ᠬᠤᠭ ᠨᠣᠪᠰᠢ ᠶᠢ ᠲᠥᠷᠥᠯ ᠬᠤᠪᠢᠶᠠᠬᠤ ᠳᠤ ᠢᠳᠡᠪᠬᠢᠲᠡᠶ ᠣᠷᠣᠯᠴᠠᠵᠤ ᠪᠣᠬᠢᠷᠲᠤᠯ ᠥᠬᠡᠶ ᠬᠡᠷ ᠣᠷᠣᠨ ᠢ ᠬᠠᠮᠲᠤ ᠪᠠᠷ ᠬᠠᠶᠢᠷᠠᠯᠠᠨ ᠬᠠᠮᠠᠭᠠᠯᠠᠨ᠎ᠠ
ᠨᠡᠶᠢᠲᠡᠯᠡᠭᠰᠡᠨ ᠴᠠᠭ᠄
2024/1/9
C:\Users\Administrator\Desktop\新闻照片\图片1.jpg
    ᠥᠷᠭᠡᠨ ᠤᠯᠠᠨ ᠰᠠᠭᠤᠭᠠᠯᠢ ᠠᠷᠠᠳ ᠢ ᠤᠷᠢᠶᠠᠯᠠᠨ ᠬᠤᠭ ᠨᠣᠪᠰᠢ ᠶᠢ ᠲᠦᠷᠦᠯ ᠬᠤᠪᠢᠶᠠᠬᠤ ᠳᠤ ᠢᠳᠡᠪᠬᠢᠲᠡᠢ ᠣᠷᠣᠯᠴᠠᠭᠤᠯᠬᠤ ᠶᠢᠨ ᠲᠥᠯᠥᠭᠡ᠂ 1 ᠰᠠᠷ᠎ᠠ ᠶᠢᠨ 7᠎ ᠤ ᠦᠳᠡ ᠶᠢᠨ ᠬᠤᠶᠢᠨ᠎ᠠ᠂ ᠵᠢᠤ ᠶᠤᠸᠠᠨ ᠲᠣᠭᠤᠷᠢᠭ ᠤᠨ ᠪᠠᠶᠠᠨᠰᠢᠯᠢ ᠵᠡᠭᠡᠯᠢ ᠭᠤᠳᠤᠮᠵᠢ᠂ ᠵᠢᠤ ᠶᠤᠸᠠᠨ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠸᠠᠨ ᠺᠧ ᠠᠳᠠᠯ ᠠᠬᠤᠢ᠂ ᠬᠤᠩ ᠰᠢᠶᠠᠩ ᠭᠡᠷ ᠬᠤᠷᠢᠶᠠᠯᠠᠯ ᠬᠢᠨ ᠸᠠᠨ ᠺᠧ ᠪᠠᠭ᠎ᠠ ᠲᠣᠭᠤᠷᠢᠭ ᠲᠤ ᠬᠤᠭ ᠨᠣᠪᠰᠢ ᠶᠢ ᠲᠦᠷᠦᠯ ᠬᠤᠪᠢᠶᠠᠨ ᠳᠡᠯᠭᠡᠷᠡᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃
C:\Users\Administrator\Desktop\新闻照片\图片2.jpg
    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠲᠠᠳ ᠬᠤᠭ ᠨᠣᠪᠰᠢ ᠶᠢ ᠲᠦᠷᠦᠯ ᠬᠤᠪᠢᠶᠠᠬᠤ ᠮᠡᠳᠡᠯᠭᠡ ᠶᠢ ᠨᠠᠷᠢᠨ ᠲᠠᠶᠢᠯᠪᠤᠷᠢᠯᠠᠵᠤ᠂ ᠰᠠᠭᠤᠭᠠᠯᠢ ᠠᠷᠠᠳ ᠢ ᠵᠢᠯᠣᠭᠤᠳᠤᠨ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠲᠥᠬᠦᠭᠡᠷᠦᠮᠵᠢ ᠶᠢᠨ ᠬᠡᠷᠡᠭᠯᠡᠯᠲᠡ ᠳᠤ ᠣᠷᠣᠯᠴᠠᠭᠤᠯᠵᠤ᠂ ᠰᠠᠭᠤᠭᠠᠯᠢ ᠠᠷᠠᠳ ᠢ ᠵᠣᠷᠢᠭᠵᠢᠭᠤᠯᠤᠨ ᠬᠤᠭ ᠨᠣᠪᠰᠢ ᠶᠢ ᠲᠦᠷᠦᠯ ᠬᠤᠪᠢᠶᠠᠬᠤ ᠠᠵᠢᠯ ᠳᠤ ᠣᠷᠣᠯᠴᠠᠭᠤᠯᠵᠤ᠂ ᠳᠡᠷᠭᠡᠳᠡᠬᠢ ᠪᠠᠭ᠎ᠠ ᠶᠠᠪᠤᠳᠠᠯ ᠠᠴᠠ ᠡᠬᠢᠯᠡᠨ ᠬᠢᠵᠦ᠂ ᠬᠤᠭ ᠨᠣᠪᠰᠢ ᠶᠢ ᠲᠦᠷᠦᠯ ᠬᠤᠪᠢᠶᠠᠨ ᠬᠠᠶᠠᠬᠤ ᠰᠠᠶᠢᠨ ᠳᠠᠳᠬᠠᠯ ᠢ ᠠᠯᠬᠤᠮ ᠠᠯᠬᠤᠮ ᠢᠶᠠᠷ ᠪᠤᠢ ᠪᠣᠯᠭᠠᠪᠠ᠃
C:\Users\Administrator\Desktop\新闻照片\图片3.jpg
    ᠬᠤᠭ ᠨᠣᠪᠰᠢ ᠶᠢ ᠨᠢᠭᠡ ᠬᠤᠪᠢ ᠬᠤᠪᠢᠶᠠᠬᠤ᠂ ᠣᠷᠴᠢᠨ ᠲᠣᠭᠤᠷᠢᠨ ᠲᠦᠢᠯ ᠤᠨ ᠭᠤᠶᠤ ᠰᠠᠶᠢᠬᠠᠨ᠂ ᠬᠤᠭ ᠨᠣᠪᠰᠢ ᠶᠢ ᠲᠦᠷᠦᠯ ᠬᠤᠪᠢᠶᠠᠬᠤ ᠪᠣᠯ ᠬᠤᠶᠢᠴᠢ ᠦᠶ᠎ᠡ ᠳᠡᠭᠡᠨ ᠪᠤᠶᠠᠨ ᠦᠢᠯᠡᠳᠬᠦ‍ ᠨᠢᠭᠡ ᠵᠦᠢᠯ ᠤᠨ ᠠᠵᠢᠯ ᠪᠣᠯᠤᠨ᠎ᠠ ᠂ ᠬᠤᠩ ᠰᠢᠶᠠᠩ ᠭᠡᠷ ᠬᠤᠷᠢᠶᠠᠯᠠᠯ ᠤᠨ ᠬᠢᠨ ᠬᠤᠭ ᠨᠣᠪᠰᠢ ᠶᠢ ᠲᠦᠷᠦᠯ ᠬᠤᠪᠢᠶᠠᠬᠤ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠥᠷᠭᠡᠨ ᠤᠯᠠᠨ ᠰᠠᠭᠤᠭᠠᠯᠢ ᠠᠷᠠᠳ ᠤᠨ ᠬᠤᠭ ᠨᠣᠪᠰᠢ ᠶᠢ ᠲᠦᠷᠦᠯ ᠬᠤᠪᠢᠶᠠᠬᠤ ᠳᠤ ᠣᠷᠣᠯᠴᠠᠬᠤ ᠢᠳᠡᠪᠬᠢᠵᠢᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠥᠮᠦᠨ ᠪᠦᠬᠦᠨ ᠬᠤᠭ ᠨᠣᠪᠰᠢ ᠶᠢ ᠲᠦᠷᠦᠯ ᠬᠤᠪᠢᠶᠠᠬᠤ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠡᠶ᠎ᠡ ᠵᠣᠬᠢᠴᠠᠩᠭᠤᠢ ᠣᠷᠣᠰᠢᠨ ᠰᠠᠭᠤᠬᠤ ᠳᠤ ᠲᠣᠬᠢᠷᠠᠮᠵᠢᠲᠠᠢ ᠭᠡᠷ ᠬᠤᠷᠢᠶᠠᠯᠠᠯ ᠤᠨ ᠣᠷᠴᠢᠨ ᠲᠣᠭᠤᠷᠢᠨ ᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号