︽ᠰᠤᠷᠤᠯᠭ᠎ᠠ ᠶᠢᠨ ᠬᠤᠭᠤᠴᠠᠭ᠎ᠠ ᠶᠢ ᠪᠣᠭᠤᠨᠢᠰᠬᠠᠵᠤ᠂ ᠲᠤᠮᠲᠠ ᠵᠡᠷᠭᠡ ᠶᠢᠨ ᠰᠤᠷᠭᠠᠭᠤᠯᠢ ᠳᠤ ᠰᠢᠯᠭᠠᠭᠤᠯᠬᠤ ᠰᠢᠯᠭᠠᠯᠲᠠ ᠶᠢ ᠬᠦᠴᠦᠨ ᠥᠬᠡᠶ ᠪᠣᠯᠭᠠᠨ᠎ᠡ︾ ᠭᠡᠵᠢ ᠤᠤ︖ ᠰᠤᠷᠭᠠᠨ ᠬᠥᠮᠦᠵᠢᠯ ᠤᠨ ᠶᠠᠮᠤᠨ ᠤ ᠬᠢᠨ ᠬᠠᠷᠢᠭᠤ ᠦᠭᠪᠡ
ᠨᠡᠶᠢᠲᠡᠯᠡᠭᠰᠡᠨ ᠴᠠᠭ᠄
2024/1/8
    ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ᠨᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ᠪᠠ ᠲᠤᠷᠰᠢᠯᠲᠠ ᠶᠢᠨ ᠰᠤᠷᠭᠠᠭᠤᠯᠢ ᠶᠢ ᠲᠠᠨᠢᠯᠴᠠᠭᠤᠯᠬᠤ ᠲᠤᠬᠠᠶ ᠮᠡᠳᠡᠭᠳᠡᠯ ᠳᠠᠷᠤᠮᠠᠯᠯᠠᠨ ᠲᠠᠷᠬᠠᠭᠠᠵᠤ᠂ ᠪᠥᠬᠦ ᠤᠯᠤᠰ ᠲᠤ ᠨᠢᠭᠡ ᠪᠦᠯᠦᠭ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ᠪᠠ ᠲᠤᠷᠰᠢᠯᠲᠠ ᠶᠢᠨ ᠰᠤᠷᠭᠠᠭᠤᠯᠢ ᠪᠠᠶᠢᠭᠤᠯᠬᠤ ᠪᠠᠷ ᠲᠣᠭᠲᠠᠭᠰᠠᠨ ᠪᠥᠭᠡᠳ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ᠪᠠ ᠲᠤᠷᠰᠢᠯᠲᠠ ᠶᠢᠨ ᠰᠤᠷᠭᠠᠭᠤᠯᠢ ᠶᠢᠨ ᠨᠡᠷᠡᠰ ᠢ ᠢᠯᠡ ᠪᠠᠷ ᠨᠡᠶᠢᠲᠡᠯᠡᠪᠡ᠃     ᠮᠡᠳᠡᠭᠳᠡᠯ ᠪᠠ ᠢᠯᠡ ᠨᠡᠶᠢᠲᠡᠯᠡᠯ ᠢ ᠨᠡᠶᠢᠲᠡᠯᠡᠭᠰᠡᠨ ᠤ ᠳᠠᠷᠠᠭ᠎ᠠ᠂ ᠸᠢᠴᠠᠲ ᠤᠨ ᠬᠤᠯᠪᠣᠭ᠎ᠠ᠂ ᠸᠢᠴᠠᠲ ᠤᠨ ᠨᠠᠶᠢᠵᠠ ᠶᠢᠨ ᠬᠤᠯᠪᠣᠭ᠎ᠠ ᠵᠢᠴᠢ ᠪᠤᠰᠤᠳ ᠰᠦᠯᠵᠢᠶᠡᠨ ᠤ ᠲᠠᠪᠴᠠᠩ ᠳᠤ ︽ᠰᠤᠷᠭᠠᠨ ᠬᠥᠮᠦᠵᠢᠯ ᠤᠨ ᠶᠠᠮᠤᠨ ᠤ ᠠᠯᠪᠠᠨ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠲᠤᠬᠠᠢ ᠬᠠᠮᠤᠭ ᠤᠨ ᠰᠢᠨ᠎ᠡ ᠲᠥᠰᠦᠯ︾ ᠭᠡᠬᠦ ᠭᠠᠷᠴᠤ᠂ ᠲᠤᠷᠰᠢᠯᠲᠠ ᠶᠢᠨ ᠲᠣᠭᠤᠷᠢᠭ ᠲᠤ ᠰᠤᠷᠤᠯᠭ᠎ᠠ ᠶᠢᠨ ᠬᠤᠭᠤᠴᠠᠭ᠎ᠠ ᠶᠢ ᠪᠣᠭᠤᠨᠢᠰᠬᠠᠬᠤ᠂ ᠲᠤᠮᠲᠠ ᠵᠡᠷᠭᠡ ᠶᠢᠨ ᠰᠤᠷᠭᠠᠭᠤᠯᠢ ᠳᠤ ᠰᠢᠯᠭᠠᠭᠤᠯᠬᠤ ᠰᠢᠯᠭᠠᠯᠲᠠ ᠶᠢ ᠬᠦᠴᠦᠨ ᠥᠬᠡᠶ ᠪᠣᠯᠭᠠᠬᠤ ᠶᠢ ᠭᠡᠷᠡᠭᠵᠢᠬᠦᠯᠬᠦ ᠭᠡᠵᠦ ᠪᠠᠶᠢᠨ᠎ᠠ ᠭᠡᠬᠦ ᠮᠡᠳᠦ ᠶᠢᠨ ᠦᠨᠡᠨ ᠪᠣᠳᠠᠲᠠᠶ ᠪᠤᠰᠤ ᠮᠡᠳᠡᠭᠡ ᠵᠠᠩᠭᠢ ᠰᠠᠴᠤᠬᠳᠠᠬᠰᠠᠨ ᠪᠠᠶᠢᠨ᠎ᠠ᠃ 2021 ᠣᠨ ᠳᠤ ᠪᠠᠰᠠ ᠡᠶᠢᠮᠦᠷᠬᠦ ᠴᠤᠤᠷᠬᠠᠯ ᠰᠦᠯᠵᠢᠶᠡᠨ ᠳᠡᠭᠡᠷ᠎ᠡ ᠲᠠᠷᠬᠠᠬᠰᠠᠨ ᠳᠤ ᠰᠤᠷᠭᠠᠨ ᠬᠥᠮᠦᠵᠢᠯ ᠤᠨ ᠶᠠᠮᠤᠨ ᠪᠠ ᠬᠤᠯᠪᠣᠭᠳᠠᠯ ᠪᠥᠬᠦᠶ ᠣᠷᠣᠨ ᠨᠤᠲᠤᠭ ᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠨᠢ ᠲᠡᠷᠡ ᠳᠠᠷᠤᠶ ᠳᠤᠨᠢ ᠴᠤᠤᠷᠬᠠᠯ ᠢ ᠨᠢᠴᠤᠭᠠᠵᠠᠢ᠃     ᠡᠭᠦᠨ ᠤ ᠲᠤᠬᠠᠢ ᠰᠤᠷᠭᠠᠨ ᠬᠥᠮᠦᠵᠢᠯ ᠤᠨ ᠶᠠᠮᠤᠨ ᠤ ᠰᠣᠨᠢᠨ ᠮᠡᠳᠡᠭᠡᠨ ᠤ ᠠᠯᠪᠠᠨ ᠬᠡᠷ ᠠᠴᠠ ᠥᠷᠭᠡᠨ ᠣᠯᠠᠨ ᠰᠦᠯᠵᠢᠶᠡᠴᠢᠳ ᠲᠤ᠂ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ᠪᠠ ᠲᠤᠷᠰᠢᠯᠲᠠ ᠶᠢᠨ ᠰᠤᠷᠭᠠᠭᠤᠯᠢ ᠶᠢ ᠲᠠᠨᠢᠯᠴᠠᠭᠤᠯᠬᠤ ᠲᠤᠬᠠᠶ ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾᠎ ᠳᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ᠪᠠ ᠲᠤᠷᠰᠢᠯᠲᠠ ᠶᠢᠨ ᠰᠤᠷᠭᠠᠭᠤᠯᠢ ᠶᠢᠨ ᠠᠵᠢᠯ ᠤᠨ ᠡᠭᠦᠷᠭᠡ ᠶᠢ ᠲᠣᠳᠣᠷᠬᠠᠶ ᠲᠣᠭᠲᠠᠭᠠᠵᠠᠶ᠂ ᠡᠭᠦᠨ ᠳᠤ ᠰᠤᠷᠤᠯᠭ᠎ᠠ ᠶᠢᠨ ᠬᠤᠭᠤᠴᠠᠭ᠎ᠠ ᠶᠢ ᠪᠣᠭᠤᠨᠢᠰᠬᠠᠬᠤ᠂ ᠲᠤᠮᠲᠠ ᠵᠡᠷᠭᠡ ᠶᠢᠨ ᠰᠤᠷᠭᠠᠭᠤᠯᠢ ᠳᠤ ᠰᠢᠯᠭᠠᠭᠤᠯᠬᠤ ᠰᠢᠯᠭᠠᠯᠳᠠ ᠶᠢ ᠬᠦᠴᠦᠨ ᠥᠬᠡᠶ ᠪᠣᠯᠭᠠᠬᠤ ᠵᠡᠷᠭᠡ ᠠᠭᠤᠯᠭ᠎ᠠ ᠪᠠᠶᠢᠬᠤ ᠥᠬᠡᠶ᠂ ᠠᠯᠪᠠᠨ ᠤ ᠪᠤᠰᠤ ᠠᠷᠭ᠎ᠠ ᠵᠠᠮ ᠢᠶᠠᠷ ᠨᠡᠶᠢᠳᠡᠯᠡᠭᠰᠡᠨ ᠮᠡᠳᠡᠭᠡ ᠵᠠᠩᠭᠢ ᠶᠢ ᠠᠮᠠᠷᠬᠠᠨ ᠢᠲᠡᠭᠡᠵᠦ ᠪᠣᠯᠬᠤ ᠥᠬᠡᠶ ᠭᠡᠵᠦ ᠰᠠᠨᠠᠭᠤᠯᠪᠠ᠃   
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号