ ᠭᠠᠶᠢᠯᠢ ᠶᠢᠨ ᠵᠣᠭᠤᠰ ᠢ ᠬᠠᠤᠯᠢ ᠶᠣᠰᠣᠭᠠᠷ ᠤᠷᠢᠳᠴᠢᠯᠠᠨ ᠰᠠᠭᠤᠯᠭᠠᠨ ᠠᠪᠴᠤ ᠤᠷᠢᠳᠴᠢᠯᠠᠨ ᠲᠤᠰᠢᠶᠠᠭᠰᠠᠨ ᠦᠭᠡᠢ ᠪᠠᠶᠢᠳᠠᠯ ᠡᠭᠦᠨ ᠳᠤ ᠪᠠᠭᠲᠠᠬᠤ ᠦᠭᠡᠢ᠃    ᠲᠦᠷᠦ ᠶᠢᠨ ᠪᠤᠳᠤᠯᠭ᠎ᠠ ᠶᠢᠨ ᠦᠨᠳᠦᠰᠦᠯᠡᠯ    ︽ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ ᠶᠡᠷᠦᠩᠬᠡᠶ ᠣᠷᠣᠯᠭ᠎ᠠ ᠶᠢ ᠬᠤᠷᠢᠶᠠᠩᠭᠤᠶᠢᠯᠠᠨ ᠪᠤᠳᠤᠵᠤ ᠢᠯᠭᠠᠷᠠᠭᠤᠯᠤᠨ ᠲᠤᠰᠢᠶᠠᠬᠤ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠬᠦ ᠲᠤᠬᠠᠶ ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠠᠯᠪᠠᠨ ᠵᠠᠷ︾ ︵ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠠᠯᠪᠠᠨ ᠵᠠᠷ 2023 ᠣᠨ ᠤ 32 ᠳ᠋ᠤᠭᠠᠷ ᠲᠣᠭᠠᠲᠤ︶    ᠳᠣᠯᠤᠭ᠎ᠠ᠄    ᠬᠢᠯᠢ ᠶᠢᠨ ᠭᠠᠳᠠᠨᠠᠬᠢ ᠬᠤᠪᠢ ᠬᠥᠮᠦᠨ ᠤ ᠪᠡᠯᠡ ᠣᠷᠣᠭᠤᠯᠤᠭᠴᠢ ᠶᠢᠨ ᠲᠦᠷᠦ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ ᠭᠠᠳᠠᠭᠰᠢ ᠨᠡᠭᠡᠭᠡᠭᠰᠡᠨ ᠳᠤᠮᠳᠠᠳᠤ ᠤᠯᠤᠰ ᠤᠨ ᠬᠢᠯᠢ ᠶᠢᠨ ᠳᠣᠲᠣᠷᠠᠬᠢ ᠲᠦᠭᠦᠬᠡᠶ ᠴᠢᠯᠠᠭᠤᠨ ᠲᠤᠰᠤ ᠵᠡᠷᠭᠡ ᠪᠠᠷᠠᠭᠠᠨ ᠤ ᠬᠤᠭᠤᠴᠠᠭᠠᠲᠤ ᠪᠠᠷᠠᠭᠠᠨ ᠤ ᠲᠦᠷᠦᠯ ᠵᠦᠢᠯ ᠳᠤ ᠪᠡᠯᠡ ᠣᠷᠣᠭᠤᠯᠤᠭᠠᠳ ᠣᠯᠤᠭᠰᠠᠨ ᠠᠰᠢᠭ ᠣᠷᠣᠯᠭ᠎ᠠ ᠠᠴᠠ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠲᠠᠲᠠᠪᠤᠷᠢᠯᠠᠬᠤ ᠶᠢ ᠬᠡᠯᠲᠦᠷᠢᠭᠦᠯᠦᠨ᠎ᠡ᠃    ᠲᠦᠷᠦ ᠶᠢᠨ ᠪᠤᠳᠤᠯᠭ᠎ᠠ ᠶᠢᠨ ᠦᠨᠳᠦᠰᠦᠯᠡᠯ    ︽ᠲᠦᠭᠦᠬᠡᠶ ᠴᠢᠯᠠᠭᠤᠨ ᠲᠣᠰᠣ ᠵᠡᠷᠭᠡ ᠪᠠᠷᠠᠭᠠᠨ ᠤ ᠬᠤᠭᠤᠴᠠᠭᠠᠲᠤ ᠪᠠᠷᠠᠭᠠᠨ ᠤ ᠵᠠᠬ᠎ᠠ ᠳᠡᠯᠭᠡᠭᠦᠷ ᠤᠨ ᠭᠠᠳᠠᠭᠰᠢ ᠨᠡᠭᠡᠭᠡᠯᠲᠡ ᠬᠢᠬᠦ ᠶᠢ ᠳᠡᠮᠵᠢᠬᠦ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠬᠦ ᠲᠤᠬᠠᠶ ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠳᠤᠮᠳᠠᠳᠤ ᠤᠯᠤᠰ ᠤᠨ ᠦᠨᠡᠲᠦ ᠲᠡᠮᠳᠡᠭᠲᠦ ᠶᠢ ᠬᠢᠨᠠᠨ ᠬᠠᠮᠢᠶᠠᠷᠬᠤ ᠵᠥᠪᠯᠡᠯ ᠤᠨ ᠠᠯᠪᠠᠨ ᠵᠠᠷ︾ ︵ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠳᠤᠮᠳᠠᠳᠤ ᠤᠯᠤᠰ ᠤᠨ ᠦᠨᠡᠲᠦ ᠲᠡᠮᠳᠡᠭᠲᠦ ᠶᠢ ᠬᠢᠨᠠᠨ ᠬᠠᠮᠢᠶᠠᠷᠬᠤ ᠵᠥᠪᠯᠡᠯ ᠤᠨ ᠠᠯᠪᠠᠨ ᠵᠠᠷ 2023 ᠣᠨ ᠤ 26 ᠳ᠋ᠤᠭᠠᠷ ᠲᠣᠭᠠᠲᠤ︶    ᠨᠠᠢᠮᠠ᠄    ᠨᠡᠭᠦᠷᠡᠰᠦᠨ ᠤ ᠡᠬᠢ ᠪᠠᠶᠠᠯᠢᠭ ᠢ ᠡᠷᠴᠢᠮᠵᠢᠭᠦᠯᠦᠨ ᠨᠡᠭᠡᠭᠡᠨ ᠠᠰᠢᠭᠯᠠᠬᠤ ᠶᠢ ᠵᠣᠷᠢᠭᠵᠢᠭᠤᠯᠬᠤ ᠶᠢᠨ ᠲᠥᠯᠥᠭᠡ᠂ 2023 ᠣᠨ ᠤ 9 ᠰᠠᠷ᠎ᠠ ᠶᠢᠨ 1 ᠤ ᠡᠳᠦᠷ ᠠᠴᠠ 2027 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ᠂ ᠪᠥᠭᠯᠡᠵᠦ ᠨᠡᠭᠡᠭᠡᠨ ᠮᠠᠯᠲᠠᠭᠠᠳ ᠰᠣᠯᠢᠵᠤ ᠭᠠᠷᠭᠠᠭᠰᠠᠨ ᠨᠡᠭᠦᠷᠡᠰᠦᠨ ᠤ ᠡᠬᠢ ᠪᠠᠶᠠᠯᠢᠭ ᠤᠨ ᠭᠠᠶᠢᠯᠢ ᠶᠢ 50% ᠪᠠᠷ ᠬᠥᠩᠭᠡᠯᠡᠨ ᠲᠠᠲᠠᠪᠤᠷᠢᠯᠠᠨ᠎ᠠ᠃    ᠲᠦᠷᠦ ᠶᠢᠨ ᠪᠤᠳᠤᠯᠭ᠎ᠠ ᠶᠢᠨ ᠦᠨᠳᠦᠰᠦᠯᠡᠯ    ︽ᠪᠥᠭᠯᠡᠵᠦ ᠨᠡᠭᠡᠭᠡᠨ ᠮᠠᠯᠲᠠᠬᠤ ᠪᠠᠷ ᠰᠣᠯᠢᠵᠤ ᠭᠠᠷᠭᠠᠭᠰᠠᠨ ᠨᠡᠭᠦᠷᠡᠰᠦᠨ ᠤ ᠡᠬᠢ ᠪᠠᠶᠠᠯᠢᠭ ᠤᠨ ᠭᠠᠶᠢᠯᠢ ᠶᠢ ᠬᠥᠩᠭᠡᠯᠡᠨ ᠲᠠᠲᠠᠪᠤᠷᠢᠯᠠᠬᠤ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠦᠷᠭᠦᠯᠵᠢᠯᠡᠭᠦᠯᠬᠦ ᠲᠤᠬᠠᠶ ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠠᠯᠪᠠᠨ ᠵᠠᠷ︾ ︵ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠠᠯᠪᠠᠨ ᠵᠠᠷ 2023 ᠣᠨ ᠤ 36 ᠳ᠋ᠤᠭᠠᠷ ᠲᠣᠭᠠᠲᠤ︶    ᠶᠢᠰᠦ᠄    2023 ᠣᠨ ᠤ 1 ᠰᠠᠷ᠎ᠠ ᠶᠢᠨ 1 ᠤ ᠡᠳᠦᠷ ᠠᠴᠠ 2027 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ᠂ ᠲᠡᠷᠢᠭᠦᠨ ᠤ ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠲᠣᠰ ᠬᠤᠭᠤᠴᠠᠭᠠᠨ ᠤ ᠲᠤᠯᠭᠠᠨ ᠰᠠᠭᠤᠯᠭᠠᠵᠤ ᠪᠣᠯᠬᠤ ᠣᠷᠣᠯᠭ᠎ᠠ ᠶᠢᠨ ᠵᠦᠢᠯᠡᠰ ᠤᠨ ᠭᠠᠶᠢᠯᠢ ᠶᠢᠨ ᠲᠤᠭ᠎ᠠ ᠶᠢᠨ ᠶᠣᠰᠣᠭᠠᠷ ᠲᠤᠰᠢᠶᠠᠬᠤ ᠶᠣᠰᠣᠲᠠᠶ ᠥᠷᠲᠡᠭ ᠨᠡᠮᠡᠭᠳᠡᠯ ᠤᠨ ᠭᠠᠶᠢᠯᠢ ᠶᠢᠨ ᠭᠠᠶᠢᠯᠢ ᠶᠢᠨ ᠲᠤᠭ᠎ᠠ ᠶᠢ 5% ᠪᠠᠷ ᠨᠡᠮᠡᠨ ᠪᠤᠳᠤᠵᠤ ᠲᠤᠯᠭᠠᠨ ᠬᠠᠰᠤᠬᠤ ᠶᠢ ᠵᠥᠪᠰᠢᠶᠡᠷᠡᠨ᠎ᠡ ︵ᠳᠣᠷᠣᠭᠰᠢ ᠨᠡᠮᠡᠨ ᠪᠤᠳᠤᠵᠤ ᠲᠤᠯᠭᠠᠨ ᠬᠠᠰᠤᠬᠤ ᠲᠥᠷᠥ ᠶᠢᠨ ᠪᠣᠳᠣᠯᠭ᠎ᠠ ᠭᠡᠨ᠎ᠡ︶᠃    ᠲᠦᠷᠦ ᠶᠢᠨ ᠪᠤᠳᠤᠯᠭ᠎ᠠ ᠶᠢᠨ ᠦᠨᠳᠦᠰᠦᠯᠡᠯ    ︽ᠲᠡᠷᠢᠭᠦᠨ ᠤ ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠥᠷᠲᠡᠭ ᠨᠡᠮᠡᠭᠳᠡᠯ ᠤᠨ ᠭᠠᠶᠢᠯᠢ ᠶᠢ ᠨᠡᠮᠡᠨ ᠪᠤᠳᠤᠵᠤ ᠲᠤᠯᠭᠠᠨ ᠬᠠᠰᠤᠬᠤ ᠲᠥᠷᠥ ᠶᠢᠨ ᠪᠣᠳᠣᠯᠭ᠎ᠠ ᠶᠢᠨ ᠲᠤᠬᠠᠶ ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠠᠯᠪᠠᠨ ᠵᠠᠷ︾ ︵ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠠᠯᠪᠠᠨ ᠵᠠᠷ 2023 ᠣᠨ ᠤ 43 ᠳ᠋ᠤᠭᠠᠷ ᠲᠣᠭᠠᠲᠤ︶    ᠠᠷᠪᠠ᠄    2023 ᠣᠨ ᠤ 1 ᠰᠠᠷ᠎ᠠ ᠶᠢᠨ 1 ᠤ ᠡᠳᠦᠷ ᠠᠴᠠ 2027 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠬᠤᠷᠠᠮᠠᠯ ᠴᠠᠬᠢᠯᠭᠠᠨ ᠬᠡᠯᠬᠢᠶ᠎ᠡ ᠶᠢᠨ ᠵᠢᠷᠤᠭᠯᠠᠨ ᠲᠥᠯᠥᠪᠯᠡᠬᠦ᠂ ᠦᠢᠯᠡᠳᠪᠦᠷᠢᠯᠡᠬᠦ᠂ ᠪᠢᠲᠡᠭᠦᠮᠵᠢᠯᠡᠨ ᠬᠡᠮᠵᠢᠬᠦ᠂ ᠲᠣᠨᠤᠭ ᠲᠥᠬᠦᠭᠡᠷᠦᠮᠵᠢ᠂ ᠮᠠᠲ᠋ᠧᠷᠢᠶᠠᠯ ᠤᠨ ᠠᠵᠤ ᠠᠬᠤᠶᠢᠯᠠᠯ ︵ᠳᠣᠷᠣᠭᠰᠢ ᠬᠤᠷᠠᠮᠠᠯ ᠴᠠᠬᠢᠯᠭᠠᠨ ᠬᠡᠯᠬᠢᠶ᠎ᠡ ᠶᠢᠨ ᠠᠵᠤ ᠠᠬᠤᠶᠢᠯᠠᠯ ᠭᠡᠵᠦ ᠨᠡᠷᠡᠶᠢᠳᠦᠨ᠎ᠡ︶ ᠤᠨ ᠲᠣᠰ ᠬᠤᠭᠤᠴᠠᠭᠠᠨ ᠤ ᠲᠤᠯᠭᠠᠨ ᠰᠠᠭᠤᠯᠭᠠᠵᠤ ᠪᠣᠯᠬᠤ ᠣᠷᠣᠯᠭ᠎ᠠ ᠶᠢᠨ ᠵᠦᠢᠯ ᠤᠨ ᠭᠠᠶᠢᠯᠢ ᠶᠢᠨ ᠲᠤᠭ᠎ᠠ ᠶᠢᠨ 15% ᠪᠠᠷ ᠨᠡᠮᠡᠨ ᠪᠤᠳᠤᠵᠤ ᠲᠤᠰᠢᠶᠠᠪᠠᠰᠤ ᠵᠣᠬᠢᠬᠤ ᠥᠷᠲᠡᠭ ᠨᠡᠮᠡᠭᠳᠡᠯ ᠤᠨ ᠭᠠᠶᠢᠯᠢ ᠶᠢᠨ ᠭᠠᠶᠢᠯᠢ ᠶᠢᠨ ᠲᠤᠭ᠎ᠠ ᠶᠢ ᠲᠤᠯᠭᠠᠨ ᠬᠠᠰᠤᠬᠤ ᠶᠢ ᠵᠥᠪᠰᠢᠶᠡᠷᠡᠨ᠎ᠡ ︵ᠳᠣᠷᠣᠭᠰᠢ ᠨᠡᠮᠡᠨ ᠪᠤᠳᠤᠵᠤ ᠲᠤᠯᠭᠠᠨ ᠬᠠᠰᠤᠬᠤ ᠲᠥᠷᠥ ᠶᠢᠨ ᠪᠣᠳᠣᠯᠭ᠎ᠠ ᠭᠡᠵᠦ ᠨᠡᠷᠡᠶᠢᠳᠦᠨ᠎ᠡ︶᠃    ᠲᠦᠷᠦ ᠶᠢᠨ ᠪᠣᠳᠤᠯᠭ᠎ᠠ ᠶᠢᠨ ᠦᠨᠳᠦᠰᠦᠯᠡᠯ    ︽ᠬᠤᠷᠠᠮᠠᠯ ᠴᠠᠬᠢᠯᠭᠠᠨ ᠬᠡᠯᠬᠢᠶᠡᠨ ᠤ ᠠᠵᠤ ᠠᠬᠤᠶᠢᠯᠠᠯ ᠤᠨ ᠤᠢᠷᠳᠡᠭ ᠨᠡᠮᠡᠭᠳᠡᠯ ᠤᠨ ᠭᠠᠶᠢᠯᠢ ᠶᠢ ᠨᠡᠮᠡᠨ ᠪᠤᠳᠦᠵᠦ ᠲᠤᠯᠭᠠᠨ ᠬᠠᠰᠤᠬᠤ ᠲᠦᠷᠦ ᠶᠢᠨ ᠪᠤᠳᠦᠯᠭ᠎ᠠ ᠶᠢᠨ ᠲᠤᠬᠠᠶ ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠮᠡᠳᠡᠭᠳᠡᠯ︾ ︵ᠡᠳ᠋ ᠤᠨ ᠵᠠᠰᠠᠭ ᠭᠠᠶᠢᠯᠢ ﹇2023﹈ 17 ᠳ᠋ᠤᠭᠠᠷ ᠲᠣᠭᠠᠲᠤ︶    ᠠᠷᠪᠠᠨ ᠨᠢᠭᠡ᠄    ᠬᠤᠷᠠᠮᠠᠯ ᠴᠠᠬᠢᠯᠭᠠᠨ ᠬᠡᠯᠬᠢᠶ᠎ᠡ ᠶᠢᠨ ᠠᠵᠤ ᠠᠬᠤᠶᠢᠯᠠᠯ ᠪᠣᠯᠤᠨ ᠠᠵᠤ ᠦᠢᠯᠡᠳᠪᠦᠷᠢ ᠶᠢᠨ ᠡᠬᠡ ᠮᠠᠰᠢᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠠᠵᠢᠯᠯᠠᠭ᠎ᠠ ᠥᠷᠨᠢᠭᠦᠯᠬᠦ ᠶᠠᠪᠤᠴᠠ ᠳᠤ ᠪᠣᠳᠠᠲᠠᠶ ᠡᠭᠦᠰᠦᠭᠰᠡᠨ ᠰᠤᠳᠤᠯᠤᠨ ᠨᠡᠭᠡᠭᠡᠬᠦ ᠵᠠᠷᠤᠳᠠᠯ ᠢ ᠳᠠᠯᠳᠠ ᠬᠥᠷᠥᠩᠭᠡ ᠪᠣᠯᠭᠠᠵᠤ ᠲᠣᠰ ᠬᠤᠭᠤᠴᠠᠭᠠᠨ ᠤ ᠣᠯᠵᠠᠪᠤᠷᠢ ᠠᠯᠳᠠᠪᠤᠷᠢ ᠳᠤ ᠪᠤᠳᠤᠵᠤ ᠣᠷᠣᠭᠤᠯᠤᠭᠰᠠᠨ ᠥᠬᠡᠶ ᠪᠠᠶᠢᠪᠠᠯ᠂ ᠲᠣᠭᠲᠠᠭᠠᠯ ᠶᠣᠰᠣᠭᠠᠷ ᠪᠣᠳᠠᠲᠠᠶ ᠪᠠᠷ ᠰᠠᠭᠤᠯᠭᠠᠨ ᠠᠪᠤᠭᠰᠠᠨ ᠰᠠᠭᠤᠷᠢᠨ ᠳᠡᠭᠡᠷ᠎ᠡ ᠂ 2023 ᠣᠨ ᠤ 1 ᠰᠠᠷ᠎ᠠ ᠶᠢᠨ 1 ᠤ ᠡᠳᠦᠷ ᠠᠴᠠ 2027 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯᠠᠬᠢ ᠬᠤᠭᠤᠴᠠᠭᠠᠨ ᠳᠤ᠂ ᠳᠠᠬᠢᠨ ᠪᠣᠳᠠᠲᠠᠶ ᠡᠭᠦᠰᠦᠭᠰᠡᠨ ᠲᠤᠭ᠎ᠠ ᠶᠢᠨ 120% ᠪᠠᠷ ᠭᠠᠶᠢᠯᠢ ᠲᠤᠰᠢᠶᠠᠬᠤ ᠠᠴᠠ ᠡᠮᠦᠨ᠎ᠡ ᠰᠠᠭᠤᠯᠭᠠᠨ ᠠᠪᠤᠨ᠎ᠠ︔ ᠢᠯᠠ ᠪᠤᠰᠤ ᠡᠳ᠋ ᠬᠦᠷᠦᠩᠭᠡ ᠪᠤᠯᠵᠦ ᠪᠦᠷᠢᠯᠳᠦᠭᠰᠡᠨ ᠪᠠᠶᠢᠪᠠᠯ᠂ ᠳᠡᠭᠡᠷ᠎ᠡ ᠳᠤᠷᠠᠳᠤᠭᠰᠠᠨ ᠬᠤᠭᠤᠴᠠᠭᠠᠨ ᠳᠤ ᠢᠯᠠ ᠪᠤᠰᠤ ᠡᠳ᠋ ᠬᠦᠷᠦᠩᠭᠡ ᠶᠢᠨ ᠥᠪᠡᠷ ᠤᠨ ᠤᠢᠷᠳᠡᠭ ᠤᠨ 220% ᠪᠠᠷ ᠭᠠᠶᠢᠯᠢ ᠲᠤᠰᠢᠶᠠᠬᠤ ᠠᠴᠠ ᠡᠮᠦᠨ᠎ᠡ ᠲᠡᠰᠬᠡᠨ ᠪᠣᠷᠣᠯᠠᠭᠤᠯᠤᠨ᠎ᠠ᠃    ᠲᠦᠷᠦ ᠶᠢᠨ ᠪᠤᠳᠤᠯᠭ᠎ᠠ ᠶᠢᠨ ᠦᠨᠳᠦᠰᠦᠯᠡᠯ    ︽ᠬᠤᠷᠠᠮᠠᠯ ᠴᠠᠬᠢᠯᠭᠠᠨ ᠬᠡᠯᠬᠢᠶ᠎ᠡ ᠪᠠ ᠠᠵᠤ ᠦᠢᠯᠡᠳᠪᠦᠷᠢ ᠶᠢᠨ ᠡᠭᠡ ᠮᠠᠰᠢᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠢ ᠨᠡᠮᠡᠨ ᠪᠤᠳᠤᠵᠤ ᠰᠠᠭᠤᠯᠭᠠᠨ ᠠᠪᠬᠤ ᠬᠠᠷᠢᠴᠠᠯ ᠢ ᠳᠡᠭᠡᠭᠰᠢᠯᠡᠭᠦᠯᠬᠦ ᠲᠤᠬᠠᠶ ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠠᠯᠪᠠᠨ ᠵᠠᠷ︾ ︵ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠠᠯᠪᠠᠨ ᠵᠠᠷ 2023 ᠣᠨ ᠤ 44 ᠳ᠋ᠦ᠋ᠭᠡᠷ ᠲᠣᠭᠠᠲᠤ︶
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号