ᠨᠠᠰᠤᠲᠠᠨ ᠠᠷᠢᠬᠢᠨ ᠳᠤ ᠰᠣᠭᠲᠣᠭᠠᠳ ᠬᠤᠷᠢᠨᠭᠡᠷ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠶᠢ ᠴᠠᠭ ᠲᠤᠬᠠᠶ ᠳᠤᠨᠢ ᠡᠷᠢᠵᠦ ᠠᠪᠴᠢᠷᠠᠪᠠ
ᠨᠡᠶᠢᠲᠡᠯᠡᠭᠰᠡᠨ ᠴᠠᠭ᠄
2024/1/9
C:\Users\Administrator\Desktop\新闻照片\1704423484293093892.jpg
    2024 ᠣᠨ ᠤ 1 ᠰᠠᠷ᠎ᠠ ᠶᠢᠨ 1᠎ ᠤ ᠡᠳᠦᠷ ᠤᠨ 23 ᠴᠠᠭ ᠤᠨ ᠦᠶ᠎ᠡ ᠪᠠᠷ᠂ ᠬᠤᠷᠢᠨᠭᠡᠷ ᠲᠣᠮᠢᠯᠠᠭᠰᠠᠨ ᠰᠠᠯᠪᠤᠷᠢ ᠣᠯᠠᠨ ᠲᠦᠮᠡᠨ ᠤ ᠲᠤᠰᠠᠯᠠᠮᠵᠢ ᠭᠤᠶᠤᠭᠰᠠᠨ ᠢ ᠣᠯᠵᠤ᠂ ᠲᠡᠭᠦᠨ ᠤ ᠠᠪᠠᠭ᠎ᠠ ᠯᠢᠦ ᠣᠪᠣᠭᠲᠤ ︵73 ᠨᠠᠰᠤᠲᠠᠶ︶ ᠴᠤᠭᠲᠤ ᠲᠣᠰᠬᠤᠨ ᠳᠤ ᠳᠠᠶᠢᠯᠠᠯᠭ᠎ᠠ ᠳᠤ ᠣᠷᠣᠯᠴᠠᠵᠤ᠂ ᠠᠷᠢᠬᠢ ᠤᠤᠭᠤᠭᠰᠠᠨ ᠤ ᠳᠠᠷᠠᠭ᠎ᠠ ᠬᠡᠷ ᠲᠡᠭᠡᠨ ᠬᠠᠷᠢᠭᠰᠠᠨ ᠥᠬᠡᠶ᠂ ᠣᠯᠠᠨ ᠢᠶᠠᠷ ᠢᠶᠠᠨ ᠡᠷᠢᠭᠡᠳ ᠲᠤᠰᠠ ᠭᠠᠷᠤᠭᠰᠠᠨ ᠥᠬᠡᠶ᠂ ᠠᠷᠠᠳ ᠤᠨ ᠴᠠᠭᠳᠠᠭ᠎ᠠ ᠶᠢᠨ ᠬᠠᠪᠰᠤᠷᠤᠯᠭ᠎ᠠ ᠶᠢ ᠭᠤᠶᠤᠴᠢᠯᠠᠪᠠ᠃    ᠣᠶᠢᠯᠠᠭᠠᠭᠰᠠᠨ ᠢᠶᠠᠷ᠂ ᠯᠢᠦ ᠣᠪᠣᠭᠲᠤ ᠲᠥᠭᠡᠷᠢᠭᠰᠡᠨ ᠦᠶ᠎ᠡ ᠳᠡᠭᠡᠨ ᠰᠣᠭᠲᠣᠭᠰᠠᠨ ᠪᠠᠶᠢᠳᠠᠯ ᠳᠤ ᠪᠠᠶᠢᠵᠠᠶ᠂ ᠬᠡᠷᠪᠡ ᠴᠠᠭ ᠲᠤᠬᠠᠶ ᠳᠤᠨᠢ ᠡᠷᠢᠵᠦ ᠤᠯᠬᠤ ᠦᠭᠡᠶ ᠪᠣᠯ ᠰᠠᠨᠠᠭᠠᠨ ᠳᠤ ᠦᠭᠡᠢ ᠬᠡᠷᠡᠭ ᠭᠠᠷᠴᠤ ᠮᠡᠳᠡᠨ᠎ᠡ᠃ ᠠᠷᠠᠳ ᠤᠨ ᠴᠠᠭᠳᠠᠭ᠎ᠠ ᠬᠢᠨᠠᠨ ᠡᠵᠡᠮᠳᠡᠯ ᠢ ᠪᠠᠶᠢᠴᠠᠭᠠᠨ ᠦᠵᠡᠬᠦ ᠶᠢᠨ ᠵᠡᠷᠭᠡ ᠳᠤ ᠲᠣᠭᠤᠷᠢᠨ ᠴᠠᠭᠳᠠᠬᠤ ᠠᠷᠠᠳ ᠤᠨ ᠲᠤᠰᠠᠯᠠᠬᠤ ᠴᠠᠭᠳᠠᠭ᠎ᠠ ᠳᠤ ᠵᠡᠭᠡᠯᠢ ᠳᠠᠭᠠᠤ ᠡᠷᠢᠬᠦ ᠬᠡᠷᠡᠭᠲᠡᠶ ᠭᠡᠵᠦ ᠮᠡᠳᠡᠭᠳᠡᠵᠡᠶ᠂ ᠬᠤᠶᠠᠷ ᠴᠠᠭ ᠭᠠᠷᠤᠶ ᠴᠢᠷᠮᠠᠶᠢᠭᠰᠠᠨ ᠤ ᠳᠠᠷᠠᠭ᠎ᠠ ᠬᠠᠷᠢᠶ᠎ᠠ ᠣᠷᠣᠨ ᠤ ᠵᠠᠮ ᠤᠨ ᠬᠠᠵᠠᠭᠤ ᠳᠤ ᠨᠢᠭᠡ ᠬᠥᠮᠦᠨ ᠲᠣᠯᠣᠭᠠᠶ ᠪᠠᠨ ᠲᠡᠪᠡᠷᠢᠨ ᠣᠴᠣᠶᠢᠵᠤ ᠰᠠᠭᠤᠵᠤ ᠪᠠᠶᠢᠬᠤ ᠶᠢ ᠣᠯᠵᠤ ᠮᠡᠳᠡᠵᠡᠶ᠂ ᠪᠡᠶ᠎ᠡ ᠶᠢᠨ ᠭᠠᠷᠤᠯ ᠢ ᠨᠢ ᠬᠢᠨᠠᠨ ᠬᠠᠷᠭᠤᠭᠤᠯᠤᠭᠠᠳ ᠶᠠᠭ ᠲᠥᠭᠡᠷᠢᠭᠰᠡᠨ ᠯᠢᠦ ᠣᠪᠣᠭᠲᠤ ᠪᠠᠶᠢᠪᠠ᠂ ᠡᠭᠦᠨ ᠤ ᠳᠠᠷᠠᠭ᠎ᠠ ᠠᠷᠠᠳ ᠤᠨ ᠴᠠᠭᠳᠠᠭ᠎ᠠ ᠡᠨᠡ ᠨᠠᠰᠤᠲᠠᠨ ᠢ ᠠᠮᠤᠷ ᠲᠦᠪᠰᠢᠨ ᠢᠶᠠᠷ ᠭᠡᠷ ᠲᠤᠨᠢ ᠬᠦᠷᠭᠡᠵᠦ ᠥᠭᠭᠦᠭᠰᠡᠨ ᠪᠥᠭᠡᠳ ᠲᠡᠳᠡᠨ ᠤ ᠭᠡᠷ ᠤᠨ ᠬᠥᠮᠦᠰ ᠢ ᠨᠠᠷᠢᠨ ᠨᠢᠮᠪᠠᠶ ᠬᠠᠷᠠᠵᠤ ᠪᠠᠶ᠂ ᠭᠠᠳᠠᠭᠰᠢ ᠭᠠᠷᠴᠤ ᠠᠷᠢᠬᠢ ᠤᠤᠭᠤᠬᠤ ᠳᠠᠭᠠᠨ ᠠᠮᠤᠷ ᠲᠦᠪᠰᠢᠨ ᠢ ᠠᠩᠬᠠᠷᠬᠤ ᠬᠡᠷᠡᠭᠲᠡᠶ᠂ ᠶᠠᠭᠠᠬᠢᠭᠰᠠᠨ ᠴᠤ ᠠᠷᠢᠬᠢᠨ ᠳᠤ ᠰᠢᠨᠤᠵᠤ ᠪᠣᠯᠬᠤ ᠦᠭᠡᠶ ᠭᠡᠵᠦ ᠵᠠᠬᠢᠵᠠᠶ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号