ᠲᠠᠯᠡᠨ ᠪᠤᠯᠠᠭ ᠪᠠᠯᠭᠠᠰᠤ ᠰᠢᠲᠠᠮᠠᠬᠠᠶ ᠬᠡᠶ ᠶᠢᠨ ︽ᠠᠮᠤᠷ ᠲᠦᠪᠰᠢᠨ ᠤ ᠨᠡᠭᠡᠯᠡᠬᠡᠶ︾ ᠶᠢ ᠴᠢᠩᠭᠠᠷᠠᠭᠤᠯᠪᠠ
ᠨᠡᠶᠢᠲᠡᠯᠡᠭᠰᠡᠨ ᠴᠠᠭ᠄
2024/10/16
    ᠰᠢᠲᠠᠮᠠᠬᠠᠶ ᠬᠡᠶ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠤᠯᠠᠮ ᠨᠢᠭᠡ ᠠᠯᠬᠤᠮ ᠪᠠᠬᠢᠵᠢᠭᠦᠯᠬᠦ ᠶᠢᠨ ᠲᠥᠯᠥᠭᠡ᠂ ᠠᠮᠤᠷ ᠲᠦᠪᠰᠢᠨ ᠤ ᠠᠳᠡᠯ ᠭᠠᠷᠬᠤ ᠶᠢ ᠡᠬᠢ ᠡᠭᠦᠰᠦᠯ ᠠᠴᠠ ᠨᠢ ᠰᠡᠷᠭᠡᠶᠢᠯᠡᠬᠦ ᠪᠠ ᠪᠠᠭᠠᠰᠬᠠᠵᠤ᠂ ᠬᠠᠷᠢᠶᠠᠲᠤ ᠣᠷᠣᠨ ᠤ ᠬᠤᠳᠠᠯᠳᠤᠭᠠᠴᠢᠨ ᠡᠷᠦᠬᠡ ᠶᠢ ᠬᠥᠲᠥᠯᠦᠨ ᠵᠢᠯᠣᠭᠤᠳᠴᠤ ᠪᠠᠶᠢᠭᠠᠳ ᠰᠢᠲᠠᠮᠠᠬᠠᠶ ᠬᠡᠶ ᠶᠢ ᠵᠥᠪ ᠢᠶᠠᠷ ᠵᠢᠷᠤᠮᠵᠢᠭᠤᠯᠤᠨ ᠬᠡᠷᠡᠭᠯᠡᠭᠦᠯᠦᠨ᠎ᠡ᠃ ᠣᠶᠢᠷ᠎ᠠ ᠳᠤ᠂ ᠲᠠᠯᠡᠨ  ᠪᠤᠯᠠᠭ ᠪᠠᠯᠭᠠᠰᠤᠨ ᠤ ᠵᠠᠰᠠᠭ ᠤᠨ ᠣᠷᠳᠣᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠠᠢ ᠬᠠᠮᠲᠤᠷᠠᠨ ᠪᠠᠯᠭᠠᠰᠤᠨ ᠤ ᠳᠣᠲᠣᠷᠠᠬᠢ ᠬᠤᠳᠠᠯᠳᠤᠭᠠᠴᠢᠨ ᠡᠷᠦᠬᠡ ᠳᠤ ᠰᠢᠲᠠᠮᠠᠬᠠᠶ ᠬᠡᠢ ᠶᠢᠨ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠥᠷᠨᠢᠭᠦᠯᠪᠡ᠃
图片11.jpg
        ᠪᠠᠶᠢᠴᠠᠭᠠᠬᠤ ᠠᠵᠢᠯᠲᠠᠨ ᠬᠠᠷᠢᠶᠠᠲᠤ ᠣᠷᠣᠨ ᠤ ᠰᠢᠲᠠᠮᠠᠬᠠᠶ ᠬᠡᠶ ᠶᠢᠨ ᠢᠳᠡᠭᠡᠨ ᠤᠮᠳᠠᠭᠠᠨ ᠤ ᠡᠵᠡᠩᠨᠡᠯᠲᠡ ᠶᠢᠨ ᠬᠤᠳᠠᠯᠳᠤᠭᠠᠴᠢᠨ ᠡᠷᠦᠬᠡ᠂ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠲᠤ ︽ᠥᠨᠴᠥᠭ ᠪᠤᠯᠤᠩ ᠥᠬᠡᠶ᠂ ᠪᠦᠬᠦᠨ ᠢ ᠬᠠᠮᠤᠷᠬᠤ︾ ᠪᠠᠶᠢᠴᠠᠭᠠᠯᠲᠠ ᠬᠢᠵᠦ᠂ ᠰᠢᠲᠠᠮᠠᠬᠠᠶ ᠬᠡᠶ ᠬᠡᠷᠡᠭᠯᠡᠬᠦ ᠣᠷᠴᠢᠨ ᠲᠣᠭᠤᠷᠢᠨ᠂ ᠰᠢᠲᠠᠮᠠᠬᠠᠶ ᠬᠡᠶ ᠶᠢᠨ ᠪᠠᠭᠠᠵᠢ ᠂ ᠵᠠᠯᠭᠠᠬᠤ ᠵᠥᠭᠡᠯᠡᠨ ᠬᠤᠭᠤᠯᠠᠶ᠂ ᠳᠠᠷᠤᠯᠲᠠ ᠶᠢ ᠪᠠᠭᠠᠰᠬᠠᠬᠤ ᠨᠡᠭᠡᠯᠡᠬᠡᠶ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠵᠢᠭᠰᠠᠭᠠᠨ ᠪᠠᠶᠢᠴᠠᠭᠠᠬᠤ ᠶᠠᠪᠤᠴᠠ ᠳᠤ᠂ ᠬᠡᠰᠡᠭ ᠬᠤᠳᠠᠯᠳᠤᠭᠠᠴᠢᠨ ᠡᠷᠦᠬᠡ ᠳᠤ ᠰᠢᠲᠠᠮᠠᠬᠠᠶ ᠬᠡᠶ ᠶᠢᠨ ᠬᠤᠭᠤᠯᠠᠶ ᠬᠠᠭᠤᠴᠢᠷᠠᠬᠤ᠂ ᠨᠡᠭᠡᠯᠡᠬᠡᠶ ᠰᠤᠯᠠᠷᠠᠬᠤ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠪᠡ᠃ ᠡᠲᠡᠭᠡᠷ ᠠᠰᠠᠭᠤᠳᠠᠯ ᠳᠤ ᠴᠢᠭᠯᠡᠭᠦᠯᠦᠨ᠂ ᠵᠢᠭᠰᠠᠭᠠᠨ ᠪᠠᠶᠢᠴᠠᠭᠠᠬᠤ ᠠᠵᠢᠯᠲᠠᠨ ᠲᠤᠬᠠᠶ ᠶᠢᠨ ᠲᠠᠯᠠᠪᠤᠷ ᠤᠨ ᠬᠠᠷᠢᠭᠤᠴᠠᠯᠭᠠᠲᠠᠨ ᠢ ᠵᠠᠷᠯᠢᠭᠳᠠᠵᠤ ᠪᠠᠶᠢᠭᠠᠳ ᠲᠡᠷᠡ ᠳᠠᠷᠤᠶ ᠳᠤᠨᠢ ᠴᠡᠭᠴᠡᠯᠡᠨ ᠥᠭᠡᠷᠡᠴᠢᠯᠡᠭᠦᠯᠬᠦ ᠶᠢᠨ ᠬᠠᠮᠲᠤ ᠬᠠᠮᠢᠶ᠎ᠠ ᠪᠥᠬᠦᠶ ᠬᠠᠷᠢᠭᠤᠴᠠᠯᠭᠠᠲᠠᠨ ᠢ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠪᠠᠨ ᠴᠢᠩᠭᠠᠳᠬᠠᠵᠤ᠂ ᠰᠢᠲᠠᠮᠠᠬᠠᠶ ᠬᠡᠶ ᠶᠢᠨ ᠪᠡᠯᠡᠳᠬᠡᠮᠵᠢ ᠶᠢᠨ ᠬᠡᠪ ᠤᠨ ᠠᠵᠢᠯᠯᠠᠭᠠᠨ ᠢ ᠦᠨᠡᠨᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ ᠡᠭᠦᠨ ᠤ ᠬᠠᠮᠲᠤ᠂ ᠡᠯ᠎ᠡ ᠬᠤᠳᠠᠯᠳᠤᠭᠠᠴᠢᠨ ᠡᠷᠦᠬᠡ ᠳᠤ ᠰᠢᠲᠠᠮᠠᠬᠠᠶ ᠬᠡᠶ ᠬᠡᠷᠡᠭᠯᠡᠬᠦ᠂ ᠰᠡᠯᠪᠢᠨ ᠵᠠᠰᠠᠬᠤ ᠵᠡᠷᠭᠡ ᠠᠮᠤᠷ ᠲᠦᠪᠰᠢᠨ ᠤ ᠮᠡᠳᠡᠯᠭᠡ ᠶᠢ ᠤᠬᠠᠭᠤᠯᠵᠤ᠂ ᠬᠤᠳᠠᠯᠳᠤᠭᠠᠴᠢᠨ ᠡᠷᠦᠬᠡ ᠶᠢ ᠰᠢᠮᠳᠠᠭᠤᠯᠵᠤ ᠪᠠᠶᠢᠭᠠᠳ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠰᠢᠲᠠᠮᠠᠬᠠᠶ ᠬᠡᠶ ᠶᠢᠨ ᠲᠥᠬᠦᠭᠡᠷᠦᠮᠵᠢ ᠶᠢ ᠬᠡᠷᠡᠭᠯᠡᠵᠦ ᠪᠠᠶᠢᠭ᠎ᠠ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠥᠪᠡᠰᠦᠪᠡᠨ ᠪᠠᠶᠢᠴᠠᠭᠠᠵᠤ᠂ ᠠᠮᠤᠷ ᠲᠦᠪᠰᠢᠨ ᠤ ᠠᠳᠡᠯ ᠢ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠦᠨ᠂ ᠭᠠᠯ ᠤᠨ ᠭᠠᠮᠰᠢᠭ ᠤᠨ ᠠᠳᠡᠯ ᠭᠠᠷᠬᠤ ᠠᠴᠠ ᠵᠠᠶᠢᠯᠠᠰᠬᠢᠪᠡ᠃ ᠲᠣᠰ ᠤᠳᠠᠭ᠎ᠠ ᠨᠡᠶᠢᠲᠡ 32 ᠬᠤᠳᠠᠯᠳᠤᠭᠠᠨ ᠤ ᠡᠷᠦᠬᠡ᠂ ᠲᠠᠯᠠᠪᠤᠷ ᠭᠠᠵᠠᠷ ᠢ ᠪᠠᠶᠢᠴᠠᠭᠠᠵᠤ᠂ 5 ᠠᠰᠠᠭᠤᠳᠠᠯ ᠢ ᠣᠯᠵᠤ ᠮᠡᠳᠡᠪᠡᠯ᠂ 2 ᠠᠰᠠᠭᠤᠳᠠᠯ ᠢ ᠲᠡᠷᠡ ᠳᠠᠷᠤᠶ ᠳᠤᠨᠢ ᠴᠡᠭᠴᠡᠯᠡᠨ ᠰᠠᠶᠢᠵᠢᠷᠠᠭᠤᠯᠵᠤ᠂ 3 ᠠᠰᠠᠭᠤᠳᠠᠯ ᠢ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠪᠠ᠃
图片22.jpg
    ᠲᠠᠯᠡᠨ ᠪᠤᠯᠠᠭ ᠪᠠᠯᠭᠠᠰᠤ ᠲᠣᠰ ᠤᠳᠠᠭᠠᠨ ᠤ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠪᠥᠬᠦ ᠪᠠᠯᠭᠠᠰᠤᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠦᠷᠭᠦᠯᠵᠢᠯᠡᠨ ᠴᠢᠩᠭ᠎ᠠ ᠠᠩᠬᠠᠷᠴᠤ᠂ ᠡᠯ᠎ᠡ ᠲᠣᠰᠬᠤᠨ ᠨᠡᠶᠢᠭᠡᠮ ᠲᠣᠭᠤᠷᠢᠭ ᠢ ᠰᠢᠮᠳᠠᠭᠤᠯᠵᠤ ᠪᠠᠶᠢᠭᠠᠳ ᠰᠢᠲᠠᠮᠠᠬᠠᠶ ᠬᠡᠶ ᠶᠢᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠡᠷᠴᠢᠮ ᠢ ᠴᠢᠩᠭᠠᠷᠠᠭᠤᠯᠬᠤ ᠶᠢᠨ ᠬᠠᠮᠲᠤ ᠴᠠᠭ ᠲᠤᠨᠢ ᠳᠣᠭᠢᠷᠠᠭᠤᠯᠤᠨ ︽ᠡᠷᠬᠢᠨ ᠬᠠᠷᠠᠬᠤ︾ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠲᠠᠮᠠᠬᠠᠶ ᠬᠡᠶ ᠶᠢᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠥᠬᠦ ᠶᠠᠪᠤᠴᠠ ᠳᠤ ᠮᠥᠷᠳᠡᠵᠦ᠂ ᠬᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠬᠡᠮ ᠰᠣᠭᠤᠭ ᠢ ︽ᠨᠣᠴᠣᠬᠤ︾ ᠠᠴᠠ ᠡᠮᠦᠨ᠎ᠡ ᠰᠡᠷᠭᠡᠶᠢᠯᠡᠵᠦ᠂ ᠪᠠᠯᠭᠠᠰᠤᠨ ᠤ ᠠᠮᠤᠷ ᠲᠦᠪᠰᠢᠨ ᠬᠥᠭᠵᠢᠯᠲᠡ ᠶᠢ ᠬᠠᠮᠠᠭᠠᠯᠠᠬᠤ ᠬᠡᠷᠡᠭᠲᠡᠶ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号