ᠡᠶᠢᠮᠤᠷᠬᠦ ᠮᠢᠬ᠎ᠠ ᠶᠢ ᠬᠡᠳᠤᠢ ᠠᠷᠪᠢᠨ ᠢᠳᠡᠪᠡᠯ ᠲᠡᠳᠦᠢ ᠰᠢᠬᠢᠷ ᠰᠢᠵᠢᠩ ᠡᠪᠡᠳᠴᠢᠨ᠂ ᠵᠢᠷᠦᠬᠡ ᠴᠢᠰᠤᠨ ᠰᠤᠳᠠᠯ ᠤᠨ ᠡᠪᠡᠳᠴᠢᠨ ᠳᠤ ᠨᠡᠷᠪᠡᠭᠳᠡᠬᠦ ᠠᠶᠤᠯ ᠲᠦᠭᠰᠢᠬᠦᠷᠢ ᠶᠡᠭᠡ ᠪᠤᠯᠳᠠᠭ
ᠨᠡᠶᠢᠲᠡᠯᠡᠭᠰᠡᠨ ᠴᠠᠭ᠄
2024/10/17
    ᠤᠯᠠᠭᠠᠨ ᠢᠳᠡᠭᠡ ᠳᠤ ᠭᠠᠭ᠋ᠠᠢ ᠶᠢᠨ ᠮᠢᠬ᠎ᠠ᠂ ᠦᠬᠡᠷ ᠤᠨ ᠮᠢᠬ᠎ᠠ᠂ ᠬᠤᠨᠢᠨ ᠮᠢᠬ᠎ᠠ᠂ ᠪᠤᠭᠤ ᠶᠢᠨ ᠮᠢᠬ᠎ᠠ᠂ ᠲᠠᠤᠯᠠᠢ ᠶᠢᠨ ᠮᠢᠬ᠎ᠠ ᠵᠡᠷᠭᠡ ᠰᠢᠷᠬᠡᠭᠯᠢᠭ ᠳᠠᠪᠬᠤᠷᠭ᠎ᠠ ᠪᠦᠬᠦᠢ ᠤᠯᠠᠭᠠᠨ ᠥᠩᠭᠡ ᠲᠠᠢ ᠮᠠᠯ ᠤᠨ ᠮᠢᠬ᠎ᠠ ᠪᠠᠭᠳᠠᠵᠤ ᠪᠠᠶᠢᠬᠤ ᠪᠦᠭᠡᠳ ᠨᠢᠭᠡᠨᠲᠡ ᠡᠳᠡᠭᠡᠷ ᠢ ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠣᠯᠠᠨ ᠤᠯᠤᠰ ᠤᠨ ᠬᠤᠣᠷᠲᠤ ᠬᠠᠪᠤᠳᠠᠷ ᠤᠨ ᠰᠤᠳᠤᠯᠭᠠᠨ ᠤ ᠪᠠᠶᠢᠭᠤᠯᠤᠮᠵᠢ ᠠᠴᠠ 2A ᠲᠥᠷᠥᠯ ᠤᠨ ᠬᠤᠣᠷᠲᠤ ᠬᠠᠪᠤᠳᠠᠷ ᠡᠭᠦᠰᠬᠡᠳᠡᠭ ᠢᠳᠡᠭᠡᠨ ᠢᠶᠠᠷ ᠵᠢᠬᠰᠠᠭᠠᠪᠠ᠃ ᠤᠶᠢᠷ᠎ᠠ ᠶᠢᠨ ᠵᠢᠯ ᠠᠴᠠ ᠮᠠᠰᠢ ᠤᠯᠠᠨ ᠰᠤᠳᠤᠯᠭᠠᠨ ︽ᠤᠯᠠᠭᠠᠨ ᠢᠳᠡᠭᠡ ᠨᠢ ᠬᠤᠳᠣᠭᠤᠳᠣᠨ ᠤ ᠬᠤᠣᠷᠲᠤ ᠬᠠᠪᠤᠳᠠᠷ᠂ ᠨᠤᠭᠤᠯᠤᠭ᠎ᠠ ᠭᠡᠳᠡᠰᠦᠨ ᠤ ᠬᠤᠣᠷᠲᠤ ᠬᠠᠪᠤᠳᠠᠷ᠂ ᠬᠥᠬᠦᠨ ᠪᠤᠯᠴᠢᠷᠬᠠᠢ ᠶᠢᠨ ᠬᠤᠣᠷᠲᠤ ᠬᠠᠪᠤᠳᠠᠷ᠂ ᠲᠦᠷᠦᠭᠦᠦ ᠪᠤᠯᠴᠢᠷᠬᠠᠢ ᠶᠢᠨ ᠬᠤᠣᠷᠲᠤ ᠬᠠᠪᠤᠳᠠᠷ ᠵᠡᠷᠭᠡ ᠣᠯᠠᠨ ᠵᠦᠢᠯ ᠤᠨ ᠬᠤᠣᠷᠲᠤ ᠬᠠᠪᠤᠳᠠᠷ ᠲᠤ ᠨᠡᠷᠪᠡᠭᠳᠡᠬᠦ ᠠᠶᠤᠯ ᠲᠦᠭᠰᠢᠬᠦᠷᠢ ᠶᠢ ᠨᠡᠮᠡᠭᠳᠡᠬᠦᠯᠬᠦ ᠲᠠᠢ ᠬᠠᠷᠢᠴᠠᠭ᠎ᠠ ᠬᠤᠯᠪᠤᠭ᠎ᠠ ᠲᠠᠢ︾ ᠭᠡᠳᠡᠭ ᠢ ᠭᠡᠷᠡᠴᠢᠯᠡᠭᠰᠡᠨ ᠪᠠᠶᠢᠨ᠎ᠠ᠃ ᠤᠯᠠᠭᠠᠨ ᠢᠳᠡᠭᠡ ᠬᠡᠳᠦᠢ ᠠᠷᠪᠢᠨ ᠢᠳᠡᠪᠡᠯ ᠲᠡᠳᠦᠢ ᠴᠢᠰᠤᠨ ᠰᠤᠳᠠᠯ ᠤᠨ ᠡᠪᠡᠳᠴᠢᠨ ᠳᠤ ᠨᠡᠷᠪᠡᠭᠳᠡᠬᠦ ᠠᠶᠤᠯ ᠲᠦᠭᠰᠢᠭᠦᠷᠢ ᠥᠨᠳᠥᠷ ᠪᠤᠯᠳᠠᠭ ᠵᠠᠷᠢᠮ ᠠᠵᠢᠭᠯᠠᠯᠲᠠ ᠶᠢᠨ ᠴᠢᠨᠠᠷ ᠲᠠᠢ ᠰᠤᠳᠤᠯᠭᠠᠨ ᠠᠴᠠ᠂ ᠤᠯᠠᠭᠠᠨ ᠢᠳᠡᠭᠡ ᠳᠤ ᠬᠡᠲᠦ ᠶᠡᠭᠡ ᠬᠠᠨᠤᠭᠰᠠᠨ ᠥᠭᠡᠬᠦ ᠪᠣᠯᠤᠨ ᠾᠣᠯᠧᠰᠲ᠋ᠧᠷᠢᠨ ᠶᠡᠭᠡ ᠠᠭᠤᠯᠤᠬᠳᠠᠳᠠᠭ ᠪᠣᠯᠬᠤᠷ ᠬᠦᠮᠦᠨ ᠲᠥᠷᠥᠯᠬᠢᠲᠡᠨ ᠤ ᠵᠢᠷᠦᠬᠡ ᠰᠤᠳᠠᠰᠤᠨ ᠤ ᠡᠪᠡᠳᠴᠢᠨ ᠳᠤ ᠨᠡᠷᠪᠡᠭᠳᠡᠬᠦ ᠠᠶᠤᠯ ᠲᠦᠭᠰᠢᠭᠦᠷᠢ ᠶᠢ ᠨᠡᠮᠡᠭᠳᠡᠬᠦᠯᠬᠦ ᠲᠠᠢ ᠮᠡᠳᠡᠭᠳᠡᠮ᠎ᠡ ᠬᠠᠷᠢᠴᠠᠭ᠎ᠠ ᠬᠤᠯᠪᠣᠭ᠎ᠠ ᠲᠠᠢ ᠶᠤᠮ᠃ ᠤᠯᠠᠭᠠᠨ ᠢᠳᠡᠭᠡ ᠬᠡᠳᠦᠢ ᠠᠷᠪᠢᠨ ᠢᠳᠡᠪᠡᠯ ᠲᠡᠳᠦᠢ ᠵᠢᠷᠦᠬᠡ ᠴᠢᠰᠤᠨ ᠰᠤᠳᠠᠯ ᠤᠨ ᠡᠪᠡᠳᠴᠢᠨ ᠳᠤ ᠨᠡᠷᠪᠡᠭᠳᠡᠬᠦ ᠠᠶᠤᠯ ᠲᠦᠭᠰᠢᠭᠦᠷᠢ ᠥᠨᠳᠥᠷ ᠪᠤᠯᠤᠨ᠎ᠠ ᠭᠡᠳᠡᠭ ᠢ ᠤᠯᠵᠤ ᠮᠡᠳᠡᠵᠡᠢ᠃ 2 ᠬᠡᠯᠪᠡᠷᠢ ᠶᠢᠨ ᠰᠢᠬᠢᠷ ᠰᠢᠵᠢᠩ ᠡᠪᠡᠳᠴᠢᠨ ᠨᠢ ᠵᠢᠷᠦᠬᠡ ᠴᠢᠰᠤᠨ ᠰᠤᠳᠠᠯ ᠤᠨ ᠡᠪᠡᠳᠴᠢᠨ ᠤ ᠪᠠᠶᠢᠩᠭᠤ ᠲᠣᠬᠢᠶᠠᠯᠳᠤᠳᠠᠭ ᠬᠠᠪᠰᠤᠷᠤᠬᠰᠠᠨ ᠡᠪᠡᠳᠴᠢᠨ ᠪᠤᠯᠬᠤ ᠪᠦᠭᠡᠳ ᠪᠠᠰᠠ ᠵᠢᠷᠦᠬᠡ ᠴᠢᠰᠤᠨ ᠰᠤᠳᠠᠯ ᠤᠨ ᠡᠪᠡᠳᠴᠢᠨ ᠤ ᠨᠢᠭᠡᠨᠲᠡ ᠲᠣᠭᠲᠠᠭᠠᠭᠰᠠᠨ ᠠᠶᠤᠯᠲᠠᠶ ᠬᠦᠴᠦᠨ ᠵᠦᠢᠯ ᠪᠣᠯᠤᠨ᠎ᠠ᠃ ᠲᠦᠷᠦᠬᠦᠦ  ᠪᠠᠷ ᠰᠤᠳᠤᠯᠤᠭᠠᠴᠢᠳ ᠲᠠᠷᠢᠬᠢᠨ ᠤ ᠴᠢᠰᠤᠨ ᠰᠤᠳᠠᠯ ᠤᠨ 43 ᠲᠥᠷᠥᠯ ᠤᠨ ᠡᠪᠡᠳᠴᠢᠨ ᠤ ᠰᠤᠳᠤᠯᠭᠠᠨ ᠪᠠ 23 ᠲᠥᠷᠥᠯ ᠤᠨ ᠰᠢᠬᠢᠷ ᠰᠢᠵᠢᠩ ᠡᠪᠡᠳᠴᠢᠨ ᠤ ᠰᠤᠳᠤᠯᠭᠠᠨ ᠳᠤ ᠵᠠᠳᠠᠯᠤᠯᠲᠠ ᠬᠢᠵᠦ᠂ ᠡᠳᠦᠷ ᠪᠦᠷᠢ 50 ᠭᠷᠡᠮ ᠡᠳ᠋ᠰᠢᠬᠦᠯᠦᠨ ᠪᠤᠯᠪᠠᠰᠤᠷᠠᠭᠤᠯᠤᠬᠰᠠᠨ ᠤᠯᠠᠭᠠᠨ ᠢᠳᠡᠭᠡ ᠪᠣᠯᠤᠨ 100 ᠭᠷᠡᠮ ᠡᠳ᠋ᠰᠢᠬᠦᠯᠦᠨ ᠪᠤᠯᠪᠠᠰᠤᠷᠠᠭᠤᠯᠤᠭᠠᠳᠤᠢ ᠤᠯᠠᠭᠠᠨ ᠢᠳᠡᠭᠡ ᠬᠢᠭᠡᠳ ᠵᠢᠷᠦᠬᠡ ᠰᠤᠳᠠᠰᠤᠨ ᠤ ᠡᠪᠡᠳᠴᠢᠨ ᠪᠣᠯᠤᠨ ᠰᠢᠬᠢᠷ ᠰᠢᠵᠢᠩ ᠡᠪᠡᠳᠴᠢᠨ ᠤ ᠬᠤᠭᠤᠷᠤᠨᠳᠤᠬᠢ ᠬᠠᠷᠢᠴᠠᠭ᠎ᠠ ᠬᠤᠯᠪᠤᠭ᠎ᠠ ᠶᠢ ᠵᠠᠳᠠᠯᠤᠨ ᠰᠤᠳᠤᠯᠵᠠᠢ᠃ ᠰᠤᠳᠤᠯᠭᠠᠨ ᠢᠶᠠᠷ ᠤᠯᠵᠤ ᠮᠡᠳᠡᠭᠰᠡᠨ ᠨᠢ᠂ ᠡᠳ᠋ᠰᠢᠬᠦᠯᠦᠨ ᠪᠤᠯᠪᠠᠰᠤᠷᠠᠭᠤᠯᠤᠬᠰᠠᠨ ᠪᠤᠶᠤ ᠡᠳ᠋ᠰᠢᠬᠦᠯᠦᠨ ᠪᠤᠯᠪᠠᠰᠤᠷᠠᠭᠤᠯᠤᠭᠠᠳᠤᠢ ᠤᠯᠠᠭᠠᠨ ᠢᠳᠡᠭᠡ ᠶᠢ ᠶᠡᠭᠡ ᠬᠡᠮᠵᠢᠶ᠎ᠡ ᠢᠳᠡᠬᠦ ᠨᠢ ᠵᠢᠷᠦᠬᠡ ᠰᠤᠳᠠᠰᠤᠨ ᠤ ᠡᠪᠡᠳᠴᠢᠨ ᠪᠣᠯᠤᠨ ᠰᠢᠬᠢᠷ ᠰᠢᠵᠢᠩ ᠡᠪᠡᠳᠴᠢᠨ ᠳᠤ ᠨᠡᠷᠪᠡᠭᠳᠡᠬᠦ ᠠᠶᠤᠯ ᠲᠦᠭᠰᠢᠬᠦᠷᠢ ᠶᠢ ᠨᠡᠮᠡᠭᠳᠡᠭᠦᠯᠳᠡᠭ᠃ ᠡᠳᠦᠷ ᠪᠦᠷᠢ 50 ᠭᠷᠡᠮ ᠡᠳ᠋ᠰᠢᠬᠦᠯᠦᠨ ᠪᠤᠯᠪᠠᠰᠤᠷᠠᠭᠤᠯᠤᠬᠰᠠᠨ ᠤᠯᠠᠭᠠᠨ ᠢᠳᠡᠭᠡ ᠢᠯᠡᠬᠦᠦ ᠢᠳᠡᠪᠡᠯ ᠵᠢᠷᠦᠬᠡ ᠰᠤᠳᠠᠰᠤᠨ ᠤ ᠡᠪᠡᠳᠴᠢᠨ ᠳᠤ ᠨᠡᠷᠪᠡᠭᠳᠡᠬᠦ ᠠᠶᠤᠯ ᠲᠦᠭᠰᠢᠬᠦᠷᠢ ᠶᠢ 26% ᠪᠠᠷ ᠨᠡᠮᠡᠭᠳᠡᠬᠦᠯᠵᠦ᠂ ᠰᠢᠬᠢᠷ ᠰᠢᠵᠢᠩ ᠡᠪᠡᠳᠴᠢᠨ ᠳᠤ ᠨᠡᠷᠪᠡᠭᠳᠡᠬᠦ ᠠᠶᠤᠯ ᠲᠦᠭᠰᠢᠬᠦᠷᠢ 44% ᠪᠠᠷ ᠨᠡᠮᠡᠭᠳᠡᠬᠦᠯᠳᠡᠭ᠃ ᠡᠳᠦᠷ ᠪᠦᠷᠢ 100 ᠭᠷᠠᠮ ᠤᠯᠠᠭᠠᠨ ᠢᠳᠡᠭᠡ ᠢᠯᠡᠭᠦᠦ ᠢᠳᠡᠪᠡᠯ ᠵᠢᠷᠦᠬᠡ ᠴᠢᠰᠤᠨ ᠰᠤᠳᠠᠯ ᠤᠨ ᠡᠪᠡᠳᠴᠢᠨ ᠳᠤ ᠨᠡᠷᠪᠡᠭᠳᠡᠬᠦ ᠠᠶᠤᠯ ᠲᠦᠭᠰᠢᠬᠦᠷᠢ ᠶᠢ 11% ᠪᠠᠷ ᠨᠡᠮᠡᠭᠳᠡᠬᠦᠯᠵᠦ᠂ ᠰᠢᠬᠢᠷ ᠰᠢᠵᠢᠩ ᠡᠪᠡᠳᠴᠢᠨ ᠳᠤ ᠨᠡᠷᠪᠡᠭᠳᠡᠬᠦ ᠠᠶᠤᠯ ᠲᠦᠭᠰᠢᠬᠦᠷᠢ ᠶᠢ 27 % ᠪᠠᠷ ᠨᠡᠮᠡᠭᠳᠡᠬᠦᠯᠳᠡᠭ ᠪᠠᠶᠢᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号