ᠨᠢᠭᠡ᠂ ᠪᠢᠴᠢᠭ ᠮᠠᠲ᠋ᠧᠷᠢᠶᠠᠯ ᠨᠡᠶᠢᠲᠡᠯᠡᠭᠰᠡᠨ ᠠᠬᠤᠶ ᠪᠠᠶᠢᠳᠠᠯ ᠪᠠ ᠬᠠᠮᠢᠶ᠎ᠠ ᠪᠥᠬᠦᠶ ᠬᠠᠤᠯᠢ ᠴᠠᠭᠠᠵᠠ ᠶᠢᠨ | ᠦᠨᠳᠦᠰᠦᠯᠡᠯ | ︵ᠨᠢᠭᠡ︶ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠠᠬᠤᠢ ᠪᠠᠶᠢᠳᠠᠯ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠢᠳᠡᠭᠡᠨ ᠤ | ᠠᠮᠤᠷ ᠲᠦᠪᠰᠢᠨ ᠤ ︽ᠳᠥᠷᠪᠡᠨ ᠬᠠᠮᠤᠭ ᠤᠨ ᠴᠢᠩᠭ᠎ᠠ︾ ᠪᠠᠶᠢᠬᠤ ᠱᠠᠭᠠᠷᠳᠠᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠢᠳᠡᠭᠡᠨ ᠦᠢᠯᠡᠳᠪᠦᠷᠢᠯᠡᠵᠦ ᠪᠣᠯᠪᠠᠰᠤᠷᠠᠭᠤᠯᠬᠤ ᠵᠢᠵᠢᠭ ᠦᠢᠯᠡᠳᠬᠡᠯ ᠤᠨ ᠭᠠᠵᠠᠷ ︵ | ᠳᠣᠷᠣᠭᠰᠢ ᠵᠢᠵᠢᠭ ᠦᠢᠯᠡᠳᠬᠡᠯ ᠤᠨ ᠭᠠᠵᠠᠷ ᠭᠡᠵᠦ ᠲᠣᠪᠴᠢᠯᠠᠨ᠎ᠠ︶ ᠤᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ | ᠠᠯᠬᠤᠮ ᠴᠢᠩᠭᠠᠳᠬᠠᠵᠤ᠂ ᠪᠥᠬᠦ ᠬᠤᠲᠠ ᠶᠢᠨ ᠵᠢᠵᠢᠭ ᠦᠢᠯᠡᠳᠬᠡᠯ ᠤᠨ ᠭᠠᠵᠠᠷ ᠤᠨ ᠢᠳᠡᠭᠡᠨ ᠤ ᠠᠮᠤᠷ | ᠲᠦᠪᠰᠢᠨ ᠤ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢᠨ ᠲᠤᠰᠠᠳᠠ᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠵᠢᠴᠢ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠢᠳᠡᠭᠡᠨ ᠦᠢᠯᠡᠳᠪᠦᠷᠢᠯᠡᠵᠦ ᠪᠣᠯᠪᠠᠰᠤᠷᠠᠭᠤᠯᠬᠤ ᠵᠢᠵᠢᠭ ᠦᠢᠯᠡᠳᠬᠡᠯ ᠤᠨ ᠭᠠᠵᠠᠷ | ᠪᠠ ᠢᠳᠡᠭᠡᠨ ᠤ ᠳᠡᠯᠭᠡᠭᠦᠷᠴᠢᠨ ᠤ ᠬᠠᠮᠢᠶᠠᠷᠤᠯᠲᠠ ᠶᠢᠨ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠵᠢᠵᠢᠭ ᠢᠳᠡᠭᠡᠨ ᠤ ᠳᠡᠯᠭᠡᠭᠦᠷ ᠵᠢᠵᠢᠭ ᠬᠤᠯᠢᠰᠢᠨ | ᠢᠳᠡᠭᠡᠨ ᠤ ᠳᠡᠯᠭᠡᠭᠦᠷ ᠪᠠ ᠢᠳᠡᠭᠡᠨ ᠤ ᠳᠡᠯᠭᠡᠭᠦᠷᠴᠢᠨ ᠤ ᠬᠠᠮᠢᠶᠠᠷᠤᠯᠲᠠ ᠶᠢᠨ ᠲᠦᠷᠢᠮ︾ ᠵᠢᠴᠢ ︽ ᠰᠢᠷᠢᠰ ᠢᠵᠢ | ᠪᠥᠷᠢᠳᠦᠭᠦᠯᠬᠦ ᠬᠠᠮᠢᠶᠠᠷᠤᠯᠲᠠ ᠶᠢᠨ ᠠᠷᠭ᠎ᠠ ᠶᠢᠨ ᠮᠡᠳᠡᠭᠳᠡᠯ ︵ᠥᠪᠥᠷ ᠬᠤᠲᠠ ᠶᠢᠨ ᠬᠢᠨᠠᠯᠲᠠ ᠢᠳᠡᠭᠡᠨ ᠮᠡᠳᠡᠭᠳᠡᠯ | ᠳᠦᠷᠢᠮ ﹇ 2024 ﹈ 2 ᠳ᠋ᠤᠭᠠᠷ ᠲᠣᠭᠠᠲᠤ ︶ ︾᠂ ︽2024 ᠣᠨ ᠤ ᠪᠤᠭᠤᠲᠤ ᠬᠤᠲᠠ ᠶᠢᠨ ᠢᠳᠡᠭᠡᠨ ᠤ | ᠵᠢᠵᠢᠭ ᠦᠢᠯᠡᠳᠬᠡᠯ ᠤᠨ ᠭᠠᠵᠠᠷ ᠢ ᠴᠡᠭᠴᠡᠯᠡᠨ ᠰᠠᠶᠢᠵᠢᠷᠠᠭᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ︵ | ᠪᠤᠭᠤᠲᠤ ᠣᠷᠳᠣᠨ ᠠᠯᠪᠠᠨ ᠲᠠᠷᠬᠠᠭᠠᠭᠰᠠᠨ ﹇2024﹈ 91 ᠳ᠋ᠦ᠋ᠭᠡᠷ ᠲᠣᠭᠠᠲᠤ︶ ᠵᠡᠷᠭᠡ ᠬᠠᠤᠯᠢ ᠴᠠᠭᠠᠵᠠ ᠬᠠᠤᠯᠢ | ᠲᠣᠭᠲᠠᠭᠠᠯ ᠤᠨ ᠱᠠᠭᠠᠷᠳᠠᠯᠭ᠎ᠠ ᠶᠢ ᠦᠨᠳᠦᠰᠦᠯᠡᠨ ᠮᠠᠨ ᠤ ᠲᠤᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ | ᠲᠣᠰ ᠬᠡᠷᠡᠭᠵᠢᠭᠦᠯᠬᠦ ᠲᠥᠰᠦᠯ ᠢ ᠲᠤᠭᠤᠷᠪᠢᠪᠠ᠃ | ︵ᠬᠤᠶᠠᠷ︶ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠦᠨᠳᠦᠰᠦᠯᠡᠯ | 1. ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠳᠠᠷᠤᠮᠠᠯᠯᠠᠨ ᠲᠠᠷᠬᠠᠭᠠᠭᠰᠠᠨ ︽ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ | ᠲᠦᠪᠰᠢᠨ ᠤ ᠬᠠᠤᠯᠢ ︵2015 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠬᠡᠷᠡᠭᠵᠢᠭᠦᠯᠪᠡ ︶ | 2. ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠵᠢᠵᠢᠭ ᠦᠢᠯᠡᠳᠬᠡᠯ ᠤᠨ ᠭᠠᠵᠠᠷ | ᠵᠢᠵᠢᠭ ᠢᠳᠡᠭᠡᠨ ᠤ ᠳᠡᠯᠭᠡᠭᠦᠷ ᠵᠢᠵᠢᠭ ᠬᠤᠯᠢᠰᠢᠨ ᠢᠳᠡᠭᠡᠨ ᠤ ᠳᠡᠯᠭᠡᠭᠦᠷ ᠪᠠ ᠢᠳᠡᠭᠡᠨ ᠤ ᠳᠡᠯᠭᠡᠭᠦᠷᠴᠢᠨ ᠤ | ᠬᠠᠮᠢᠶᠠᠷᠤᠯᠲᠠ ᠶᠢᠨ ᠲᠦᠷᠢᠮ ︾ ︵2015 ᠣᠨ ᠤ 5 ᠳ᠋ᠤᠭᠠᠷ ᠰᠠᠷ᠎ᠠ ᠶᠢᠨ 22 ᠤᠨ ᠡᠳᠦᠷ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠵᠢᠷᠭᠤᠳᠤᠭᠠᠷ ᠬᠤᠷᠠᠯᠳᠤᠭᠠᠨ ᠠᠴᠠ ᠪᠠᠲᠤᠯᠠᠵᠤ᠂ 2023 ᠣᠨ ᠤ | 11 ᠳ᠋ᠦ᠋ᠭᠡᠷ ᠰᠠᠷ᠎ᠠ ᠶᠢᠨ 30 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ | ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠳᠣᠯᠣᠳᠤᠭᠠᠷ ᠬᠤᠷᠠᠯᠳᠤᠭᠠᠨ ᠠᠴᠠ ᠵᠠᠰᠠᠪᠤᠷᠢᠯᠠᠵᠤ᠂ 2024 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ | ᠬᠡᠷᠡᠭᠵᠢᠭᠦᠯᠪᠡ ︶ | 3. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶᠠᠨ ᠤ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠵᠢᠵᠢᠭ ᠦᠢᠯᠡᠳᠬᠡᠯ ᠤᠨ | ᠭᠠᠵᠠᠷ ᠵᠢᠵᠢᠭ ᠢᠳᠡᠭᠡᠨ ᠤ ᠳᠡᠯᠭᠡᠭᠦᠷ ᠵᠢᠵᠢᠭ ᠬᠤᠯᠢᠰᠢᠨ ᠢᠳᠡᠭᠡᠨ ᠤ ᠳᠡᠯᠭᠡᠭᠦᠷ ᠪᠠ ᠢᠳᠡᠭᠡᠨ ᠤ ᠳᠡᠯᠭᠡᠭᠦᠷᠴᠢᠨ ᠤ | ᠬᠠᠮᠢᠶᠠᠷᠤᠯᠲᠠ ᠶᠢᠨ ᠲᠦᠷᠢᠮ︾ ᠵᠢᠴᠢ ︽ ᠰᠢᠷᠢᠰ ᠢᠵᠢ ᠪᠥᠷᠢᠳᠦᠭᠦᠯᠬᠦ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ | ᠲᠠᠷᠬᠠᠭᠠᠬᠤ ᠲᠤᠬᠠᠶ ᠮᠡᠳᠡᠭᠳᠡᠯ ︵ᠥᠪᠥᠷ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠭᠠᠯ ﹇ | 2024﹈ 2 ᠳ᠋ᠤᠭᠠᠷ ᠲᠣᠭᠠᠲᠤ︶︾ | 4. ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽2024 | ᠣᠨ ᠤ ᠪᠤᠭᠤᠲᠤ ᠬᠤᠲᠠ ᠶᠢᠨ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠢ ᠴᠡᠭᠴᠡᠯᠡᠨ ᠰᠠᠶᠢᠵᠢᠷᠠᠭᠤᠯᠬᠤ | ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ︵ᠪᠤᠭᠤᠲᠤ ᠣᠷᠳᠣᠨ ᠠᠯᠪᠠᠨ ᠲᠠᠷᠬᠠᠭᠠᠭᠰᠠᠨ ﹇2024﹈ 91 | ᠳ᠋ᠤᠭᠡᠷ ᠲᠣᠭᠠᠲᠤ︶ | ᠬᠤᠶᠠᠷ᠂ ᠲᠥᠷᠥ ᠶᠢᠨ ᠪᠣᠳᠣᠯᠭ᠎ᠠ ᠶᠢᠨ ᠭᠤᠤᠯ ᠠᠭᠤᠯᠭ᠎ᠠ | ︽ᠠᠵᠢᠯ ᠤᠨ ᠲᠥᠰᠦᠯ︾ ᠳᠤ ᠠᠵᠢᠯ ᠤᠨ ᠬᠠᠷᠠᠯᠲᠠ᠂ ᠠᠵᠢᠯ ᠤᠨ ᠵᠠᠷᠴᠢᠮ᠂ ᠠᠵᠢᠯ ᠤᠨ ᠲᠣᠬᠢᠷᠠᠭᠤᠯᠤᠯᠲᠠ ᠪᠠ | ᠠᠵᠢᠯ ᠤᠨ ᠱᠠᠭᠠᠷᠳᠠᠯᠭ᠎ᠠ ᠵᠡᠷᠭᠡ ᠳᠥᠷᠪᠡᠨ ᠬᠡᠰᠡᠭ ᠢ ᠪᠠᠭᠲᠠᠭᠠᠵᠤ᠂ 3 ᠵᠦᠢᠯ ᠤᠨ ᠠᠵᠢᠯ ᠤᠨ ᠵᠠᠷᠴᠢᠮ᠂ 4 | ᠵᠦᠢᠯ ᠤᠨ ᠪᠣᠳᠠᠲᠠᠶ ᠠᠵᠢᠯ ᠤᠨ ᠲᠣᠬᠢᠷᠠᠭᠤᠯᠤᠯᠲᠠ ᠵᠢᠴᠢ 3 ᠵᠦᠢᠯ ᠤᠨ ᠠᠵᠢᠯ ᠤᠨ ᠱᠠᠭᠠᠷᠳᠠᠯᠭ᠎ᠠ ᠶᠢ | ᠲᠣᠳᠣᠷᠬᠠᠶᠢᠯᠠᠪᠠ᠃ ᠭᠤᠣᠯ ᠠᠭᠤᠯᠭ᠎ᠠ ᠨᠢ ᠳᠣᠣᠷᠠᠬᠢ ᠮᠡᠲᠦ᠄ | ︵ ᠨᠢᠭᠡ ︶ ᠠᠵᠢᠯ ᠤᠨ ᠬᠠᠷᠠᠯᠲᠠ | ︽ᠴᠡᠭᠴᠡᠯᠡᠨ ᠵᠠᠰᠠᠵᠤ ᠵᠢᠷᠤᠮᠵᠢᠭᠤᠯᠬᠤ᠂ ᠵᠢᠱᠢᠶ᠎ᠡ ᠦᠵᠡᠭᠦᠯᠵᠦ ᠳᠡᠭᠡᠭᠰᠢᠯᠡᠭᠦᠯᠬᠦ ᠂ ᠰᠢᠭᠰᠢᠭᠳᠡᠭᠦᠯᠵᠦ | ᠣᠷᠤᠯᠠᠭᠤᠯᠬᠤ ︾ ᠠᠵᠢᠯ ᠤᠨ ᠰᠡᠳᠭᠢᠮᠵᠢ ᠶᠣᠰᠣᠭᠠᠷ᠂ 2024 ᠣᠨ ᠤ ᠪᠥᠬᠦ ᠲᠤᠭᠤᠷᠢᠭ ᠤᠨ ᠬᠡᠪᠴᠢᠶᠡᠨ ᠳᠠᠬᠢ | ᠵᠢᠵᠢᠭ ᠦᠢᠯᠡᠳᠬᠡᠯ ᠤᠨ ᠭᠠᠵᠠᠷ ᠢ ᠴᠡᠭᠴᠡᠯᠡᠨ ᠰᠠᠶᠢᠵᠢᠷᠠᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ | ᠪᠦᠬᠦᠨ ᠢ ᠬᠠᠮᠤᠷᠤᠨ ᠪᠠᠶᠢᠴᠠᠭᠠᠨ ᠵᠢᠭᠰᠠᠭᠠᠬᠤ᠂ ᠪᠥᠬᠦ ᠲᠠᠯ᠎ᠠ ᠪᠠᠷ ᠳᠠᠶᠢᠴᠢᠯᠠᠬᠤ᠂ ᠪᠥᠬᠦ ᠶᠠᠪᠤᠴᠠ ᠪᠠᠷ | ᠵᠢᠯᠣᠭᠤᠳᠬᠤ᠂ ᠦᠢᠯᠡᠳᠪᠦᠷᠢᠯᠡᠵᠦ ᠪᠣᠯᠪᠠᠰᠤᠷᠠᠭᠤᠯᠬᠤ ᠨᠥᠬᠦᠴᠡᠯ ᠤᠨ ᠪᠥᠬᠦ ᠬᠦᠴᠦᠨ ᠵᠦᠢᠯ ᠢ ᠴᠡᠭᠴᠡᠯᠡᠨ | ᠰᠠᠶᠢᠵᠢᠷᠠᠭᠤᠯᠬᠤ ᠪᠠᠷ ᠳᠠᠮᠵᠢᠭᠤᠯᠤᠨ᠂ ᠪᠥᠬᠦ ᠲᠤᠭᠤᠷᠢᠭ ᠤᠨ ᠦᠢᠯᠡᠳᠪᠦᠷᠢᠯᠡᠵᠦ ᠪᠣᠯᠪᠠᠰᠤᠷᠠᠭᠤᠯᠬᠤ ᠨᠥᠬᠦᠴᠡᠯ | ᠪᠠᠷᠢᠮᠵᠢᠶᠠᠨ ᠳᠤ ᠬᠦᠷᠬᠦ ᠥᠬᠡᠶ ᠵᠢᠵᠢᠭ ᠦᠢᠯᠡᠳᠬᠡᠯ ᠤᠨ ᠭᠠᠵᠠᠷ ᠢ ︽ᠴᠡᠪᠡᠷᠯᠡᠬᠦ︾ ᠬᠠᠷᠠᠯᠲᠠ ᠶᠢ ᠴᠢᠷᠮᠠᠶᠢᠨ | ᠪᠡᠶᠡᠯᠡᠭᠦᠯᠵᠦ᠂ ᠪᠥᠬᠦ ᠲᠤᠭᠤᠷᠢᠭ ᠤᠨ ᠵᠢᠵᠢᠭ ᠦᠢᠯᠡᠳᠬᠡᠯ ᠤᠨ ᠭᠠᠵᠠᠷ ᠤᠨ ᠦᠢᠯᠡᠳᠪᠦᠷᠢᠯᠡᠯ ᠤᠨ ᠣᠷᠴᠢᠨ | ᠲᠣᠭᠤᠷᠢᠨ ᠢ ᠨᠠᠩ ᠴᠡᠪᠡᠷ ᠴᠡᠮᠴᠡᠭᠡᠷ᠂ ᠬᠠᠲᠠᠭᠤ ᠲᠣᠨᠤᠭ ᠲᠥᠬᠦᠭᠡᠷᠦᠮᠵᠢ ᠶᠢ ᠨᠠᠩ ᠪᠦᠷᠢᠨ ᠲᠡᠭᠦᠯᠳᠡᠷ᠂ ᠢᠳᠡᠭᠡᠨ ᠤ | ᠠᠮᠤᠷ ᠲᠦᠪᠰᠢᠨ ᠤ ᠤᠬᠠᠮᠰᠠᠷ ᠢ ᠨᠠᠩ ᠪᠠᠲᠤ ᠪᠠᠬᠢ ᠪᠣᠯᠭᠠᠵᠤ᠂ ᠦᠢᠯᠡᠳᠬᠦᠨ ᠤ ᠶᠠᠰᠤ ᠴᠢᠨᠠᠷ ᠤᠨ ᠠᠮᠤᠷ | ᠲᠦᠪᠰᠢᠨ ᠢ ᠨᠠᠩ ᠨᠠᠶᠢᠳᠠᠪᠤᠷᠢᠲᠠᠶ ᠪᠣᠯᠭᠠᠵᠤ᠂ ᠣᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ | ᠨᠠᠩ ᠪᠠᠲᠤᠯᠠᠭ᠎ᠠ ᠲᠠᠢ ᠪᠣᠯᠭᠠᠨ᠎ᠠ᠃ | ︵ᠬᠤᠶᠠᠷ︶ ᠠᠵᠢᠯ ᠤᠨ ᠵᠠᠷᠴᠢᠮ | ᠨᠢᠭᠡ ᠳᠤ᠂ ᠪᠠᠷᠢᠮᠵᠢᠶ᠎ᠠ ᠶᠢ ᠤᠷᠢᠳ ᠢᠶᠠᠷ ᠬᠡᠷᠡᠭᠵᠢᠭᠦᠯᠵᠦ᠂ ᠬᠠᠤᠯᠢ ᠶᠣᠰᠣᠭᠠᠷ ᠬᠢᠨᠠᠨ ᠬᠠᠮᠢᠶᠠᠷᠬᠤ ᠶᠢ | ᠪᠠᠷᠢᠮᠲᠠᠯᠠᠨ᠎ᠠ᠃ 2023 ᠣᠨ ᠤ ᠵᠢᠵᠢᠭ ᠦᠢᠯᠡᠳᠬᠡᠯ ᠤᠨ ᠭᠠᠵᠠᠷ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ | ᠠᠵᠢᠯᠯᠠᠭ᠎ᠠ ᠶᠢᠨ ᠰᠠᠭᠤᠷᠢᠨ ᠳᠡᠭᠡᠷ᠎ᠡ᠂ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ | ᠵᠢᠵᠢᠭ ᠦᠢᠯᠡᠳᠬᠡᠯ ᠤᠨ ᠭᠠᠵᠠᠷ ᠵᠢᠵᠢᠭ ᠢᠳᠡᠭᠡᠨ ᠤ ᠳᠡᠯᠭᠡᠭᠦᠷ ᠵᠢᠵᠢᠭ ᠬᠤᠯᠢᠰᠢᠨ ᠢᠳᠡᠭᠡᠨ ᠤ ᠳᠡᠯᠭᠡᠭᠦᠷ ᠪᠠ | ᠢᠳᠡᠭᠡᠨ ᠤ ᠳᠡᠯᠭᠡᠭᠦᠷᠴᠢᠨ ᠤ ᠬᠠᠮᠢᠶᠠᠷᠤᠯᠲᠠ ᠶᠢᠨ ᠲᠦᠷᠢᠮ︾ ᠤᠨ ᠱᠠᠭᠠᠷᠳᠠᠯᠭ᠎ᠠ ᠶᠣᠰᠣᠭᠠᠷ᠂ ᠵᠢᠵᠢᠭ | ᠦᠢᠯᠡᠳᠬᠡᠯ ᠤᠨ ᠭᠠᠵᠠᠷ ᠤᠨ ᠦᠢᠯᠡᠳᠬᠡᠯ ᠤᠨ ᠣᠷᠴᠢᠨ ᠲᠣᠭᠤᠷᠢᠨ ᠢ ᠭᠤᠤᠯᠳᠠᠯᠭ᠎ᠠ ᠲᠠᠢ ᠴᠡᠭᠴᠡᠯᠡᠨ ᠵᠠᠰᠠᠵᠤ᠂ | ᠦᠢᠯᠡᠳᠪᠦᠷᠢᠯᠡᠯ ᠤᠨ ᠣᠷᠴᠢᠨ ᠲᠣᠭᠤᠷᠢᠨ᠂ ᠬᠠᠲᠠᠭᠤ ᠲᠣᠨᠤᠭ ᠲᠥᠬᠦᠭᠡᠷᠦᠮᠵᠢ ᠨᠢ ᠪᠠᠷᠢᠮᠵᠢᠶ᠎ᠠ ᠳᠤ ᠬᠥᠷᠬᠦ ᠥᠬᠡᠶ | ᠮᠥᠷᠲᠡᠭᠡᠨ ᠴᠡᠭᠴᠡᠯᠡᠨ ᠰᠠᠶᠢᠵᠢᠷᠠᠭᠤᠯᠤᠭᠠᠳ ᠮᠥᠨ ᠬᠦ ᠱᠠᠭᠠᠷᠳᠠᠯᠭ᠎ᠠ ᠳᠤ ᠬᠦᠷᠴᠦ ᠳᠡᠶᠢᠯᠬᠦ ᠥᠬᠡᠶ ᠵᠢᠵᠢᠭ | ᠦᠢᠯᠡᠳᠬᠡᠯ ᠤᠨ ᠭᠠᠵᠠᠷ ᠵᠢᠴᠢ ᠦᠨᠡᠮᠯᠡᠯ ᠥᠬᠡᠶ ︽ᠬᠠᠷ᠎ᠠ ᠦᠢᠯᠡᠳᠬᠡᠯ ᠤᠨ ᠭᠠᠵᠠᠷ︾ ᠢ ᠴᠢᠩᠭ᠎ᠠ ᠪᠠᠶᠢᠴᠠᠭᠠᠨ | ᠰᠢᠢᠳᠪᠦᠷᠢᠯᠡᠨ᠎ᠡ ᠃ | ᠬᠤᠶᠠᠷ ᠲᠤ ᠂ ᠵᠠᠰᠠᠭ ᠤᠨ ᠣᠷᠳᠣᠨ ᠲᠡᠳᠬᠦᠨ ᠳᠡᠮᠵᠢᠬᠦ᠂ ᠣᠯᠠᠨ ᠲᠠᠯ᠎ᠠ ᠪᠠᠷ ᠬᠤᠯᠪᠣᠭᠠᠯᠠᠨ ᠬᠥᠳᠡᠯᠦᠯᠴᠡᠬᠦ ᠶᠢ | ᠪᠠᠷᠢᠮᠲᠠᠯᠠᠨ᠎ᠠ᠃ 2023 ᠣᠨ ᠤ 3 ᠳ᠋ᠤᠭᠠᠷ ᠰᠠᠷ᠎ᠠ ᠶᠢᠨ 29 ᠤ ᠡᠳᠦᠷ ᠠᠴᠠ ᠡᠮᠦᠨ᠎ᠡ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠵᠦᠢᠯ ᠤᠨ ᠦᠢᠯᠡᠳᠪᠦᠷᠢᠯᠡᠯ ᠡᠵᠡᠩᠨᠡᠯᠲᠡ ᠶᠢᠨ ᠳᠡᠩᠰᠡᠯᠡᠯᠲᠡ ᠶᠢᠨ | ᠦᠨᠡᠮᠯᠡᠯ︾ ᠠᠪᠤᠭᠰᠠᠨ ᠪᠥᠭᠡᠳ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢᠨ ᠳᠤᠮᠳᠠ ᠦᠷ᠎ᠡ | ᠪᠦᠲᠦᠮᠵᠢ ᠪᠠᠷ ᠲᠣᠪᠤᠶᠢᠮ᠎ᠠ᠂ ᠰᠢᠯᠭᠠᠨ ᠠᠪᠬᠤ ᠳᠤ ᠬᠢᠷᠢ ᠲᠡᠩᠴᠡᠭᠰᠡᠨ ᠵᠢᠵᠢᠭ ᠦᠢᠯᠡᠳᠬᠡᠯ ᠤᠨ ᠭᠠᠵᠠᠷ ᠲᠤ ᠪᠣᠯ | ᠬᠤᠲᠠ᠂ ᠰᠢᠶᠠᠨ ᠤ ᠬᠤᠶᠠᠷ ᠱᠠᠲᠤᠨ ᠤ ᠵᠠᠰᠠᠭ ᠤᠨ ᠣᠷᠳᠣᠨ ᠵᠠᠷᠴᠢᠮ ᠳᠡᠭᠡᠷ᠎ᠡ ᠪᠠᠨ ᠡᠷᠦᠬᠡ ᠪᠦᠷᠢ ᠶᠢᠨ ᠶᠡᠷᠦᠩᠬᠡᠶ | ᠲᠠᠰ ᠳᠡᠪᠰᠢᠭᠦᠯᠦᠨ ᠥᠭᠡᠷᠡᠴᠢᠯᠡᠬᠦ ᠵᠠᠷᠤᠳᠠᠯ ᠤᠨ 70% ᠠᠴᠠ ᠥᠨᠳᠥᠷ ᠪᠠᠶᠢᠯᠭᠠᠬᠤ ᠥᠬᠡᠶ ᠪᠠᠷ ᠪᠠᠯᠠ ᠮᠥᠩᠭᠦ ᠶᠢᠨ | ᠳᠡᠮᠵᠢᠯᠭᠡ ᠦᠵᠡᠭᠦᠯᠦᠨ᠎ᠡ᠃ ᠡᠭᠦᠨ ᠳᠤ᠂ ᠪᠤᠭᠤᠲᠤ ᠬᠤᠲᠠ ᠶᠢᠨ ᠵᠠᠰᠠᠭ ᠤᠨ ᠣᠷᠳᠣᠨ ᠤ ᠪᠠᠯᠠ ᠮᠥᠩᠭᠦ ᠶᠢᠨ | ᠲᠡᠳᠬᠦᠨ ᠳᠡᠮᠵᠢᠬᠦ ᠬᠠᠷᠢᠴᠠᠯ 50% ᠪᠠᠶᠢᠵᠤ᠂ ᠵᠢᠦ ᠶᠤᠸᠠᠨ ᠲᠣᠭᠤᠷᠢᠭ ᠤᠨ ᠵᠠᠰᠠᠭ ᠤᠨ ᠣᠷᠳᠣᠨ ᠤ ᠪᠠᠯᠠ | ᠮᠥᠩᠭᠦ ᠶᠢᠨ ᠲᠡᠳᠬᠦᠬᠦ ᠬᠠᠷᠢᠴᠠᠯ 20% ᠪᠠᠶᠢᠵᠤ᠂ ᠬᠤᠲᠠ᠂ ᠲᠣᠭᠤᠷᠢᠭ ᠬᠤᠶᠠᠷ ᠱᠠᠲᠤᠨ ᠤ ᠵᠠᠰᠠᠭ ᠤᠨ | ᠣᠷᠳᠣᠨ ᠠᠴᠠ ᠡᠷᠦᠬᠡ ᠪᠦᠷᠢ ᠶᠢᠨ ᠲᠡᠳᠬᠦᠨ ᠳᠡᠮᠵᠢᠬᠦ ᠪᠠᠯᠠ ᠮᠥᠩᠭᠦ ᠶᠢ ᠲᠣᠰ ᠲᠣᠰ 5000 ᠲᠥᠭᠦᠷᠢᠭ ᠠᠴᠠ | ᠬᠡᠲᠦᠷᠡᠭᠦᠯᠵᠦ ᠪᠣᠯᠬᠤ ᠥᠬᠡᠶ᠃ | ᠭᠤᠷᠪᠠ ᠳᠤ ᠂ ᠨᠡᠶᠢᠲᠡᠯᠢᠭ ᠵᠢᠱᠢᠶ᠎ᠡ ᠪᠠᠷ ᠵᠢᠱᠢᠶ᠎ᠡ ᠦᠵᠡᠭᠦᠯᠬᠦ ᠶᠢ ᠪᠠᠷᠢᠮᠲᠠᠯᠠᠵᠤ᠂ ᠰᠢᠯᠢᠳᠡᠭ ᠢ ᠨᠢ ᠲᠡᠳᠬᠦᠨ | ᠬᠦᠴᠦᠷᠬᠡᠭᠵᠢᠭᠦᠯᠦᠨ᠎ᠡ᠃ ᠬᠤᠪᠢ ᠶᠢᠨ ᠦᠢᠯᠡᠳᠪᠦᠷᠢ ᠬᠤᠳᠠᠯᠳᠤᠭᠠᠨ ᠤ ᠬᠥᠭᠵᠢᠯᠲᠡ ᠶᠢ ᠠᠬᠢᠭᠤᠯᠬᠤ᠂ ᠣᠷᠣᠨ | ᠨᠤᠲᠤᠭ ᠤᠨ ᠣᠨᠴᠠᠯᠢᠭ ᠢ ᠤᠯᠠᠮᠵᠢᠯᠠᠨ ᠵᠠᠯᠭᠠᠮᠵᠢᠯᠠᠬᠤ ᠲᠠᠯ᠎ᠠ ᠠᠴᠠ ᠣᠷᠴᠢᠨ ᠲᠣᠭᠤᠷᠢᠨ ᠴᠡᠪᠡᠷ ᠲᠡᠭᠰᠢ᠂ | ᠬᠠᠮᠢᠶᠠᠷᠤᠯᠲᠠ ᠨᠢ ᠵᠢᠷᠤᠮᠵᠢᠯ ᠲᠠᠢ᠂ ᠠᠮᠤᠷ ᠲᠦᠪᠰᠢᠨ ᠪᠥᠭᠡᠳ ᠡᠵᠡᠮᠳᠡᠵᠦ ᠪᠣᠯᠬᠤ᠂ ᠣᠨᠴᠠᠯᠢᠭ ᠨᠢ ᠲᠣᠪᠤᠶᠢᠮ᠎ᠠ | ᠪᠠᠶᠢᠬᠤ ᠱᠠᠭᠠᠷᠳᠠᠯᠭ᠎ᠠ ᠶᠣᠰᠣᠭᠠᠷ᠂ ᠨᠢᠭᠡ ᠪᠦᠯᠦᠭ ᠵᠢᠱᠢᠶ᠎ᠡ ᠦᠵᠡᠭᠦᠯᠬᠦ ᠵᠢᠵᠢᠭ ᠦᠢᠯᠡᠳᠬᠡᠯ ᠤᠨ ᠭᠠᠵᠠᠷ ᠢ | ᠭᠤᠤᠯᠳᠠᠯᠭ᠎ᠠ ᠲᠠᠢ ᠪᠤᠶᠢᠵᠢᠭᠤᠯᠵᠤ᠂ ᠨᠡᠶᠢᠲᠡᠯᠢᠭ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠨᠢ | ᠪᠠᠳᠠᠷᠠᠭᠤᠯᠬᠤ ᠶᠢᠨ ᠬᠠᠮᠲᠤ ᠲᠠᠸᠠᠷ ᠤᠨ ᠲᠡᠮᠲᠡᠭᠲᠦ ᠶᠢ ᠭᠤᠶᠤᠴᠢᠯᠠᠬᠤ᠂ ᠲᠦᠷᠦᠯ ᠲᠡᠮᠲᠡᠭᠲᠦ ᠶᠢ ᠡᠭᠦᠳᠦᠨ | ᠪᠠᠶᠢᠭᠤᠯᠬᠤ ᠶᠠᠪᠤᠴᠠ ᠳᠤ ᠴᠠᠭ ᠲᠤᠬᠠᠶ ᠳᠤ ᠨᠢ ᠬᠠᠪᠰᠤᠷᠤᠨ ᠲᠡᠳᠬᠦᠵᠦ ᠵᠢᠭᠠᠨ ᠵᠢᠯᠤᠭᠤᠳᠤᠨ᠎ᠠ᠃ ᠪᠤᠭᠤᠲᠤ | ᠬᠤᠲᠠ ᠶᠢᠨ ᠵᠠᠰᠠᠭ ᠤᠨ ᠣᠷᠳᠣᠨ 10 ᠡᠷᠦᠬᠡ ᠣᠯᠠᠨ ᠲᠦᠮᠡᠨ ᠤ ᠢᠳᠡᠭᠡᠨ ᠤᠮᠳᠠᠭᠠᠨ ᠲᠠᠢ ᠨᠢᠭᠲᠠ | ᠬᠠᠷᠢᠴᠠᠭ᠎ᠠ ᠲᠠᠢ ᠭᠤᠤᠯᠳᠠᠯᠭ᠎ᠠ ᠲᠠᠢ ᠢᠳᠡᠭᠡᠨ ᠤ ᠲᠥᠷᠥᠯ ᠢᠯᠭᠠᠯ ︵ᠮᠢᠬᠠᠨ ᠤ ᠪᠦᠲᠦᠭᠡᠭᠳᠡᠬᠦᠨ᠂ ᠭᠤᠯᠢᠷ ᠢᠳᠡᠭᠡᠨ | ᠂ ᠳ᠋ᠧᠦᠹᠦ᠋᠂ ᠹᠧᠨᠲ᠋ᠢᠶᠣᠤᠷ᠂ ᠰᠡᠷᠢᠭᠦᠨ ᠭᠤᠯᠢᠷ ᠂ ᠪᠣᠭᠤᠷᠰᠤᠭ︶ ᠢ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠪᠠᠷ | ᠳᠠᠮᠵᠢᠭᠤᠯᠤᠨ ᠬᠡᠪᠴᠢᠶᠡᠵᠢᠭᠰᠡᠨ᠂ ᠲᠥᠷᠥᠯ ᠲᠡᠮᠳᠡᠭᠵᠢᠭᠰᠡᠨ᠂ ᠶᠠᠰᠤ ᠴᠢᠨᠠᠷᠵᠢᠭᠰᠠᠨ ᠬᠥᠭᠵᠢᠯᠲᠡ ᠶᠢ | ᠪᠡᠶᠡᠯᠡᠭᠦᠯᠦᠭᠰᠡᠨ ᠵᠢᠵᠢᠭ ᠦᠢᠯᠡᠳᠭᠡᠯ ᠤᠨ ᠭᠠᠵᠠᠷ ᠤᠨ ᠡᠷᠦᠬᠡ ᠪᠦᠷᠢ ᠳᠤ ᠳᠠᠬᠢᠨ 5000 ᠲᠥᠭᠦᠷᠢᠭ ᠤᠨ | ᠲᠡᠳᠬᠦᠮᠵᠢ ᠶᠢᠨ ᠪᠡᠯᠡ ᠮᠥᠩᠭᠦ ᠣᠯᠭᠤᠨ᠎ᠠ᠃ | ︵ᠭᠤᠷᠪᠠ︶ ᠴᠠᠭ ᠤᠨ ᠲᠣᠬᠢᠷᠠᠭᠤᠯᠤᠯᠲᠠ | ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠳᠥᠷᠪᠡᠨ ᠱᠠᠲᠤ ᠬᠤᠪᠢᠶᠠᠨ ᠶᠠᠪᠤᠭᠳᠠᠭᠤᠯᠤᠨ᠎ᠠ᠃ | ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠬᠤ ᠱᠠᠲᠤ ᠦᠶ᠎ᠡ᠂ ᠴᠡᠭᠴᠡᠯᠡᠨ ᠵᠠᠰᠠᠵᠤ ᠳᠡᠭᠡᠭᠰᠢᠯᠡᠭᠦᠯᠬᠦ ᠱᠠᠲᠤ ᠦᠶ᠎ᠡ | ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠱᠠᠲᠤ ᠦᠶ᠎ᠡ᠂ ᠤᠬᠠᠭᠤᠯᠵᠤ ᠬᠥᠲᠥᠯᠥᠨ ᠵᠢᠯᠣᠭᠤᠳᠬᠤ | ᠱᠠᠲᠤ ᠦᠶ᠎ᠡ ᠪᠣᠯᠤᠨ᠎ᠠ᠃ | ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠬᠤ ᠱᠠᠲᠤ ᠦᠶ᠎ᠡ ᠄ ᠡᠯ᠎ᠡ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠭᠠᠵᠠᠷ ᠢ ᠲᠤᠭᠤᠷᠢᠭ ᠤᠨ ᠢᠶᠠᠨ ᠪᠣᠳᠠᠲᠠᠶ ᠲᠠᠢ ᠤᠶᠠᠯᠳᠤᠭᠤᠯᠤᠨ᠂ ᠲᠣᠬᠢᠷᠠᠭᠤᠯᠤᠨ | ᠪᠠᠶᠢᠷᠢᠯᠠᠭᠤᠯᠵᠤ᠂ ᠬᠠᠷᠢᠶ᠎ᠠ ᠣᠷᠣᠨ ᠤ ᠳᠣᠲᠣᠷᠠᠬᠢ ᠵᠢᠵᠢᠭ ᠦᠢᠯᠡᠳᠬᠡᠯ ᠤᠨ ᠭᠠᠵᠠᠷ ᠢ ᠪᠥᠬᠦ ᠲᠠᠯ᠎ᠠ ᠪᠠᠷ ᠳᠠᠶᠢᠴᠢᠯᠠᠨ | ᠂ ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠵᠤ᠂ ᠵᠢᠵᠢᠭ ᠦᠢᠯᠡᠳᠬᠡᠯ ᠤᠨ ᠭᠠᠵᠠᠷ ᠤᠨ ᠲᠣᠭᠠᠵᠢᠭᠤᠯᠤᠭᠰᠠᠨ | ᠮᠡᠳᠡᠭᠡ ᠵᠠᠩᠭᠢ ᠶᠢᠨ ᠬᠥᠮᠥᠷᠭᠡ ᠶᠢ ᠬᠥᠳᠡᠯᠦᠩᠭᠦᠶ ᠪᠠᠷ ᠲᠡᠭᠦᠯᠳᠡᠷᠵᠢᠭᠦᠯᠦᠨ᠂ ᠬᠠᠷᠢᠶ᠎ᠠ ᠣᠷᠣᠨ ᠤ ᠵᠢᠵᠢᠭ | ᠦᠢᠯᠡᠳᠬᠡᠯ ᠤᠨ ᠭᠠᠵᠠᠷ ᠤᠨ ᠲᠠᠩᠰᠠ ᠡᠪᠬᠡᠮᠡᠯ ᠪᠠᠶᠢᠭᠤᠯᠬᠤ ᠨᠣᠷᠮ᠎ᠠ ᠪᠠ ᠳᠠᠩᠰᠠᠯᠠᠭᠤᠯᠬᠤ ᠨᠣᠷᠮ᠎ᠠ ᠶᠢ | 100% ᠳᠤ ᠬᠦᠷᠭᠡᠬᠦ ᠶᠢ ᠦᠨᠡᠨ ᠬᠦ ᠪᠠᠲᠤᠯᠠᠨ᠎ᠠ ᠃ | ᠴᠡᠭᠴᠡᠯᠡᠨ ᠵᠠᠰᠠᠵᠤ ᠳᠡᠭᠡᠭᠰᠢᠯᠡᠭᠦᠯᠬᠦ ᠱᠠᠲᠤ ᠦᠶ᠎ᠡ᠄ ᠬᠠᠷᠢᠶ᠎ᠠ ᠣᠷᠣᠨ ᠤ ᠵᠢᠵᠢᠭ ᠦᠢᠯᠡᠳᠬᠡᠯ ᠤᠨ ᠭᠠᠵᠠᠷ ᠢ | ᠪᠥᠬᠦ ᠲᠠᠯ᠎ᠠ ᠪᠠᠷ ᠵᠣᠬᠢᠶᠠᠨ ᠪᠠᠶᠢᠭᠤᠯᠵᠤ ᠴᠡᠭᠴᠡᠯᠡᠨ ᠰᠠᠶᠢᠵᠢᠷᠠᠭᠤᠯᠬᠤ ᠠᠵᠢᠯᠯᠠᠭ᠎ᠠ ᠥᠷᠨᠢᠭᠦᠯᠵᠦ᠂ ︽ᠨᠢᠭᠡ | ᠡᠷᠦᠬᠡ ᠳᠤ ᠨᠢᠭᠡ ᠲᠠᠩᠰᠠ ᠡᠪᠬᠡᠮᠡᠯ︾᠂ ︽ᠨᠢᠭᠡ ᠡᠷᠦᠬᠡ ᠳᠤ ᠨᠢᠭᠡ ᠠᠷᠭ᠎ᠠ ᠪᠣᠳᠣᠯᠭ᠎ᠠ︾ ᠶᠢ ᠪᠡᠶᠡᠯᠡᠭᠦᠯᠵᠦ᠂ | ᠬᠠᠷᠢᠭᠤᠴᠠᠯᠭ᠎ᠠ ᠡᠭᠦᠷᠭᠡᠯᠡᠭᠴᠢ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ᠂ ᠴᠡᠭᠴᠡᠯᠡᠨ ᠵᠠᠰᠠᠬᠤ ᠴᠠᠭ ᠤᠨ ᠬᠢᠵᠠᠭᠠᠷ ᠢ | ᠲᠣᠳᠣᠷᠬᠠᠶᠢᠯᠠᠨ᠂ ᠲᠤᠰᠬᠠᠶ ᠴᠡᠭᠴᠡᠯᠡᠨ ᠵᠠᠰᠠᠬᠤ ᠪᠠᠷ ᠳᠠᠮᠵᠢᠭᠤᠯᠤᠨ᠂ ᠵᠢᠵᠢᠭ ᠦᠢᠯᠡᠳᠬᠡᠯ ᠤᠨ ᠭᠠᠵᠠᠷ ᠤᠨ ᠣᠷᠣᠨ | ᠵᠠᠶ ᠶᠢᠨ ᠪᠠᠶᠢᠷᠢᠰᠢᠭᠤᠯᠤᠯᠲᠠ ᠪᠠ ᠲᠠᠯᠠᠪᠤᠷ ᠲᠣᠭᠤᠷᠢᠭ ᠤᠨ ᠪᠥᠲᠥᠭᠡᠨ ᠪᠠᠶᠢᠭᠤᠯᠤᠯᠲᠠ ᠵᠢᠴᠢ ᠣᠷᠴᠢᠨ ᠲᠣᠭᠤᠷᠢᠨ ᠤ | ᠡᠷᠡᠭᠦᠯ ᠬᠠᠮᠠᠭᠠᠯᠠᠯ ᠤᠨ ᠪᠠᠷᠢᠮᠵᠢᠶ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠠᠷᠢᠶ᠎ᠠ ᠣᠷᠣᠨ ᠤ | ᠦᠢᠯᠡᠳᠪᠦᠷᠢᠯᠡᠵᠦ ᠪᠣᠯᠪᠠᠰᠤᠷᠠᠭᠤᠯᠬᠤ ᠨᠥᠬᠦᠴᠡᠯ ᠨᠢ ᠪᠠᠷᠢᠮᠵᠢᠶ᠎ᠠ ᠳᠤ ᠬᠦᠷᠬᠦ ᠥᠬᠡᠶ ᠵᠢᠵᠢᠭ ᠦᠢᠯᠡᠳᠬᠡᠯ ᠤᠨ | ᠭᠠᠵᠠᠷ ᠢ ︽ᠴᠡᠪᠡᠷᠯᠡᠬᠦ︾ ᠬᠠᠷᠠᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ | ᠡᠳᠦᠷ ᠲᠤᠲᠤᠮ ᠤᠨ ᠬᠢᠨᠠᠨ ᠬᠠᠮᠢᠶᠠᠷᠤᠯᠲᠠ ᠶᠢᠨ ᠱᠠᠲᠤ ᠦᠶ᠎ᠡ᠄ ᠵᠢᠵᠢᠭ ᠦᠢᠯᠡᠳᠬᠡᠯ ᠤᠨ ᠭᠠᠵᠠᠷ ᠤᠨ ᠡᠳᠦᠷ | ᠲᠤᠲᠤᠮ ᠤᠨ ᠬᠢᠨᠠᠨ ᠬᠠᠮᠢᠶᠠᠷᠬᠤ ᠴᠢᠳᠠᠪᠤᠷᠢ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠵᠢᠵᠢᠭ | ᠦᠢᠯᠡᠳᠬᠡᠯ ᠤᠨ ᠭᠠᠵᠠᠷ ᠤᠨ ᠠᠵᠢᠯ ᠡᠷᠭᠢᠯᠡᠭᠰᠡᠳ ᠤᠨ ᠪᠣᠯᠪᠠᠰᠤᠷᠠᠯ ᠤᠨ ᠬᠠᠮᠢᠶᠠᠷᠤᠯᠲᠠ ᠶᠢ ᠪᠦᠬᠦ ᠲᠠᠯ᠎ᠠ ᠪᠠᠷ | ᠴᠢᠩᠭᠠᠳᠬᠠᠵᠤ᠂ ᠦᠢᠯᠡᠳᠪᠦᠷᠢᠯᠡᠵᠦ ᠡᠵᠡᠩᠨᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ︔ | ᠵᠢᠵᠢᠭ ᠦᠢᠯᠡᠳᠬᠡᠯ ᠤᠨ ᠭᠠᠵᠠᠷ ᠤᠨ ᠡᠵᠡᠩᠨᠡᠭᠴᠢ ᠶᠢ ᠵᠣᠷᠢᠭᠵᠢᠭᠤᠯᠵᠤ ᠪᠠᠶᠢᠭᠠᠳ ︽ᠪᠤᠭᠤᠲᠤ ᠶᠢᠨ ᠮᠥᠷᠳᠡᠯᠲᠡ︾ | ᠲᠠᠪᠴᠠᠩ ᠢ ᠬᠡᠷᠡᠭᠯᠡᠭᠦᠯᠵᠦ ᠂ ᠲᠠᠪᠴᠠᠩ ᠢᠶᠠᠷ ᠳᠠᠮᠵᠢᠭᠤᠯᠤᠨ ᠡᠯ᠎ᠡ ᠲᠥᠷᠥᠯ ᠤᠨ ᠲᠣᠭᠲᠠᠭᠠᠭᠰᠠᠨ ᠮᠠᠲ᠋ᠧᠷᠢᠶᠠᠯ ᠤᠨ | ᠡᠬᠡ ᠳᠠᠩᠰᠠ ᠶᠢᠨ ᠲᠣᠭᠠᠵᠢᠭᠤᠯᠤᠯᠲᠠ ᠶᠢ ᠴᠢᠷᠮᠠᠶᠢᠨ ᠪᠡᠶᠡᠯᠡᠭᠦᠯᠦᠨ᠎ᠡ︔ ᠵᠥᠪᠰᠢᠶᠡᠷᠡᠨ ᠣᠷᠣᠭᠤᠯᠬᠤ ᠶᠢ ᠴᠢᠩᠭ᠎ᠠ | ᠬᠢᠨᠠᠨ ᠬᠠᠷᠭᠤᠭᠤᠯᠬᠤ ᠶᠢ ᠴᠢᠩᠳᠠᠯᠠᠵᠤ᠂ ᠵᠢᠵᠢᠭ ᠦᠢᠯᠡᠳᠬᠡᠯ ᠤᠨ ᠭᠠᠵᠠᠷ ᠤᠨ ᠵᠥᠪᠰᠢᠶᠡᠷᠡᠨ ᠣᠷᠣᠭᠤᠯᠬᠤ | ᠳᠦᠷᠢᠮ ᠤᠨ ᠶᠠᠪᠤᠴᠠ ᠶᠢ ᠨᠠᠷᠢᠯᠢᠭᠵᠢᠭᠤᠯᠵᠤ᠂ ᠲᠤᠬᠠᠶ ᠶᠢᠨ ᠭᠠᠵᠠᠷ ᠲᠤ ᠨᠢ ᠬᠢᠨᠠᠨ ᠪᠠᠶᠢᠴᠠᠭᠠᠬᠤ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠠᠷᠢᠮᠵᠢᠶ᠎ᠠ ᠳᠤ ᠬᠦᠷᠬᠦ ᠦᠭᠡᠢ᠂ ᠬᠢᠷᠢ ᠲᠡᠩᠴᠡᠬᠦ ᠦᠭᠡᠢ ᠵᠢᠵᠢᠭ | ᠦᠢᠯᠡᠳᠬᠡᠯ ᠤᠨ ᠭᠠᠵᠠᠷ ᠢ ᠢᠳᠡᠭᠡᠨ ᠤ ᠵᠦᠢᠯ ᠢ ᠦᠢᠯᠡᠳᠪᠦᠷᠢᠯᠡᠵᠦ ᠪᠣᠯᠪᠠᠰᠤᠷᠠᠭᠤᠯᠬᠤ ᠬᠦᠷᠢᠶᠡᠨ ᠳᠤ | ᠣᠷᠣᠭᠤᠯᠬᠤ ᠶᠢ ᠡᠷᠡᠰ ᠬᠤᠷᠢᠭᠯᠠᠨ᠎ᠠ︔ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠣᠯᠠᠨ | ᠲᠦᠮᠡᠨ ᠤ ᠢᠳᠡᠭᠡᠨ ᠤᠮᠳᠠᠭᠠᠨ ᠲᠠᠢ ᠬᠠᠷᠢᠴᠠᠭ᠎ᠠ ᠲᠠᠢ ᠭᠤᠣᠯᠳᠠᠯᠭ᠎ᠠ ᠲᠠᠢ ᠢᠳᠡᠭᠡᠨ ᠤ ᠵᠦᠢᠯ ᠤᠨ ᠵᠢᠵᠢᠭ | ᠦᠢᠯᠡᠳᠬᠡᠯ ᠤᠨ ᠭᠠᠵᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠲᠣᠭᠲᠠᠭᠠᠵᠤ᠂ ᠰᠠᠷ᠎ᠠ | ᠪᠦᠷᠢ 1 — 2 ᠲᠥᠷᠥᠯ ᠤᠨ ᠢᠳᠡᠭᠡᠨ ᠤ ᠵᠦᠢᠯ ᠤᠨ ᠵᠢᠵᠢᠭ ᠦᠢᠯᠡᠳᠬᠡᠯ ᠤᠨ ᠭᠠᠵᠠᠷ ᠲᠤ ᠬᠢᠨᠠᠯᠲᠠ ᠲᠠᠯᠪᠢᠵᠤ | ᠰᠤᠭᠤᠴᠢᠨ ᠪᠠᠶᠢᠴᠠᠭᠠᠬᠤ ᠶᠢᠨ ᠬᠠᠮᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠤᠨ ︽ | ᠤᠯᠠᠭᠠᠨ ᠬᠠᠷ᠎ᠠ ᠰᠠᠮᠪᠠᠷ᠎ᠠ︾ ᠶᠢ ᠨᠡᠶᠢᠲᠡᠯᠡᠨ᠎ᠡ︔ ᠢᠳᠡᠭᠡᠨ ᠤ ᠵᠦᠢᠯ ᠤᠨ ᠵᠢᠵᠢᠭ ᠦᠢᠯᠡᠳᠬᠡᠯ ᠤᠨ ᠭᠠᠵᠠᠷ ᠲᠤ | ᠦᠢᠯᠡᠳᠪᠦᠷᠢᠯᠡᠵᠦ ᠪᠣᠯᠪᠠᠰᠤᠷᠠᠭᠤᠯᠵᠤ ᠪᠠᠭᠠᠵᠢ ᠬᠡᠷᠡᠭᠰᠡᠯ ᠤᠨ ᠥᠩᠭᠡᠵᠢᠭᠦᠯᠦᠭᠰᠡᠨ ᠬᠠᠮᠢᠶᠠᠷᠤᠯᠲᠠ ᠶᠢ ᠰᠦᠪᠡᠭᠴᠢᠯᠡᠨ | ᠥᠷᠨᠢᠭᠦᠯᠵᠦ᠂ ᠦᠢᠯᠡᠳᠬᠦᠨ ᠤ ᠲᠦᠭᠦᠬᠡᠶ ᠮᠠᠲ᠋ᠧᠷᠢᠶᠠᠯ ᠲᠤᠰᠠᠯᠠᠬᠤ ᠮᠠᠲ᠋ᠧᠷᠢᠶᠠᠯ ᠤᠨ ᠰᠣᠯᠪᠢᠴᠠᠭᠰᠠᠨ ᠪᠣᠬᠢᠷᠲᠤᠯ ᠢ | ᠤᠯᠠᠮ ᠨᠢᠭᠡ ᠠᠯᠬᠤᠮ ᠰᠡᠷᠭᠡᠶᠢᠯᠡᠨ᠂ ᠦᠢᠯᠡᠳᠬᠦᠨ ᠤ ᠶᠠᠰᠤ ᠴᠢᠨᠠᠷ ᠤᠨ ᠡᠵᠡᠮᠳᠡᠵᠦ ᠪᠣᠯᠬᠤᠶᠢᠴᠠ ᠴᠢᠨᠠᠷ ᠢ | ᠳᠡᠭᠡᠭᠰᠢᠯᠡᠭᠦᠯᠦᠨ᠎ᠡ᠃ | ᠤᠬᠠᠭᠤᠯᠵᠤ ᠬᠦᠲᠦᠯᠦᠨ ᠵᠢᠯᠣᠭᠤᠳᠬᠤ ᠱᠠᠲᠤ ᠦᠶ᠎ᠡ᠄ ᠡᠯ᠎ᠡ ᠲᠥᠷᠥᠯ ᠤᠨ ᠤᠬᠠᠭᠤᠯᠭ᠎ᠠ ᠶᠢᠨ ᠲᠠᠪᠴᠠᠩ ᠢ | ᠭᠦᠢᠴᠡᠳ ᠠᠰᠢᠭᠯᠠᠨ᠂ ᠬᠠᠷᠢᠶ᠎ᠠ ᠣᠷᠣᠨ ᠤ ᠵᠢᠵᠢᠭ ᠦᠢᠯᠡᠳᠬᠡᠯ ᠤᠨ ᠭᠠᠵᠠᠷ ᠤᠨ ᠲᠠᠩᠰᠠ ᠡᠪᠬᠡᠮᠡᠯ ᠢ | ᠳᠡᠭᠡᠭᠰᠢᠯᠡᠭᠦᠯᠦᠨ ᠲᠠᠰ ᠳᠡᠪᠰᠢᠭᠦᠯᠬᠦ᠂ ᠵᠢᠱᠢᠶ᠎ᠡ ᠦᠵᠡᠭᠦᠯᠦᠨ ᠬᠥᠲᠥᠯᠦᠨ ᠳᠠᠭᠠᠭᠤᠯᠬᠤ ᠶᠠᠪᠤᠴᠠ ᠳᠠᠬᠢ ᠰᠢᠯᠢᠳᠡᠭ | ᠬᠡᠷᠡᠭ ᠤᠨ ᠵᠢᠱᠢᠶ᠎ᠡ ᠶᠢ ᠤᠬᠠᠭᠤᠯᠬᠤ ᠪᠠ ᠮᠡᠳᠡᠭᠡᠯᠡᠬᠦ ᠶᠢ ᠴᠢᠩᠭᠠᠳᠬᠠᠵᠤ᠂ ᠵᠢᠵᠢᠭ ᠦᠢᠯᠡᠳᠬᠡᠯ ᠤᠨ ᠭᠠᠵᠠᠷ ᠤᠨ | ᠥᠮᠴᠢᠲᠡᠨ ᠤ ᠰᠠᠨᠠᠭᠠᠴᠢᠯᠠᠭ᠎ᠠ ᠠᠴᠠ ᠪᠠᠨ ᠣᠷᠣᠯᠴᠠᠬᠤ ᠶᠢ ᠵᠣᠷᠢᠭᠵᠢᠭᠤᠯᠤᠨ ᠬᠥᠲᠥᠯᠦᠨ ᠵᠢᠯᠣᠭᠤᠳᠤᠨ᠎ᠠ᠃ | ᠴᠡᠭᠴᠡᠯᠡᠨ ᠵᠠᠰᠠᠵᠤ ᠳᠡᠭᠡᠭᠰᠢᠯᠡᠭᠦᠯᠬᠦ ᠶᠠᠪᠤᠴᠠ ᠳᠤ ᠢᠯᠡᠷᠡᠭᠦᠯᠦᠭᠰᠡᠨ ︽ᠬᠠᠷ᠎ᠠ ᠦᠢᠯᠡᠳᠬᠡᠯ ᠤᠨ ᠭᠠᠵᠠᠷ︾ ᠪᠣᠯᠤᠨ | ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤ ᠨᠢ ᠢᠯᠡᠴᠢᠯᠡᠵᠦ᠂ ᠢᠳᠡᠭᠡᠨ ᠤ | ᠠᠮᠤᠷ ᠲᠦᠪᠰᠢᠨ ᠢ ᠨᠡᠶᠢᠭᠡᠮ ᠨᠡᠶᠢᠲᠡ ᠪᠠᠷ ᠢᠶᠠᠨ ᠬᠠᠮᠲᠤ ᠪᠠᠷ ᠵᠠᠰᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠦᠬᠦ | ᠲᠠᠯ᠎ᠠ ᠪᠠᠷ ᠪᠤᠢ ᠪᠣᠯᠭᠠᠨ᠎ᠠ ᠃ | ︵ᠲᠦᠷᠪᠡ︶ ᠠᠵᠢᠯ ᠤᠨ ᠱᠠᠭᠠᠷᠳᠠᠯᠭ᠎ᠠ | ᠨᠢᠭᠡ ᠳᠤ ᠂ ᠰᠡᠳᠭᠢᠮᠵᠢ ᠪᠠᠨ ᠦᠨᠡᠨ ᠬᠦ ᠲᠣᠳᠣᠷᠬᠠᠶ ᠪᠣᠯᠭᠠᠵᠤ᠂ ᠣᠷᠳᠣ ᠪᠠ ᠣᠬᠤᠷ ᠬᠤᠭᠤᠴᠠᠭ᠎ᠠ ᠶᠢ | ᠤᠶᠠᠯᠳᠤᠭᠤᠯᠤᠨ᠂ ᠪᠠᠶᠢᠩᠭᠤ ᠪᠠ ᠣᠷᠳᠣ ᠬᠤᠭᠤᠴᠠᠭ᠎ᠠ ᠶᠢ ᠤᠶᠠᠯᠳᠤᠭᠤᠯᠬᠤ ᠬᠡᠷᠡᠭᠲᠡᠶ᠃ ᠵᠣᠭᠰᠣᠴᠠ ᠪᠠᠨ ᠤᠯᠠᠮ | ᠨᠢᠭᠡ ᠠᠯᠬᠤᠮ ᠳᠡᠭᠡᠭᠰᠢᠯᠡᠭᠦᠯᠵᠦ᠂ ᠲᠠᠨᠢᠯᠲᠠ ᠪᠠᠨ ᠳᠡᠭᠡᠭᠰᠢᠯᠡᠭᠦᠯᠦᠨ᠂ ︽2024 ᠣᠨ ᠤ ᠵᠢᠥ ᠶᠤᠸᠠᠨ | ᠲᠣᠭᠤᠷᠢᠭ ᠤᠨ ᠢᠳᠡᠭᠡᠨ ᠦᠢᠯᠡᠳᠪᠦᠷᠢᠯᠡᠵᠦ ᠪᠣᠯᠪᠠᠰᠤᠷᠠᠭᠤᠯᠬᠤ ᠵᠢᠵᠢᠭ ᠦᠢᠯᠡᠳᠬᠡᠯ ᠤᠨ ᠭᠠᠵᠠᠷ ᠢ ᠴᠡᠭᠴᠡᠯᠡᠨ | ᠰᠠᠶᠢᠵᠢᠷᠠᠭᠤᠯᠬᠤ ᠠᠵᠢᠯᠯᠠᠭ᠎ᠠ ᠶᠢᠨ ᠠᠵᠢᠯ ᠤᠨ ᠲᠥᠰᠦᠯ︾ ᠲᠠᠢ ᠭᠦᠢᠴᠡᠳ ᠤᠶᠠᠯᠳᠤᠭᠤᠯᠵᠤ᠂ ᠬᠦᠮᠦᠨ | ᠲᠣᠭᠲᠠᠭᠠᠬᠤ ᠠᠵᠢᠯ ᠤᠨ ᠪᠠᠶᠢᠷᠢ ᠲᠤᠭᠲᠠᠭᠠᠬᠤ ᠪᠠ ᠡᠭᠦᠷᠭᠡ ᠬᠠᠷᠢᠭᠤᠴᠠᠯᠭ᠎ᠠ ᠲᠣᠭᠲᠠᠭᠠᠨ᠂ ᠲᠤᠰᠬᠠᠶ ᠬᠥᠮᠦᠨ ᠢᠶᠠᠷ | ᠲᠤᠰᠬᠠᠶᠢᠯᠠᠨ ᠬᠠᠷᠢᠭᠤᠴᠠᠭᠤᠯᠵᠤ᠂ ᠬᠡᠪ ᠤᠨ ᠪᠠᠶᠢᠳᠠᠯ ᠢ ᠪᠠᠶᠢᠩᠭᠤ ᠠᠳᠬᠤᠬᠤ ᠬᠡᠷᠡᠭᠲᠡᠶ᠃ | ᠬᠤᠶᠠᠷ ᠲᠤ᠂ ᠯᠠᠪᠳᠠᠭᠤᠨ ᠪᠠᠲᠤᠲᠠᠶ ᠬᠢᠵᠦ᠂ ᠭᠤᠤᠯᠳᠠᠯᠭ᠎ᠠ ᠶᠢ ᠳᠣᠪᠤᠶᠢᠯᠭᠠᠨ᠂ ᠴᠡᠭ ᠢᠶᠠᠷ ᠨᠡᠶᠢᠳᠡᠮ ᠢ | ᠳᠠᠶᠢᠴᠢᠯᠠᠬᠤ ᠬᠡᠷᠡᠭᠲᠡᠶ᠃ ᠦᠢᠯᠡᠳᠪᠦᠷᠢᠯᠡᠯ ᠤᠨ ᠨᠥᠬᠦᠴᠡᠯ ᠪᠣᠯᠪᠠᠰᠤᠷᠠᠩᠭᠤᠶ᠂ ᠨᠠᠷᠠᠲᠤ ᠲᠥᠷᠥᠯ ᠲᠡᠮᠳᠡᠭᠲᠦ ᠶᠢᠨ | ᠦᠵᠡᠯ ᠤᠬᠠᠮᠰᠠᠷ ᠢᠶᠠᠷ ᠨᠡᠯᠢᠶᠡᠳ ᠴᠢᠩᠭ᠎ᠠ ᠨᠢᠭᠡ ᠪᠦᠯᠦᠭ ᠵᠢᠵᠢᠭ ᠦᠢᠯᠡᠳᠬᠡᠯ ᠤᠨ ᠭᠠᠵᠠᠷ ᠤᠨ ᠵᠢᠱᠢᠶ᠎ᠡ ᠦᠵᠡᠭᠦᠯᠬᠦ | ᠴᠢᠨᠠᠷᠲᠠᠶ ᠡᠵᠡᠩᠨᠡᠯᠲᠡ ᠶᠢ ᠬᠥᠲᠥᠯᠦᠨ ᠵᠢᠯᠣᠭᠤᠳᠬᠤ ᠪᠠ ᠠᠬᠢᠭᠤᠯᠵᠤ᠂ ᠨᠢᠭᠡ ᠪᠦᠯᠦᠭ ᠦᠢᠯᠡᠳᠪᠦᠷᠢᠯᠡᠯ ᠤᠨ | ᠨᠥᠬᠦᠴᠡᠯ ᠮᠠᠭᠤ᠂ ᠬᠠᠭᠤᠷᠮᠠᠭ ᠮᠠᠭᠤ ᠢᠳᠡᠭᠡᠨ ᠦᠢᠯᠡᠳᠴᠦ ᠪᠣᠷᠣᠯᠠᠭᠤᠯᠬᠤ ︽ᠨᠢᠭᠤᠴᠠ ᠦᠢᠯᠡᠳᠬᠡᠯ ᠤᠨ ᠭᠠᠵᠠᠷ︾ | ᠲᠤ ᠴᠣᠬᠢᠯᠲᠠ ᠥᠭᠬᠦ ᠪᠠ ᠬᠤᠷᠢᠭᠯᠠᠵᠤ ᠂ ᠯᠠᠪᠳᠠᠭᠤᠨ ᠪᠠᠲᠤᠲᠠᠶ ᠰᠠᠭᠤᠷᠢ ᠲᠠᠯᠪᠢᠵᠤ᠂ ᠬᠢᠨᠠᠯᠲᠠ | ᠬᠠᠮᠢᠶᠠᠷᠤᠯᠲᠠ ᠶᠢᠨ ︽ᠨᠢᠭᠡ ᠡᠷᠦᠬᠡ ᠳᠤ ᠨᠢᠭᠡ ᠲᠠᠩᠰᠠ ᠡᠪᠬᠡᠮᠡᠯ︾᠂ ︽ᠨᠢᠭᠡ ᠡᠷᠦᠬᠡ ᠳᠤ ᠨᠢᠭᠡ ᠠᠷᠭ᠎ᠠ | ᠪᠣᠳᠣᠯᠭ᠎ᠠ︾ ᠶᠢ ᠦᠨᠡᠨ ᠬᠦ ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ ᠤ ᠳᠣᠲᠣᠷᠠᠬᠢ ᠵᠢᠵᠢᠭ ᠦᠢᠯᠡᠳᠬᠡᠯ ᠤᠨ | ᠭᠠᠵᠠᠷ ᠤᠨ ᠲᠤᠭ᠎ᠠ ᠬᠡᠮᠵᠢᠶ᠎ᠡ ᠲᠤᠳᠤᠷᠬᠠᠢ᠂ ᠪᠠᠶᠢᠳᠠᠯ ᠲᠣᠳᠣᠷᠬᠠᠶ᠂ ᠠᠵᠢᠯᠲᠠᠨ ᠲᠣᠳᠣᠷᠬᠠᠶ᠂ ᠪᠠᠷᠢᠮᠵᠢᠶ᠎ᠠ | ᠲᠣᠳᠣᠷᠬᠠᠶ᠂ ᠬᠠᠷᠢᠭᠤᠴᠠᠯᠭ᠎ᠠ ᠲᠣᠳᠣᠷᠬᠠᠶ᠂ ᠴᠠᠭ ᠤᠨ ᠬᠢᠵᠠᠭᠠᠷ ᠲᠣᠳᠣᠷᠬᠠᠶ ᠪᠠᠶᠢᠬᠤ ᠶᠢ ᠪᠡᠶᠡᠯᠡᠭᠦᠯᠬᠦ ᠬᠡᠷᠡᠭᠲᠡᠶ᠃ | ᠭᠤᠷᠪᠠ ᠳᠤ᠂ ᠰᠡᠳᠭᠢᠮᠵᠢ ᠪᠠᠨ ᠦᠨᠡᠨ ᠬᠦ ᠥᠷᠭᠡᠳᠬᠡᠵᠦ᠂ ᠵᠣᠷᠢᠭᠲᠠᠶ ᠪᠠᠷ ᠰᠢᠨ᠎ᠡ ᠶᠢ ᠡᠭᠦᠳᠴᠦ᠂ | ᠢᠳᠡᠪᠬᠢᠲᠡᠶ ᠪᠠᠷ ᠤᠷᠤᠭᠰᠢᠯᠠᠨ ᠳᠠᠪᠰᠢᠬᠤ ᠬᠡᠷᠡᠭᠲᠡᠶ᠃ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠪᠠᠶᠢᠴᠠᠭᠠᠨ | ᠰᠤᠳᠤᠯᠤᠯᠲᠠ ᠬᠢᠵᠦ᠂ ᠠᠵᠢᠯ ᠤᠨ ᠠᠷᠭ᠎ᠠ ᠬᠡᠮᠵᠢᠶ᠎ᠡ ᠪᠠᠨ ᠴᠠᠭ ᠲᠤᠬᠠᠶ ᠳᠤ ᠨᠢ ᠲᠡᠭᠦᠯᠳᠡᠷᠵᠢᠭᠦᠯᠦᠨ᠂ ᠠᠵᠢᠯ ᠤᠨ | ᠦᠷ᠎ᠡ ᠪᠦᠲᠦᠮᠵᠢ ᠶᠢ ᠦᠨᠡᠯᠡᠨ ᠮᠠᠭᠠᠳᠯᠠᠵᠤ᠂ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠠᠷᠭ᠎ᠠ ᠬᠢᠳᠡᠯ ᠢ | ᠰᠤᠷᠤᠯᠴᠠᠬᠤ ᠬᠡᠷᠡᠭᠲᠡᠶ︔ ᠴᠠᠭ ᠢᠶᠠᠨ ᠲᠣᠩᠭᠤᠷᠠᠭᠤᠯᠤᠨ ᠵᠢᠭᠰᠠᠭᠠᠵᠤ᠂ ᠲᠥᠯᠥᠪᠯᠡᠭᠡ ᠪᠠᠨ ᠲᠣᠩᠭᠤᠷᠠᠭᠤᠯᠤᠨ | ᠠᠬᠢᠭᠤᠯᠵᠤ᠂ ᠬᠥᠮᠦᠨ ᠢᠶᠠᠨ ᠲᠣᠭᠲᠠᠭᠠᠬᠤ ᠲᠦᠷᠢᠮ ᠢᠶᠠᠨ ᠲᠣᠭᠲᠠᠭᠠᠵᠤ᠂ ᠲᠣᠭᠲᠠᠮᠠᠯ ᠬᠤᠭᠤᠴᠠᠭ᠎ᠠ ᠲᠠᠢ ᠪᠠᠷ | ᠦᠨᠡᠯᠡᠨ ᠮᠡᠳᠡᠭᠡᠯᠡᠵᠦ᠂ ᠦᠨᠡᠯᠡᠨ ᠵᠢᠱᠢᠬᠦ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠮᠡᠳᠡᠭᠡᠯᠡᠵᠦ | ᠂ ᠲᠤᠭᠤᠷᠢᠭ ᠤᠨ ᠵᠠᠰᠠᠭ ᠤᠨ ᠣᠷᠳᠣᠨ ᠠᠵᠢᠯ ᠤᠨ ᠠᠬᠢᠴᠠ ᠶᠢᠨ ᠪᠠᠶᠢᠳᠠᠯ ᠲᠠᠢ ᠪᠠᠨ ᠤᠶᠠᠯᠳᠤᠭᠤᠯᠤᠨ᠂ ᠲᠣᠭᠲᠠᠮᠠᠯ | ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠨᠡᠶᠢᠲᠡᠯᠡᠵᠦ᠂ ᠰᠠᠶᠢᠨ ᠠᠵᠢᠯᠯᠠᠬᠤ ᠠᠵᠢᠯᠯᠠᠵᠤ ᠴᠢᠳᠠᠬᠤ ᠠᠵᠢᠯᠯᠠᠬᠤ | ᠵᠣᠷᠢᠭ ᠲᠠᠢ ᠨᠢᠭᠡᠴᠢ ᠂ ᠬᠤᠪᠢ ᠬᠥᠮᠦᠨ ᠢ ᠬᠥᠬᠢᠭᠦᠯᠦᠨ ᠰᠠᠶᠢᠰᠢᠶᠠᠵᠤ᠂ ᠬᠦᠴᠢᠷ ᠪᠡᠷᠬᠡᠰᠢᠶᠡᠯ ᠠᠴᠠ ᠵᠢᠷᠦᠬᠡᠰᠢᠶᠡᠵᠦ | ᠤᠷᠤᠭᠰᠢᠯᠠᠨ ᠲᠠᠪᠰᠢᠬᠤ ᠶᠢ ᠪᠤᠳᠤᠬᠤ ᠦᠭᠡᠢ ᠨᠢᠭᠡᠴᠢ ᠂ ᠬᠤᠪᠢ ᠬᠥᠮᠦᠨ ᠳᠤ ᠬᠦᠴᠢᠷ ᠢ ᠮᠡᠳᠡᠭᠦᠯᠦᠨ ᠬᠦᠴᠦ | ᠭᠠᠷᠭᠠᠯᠭᠠᠵᠤ ᠂ ᠮᠠᠨ ᠤ ᠲᠤᠭᠤᠷᠢᠭ ᠤᠨ ᠢᠳᠡᠭᠡᠨ ᠤ ᠬᠡᠷᠡᠭᠯᠡᠭᠡᠨ ᠤ ᠬᠠᠨᠤᠮᠵᠢ ᠶᠢᠨ ᠬᠡᠮᠵᠢᠶ᠎ᠡ ᠪᠠ ᠬᠦᠷᠲᠡᠮᠵᠢ ᠶᠢᠨ | ᠲᠥᠷᠥᠭᠳᠡᠯ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ | ᠭᠤᠷᠪᠠ᠂ ᠪᠢᠴᠢᠭ ᠮᠠᠲ᠋ᠧᠷᠢᠶᠠᠯ ᠢ ᠬᠡᠷᠡᠭᠵᠢᠭᠦᠯᠬᠦ ᠬᠡᠪᠴᠢᠶ᠎ᠡ ᠪᠠ ᠬᠡᠷᠡᠭᠵᠢᠭᠦᠯᠬᠦ ᠴᠠᠭ | ︵ᠨᠢᠭᠡ︶ ᠪᠢᠴᠢᠭ ᠮᠠᠲ᠋ᠧᠷᠢᠶᠠᠯ ᠤᠨ ᠬᠡᠷᠡᠭᠵᠢᠭᠦᠯᠬᠦ ᠬᠡᠪᠴᠢᠶ᠎ᠡ | ᠵᠢᠦ ᠶᠤᠸᠠᠨ ᠲᠣᠭᠤᠷᠢᠭ ᠤᠨ ᠲᠣᠭᠤᠷᠢᠭ ᠳᠤᠲᠤᠷᠠᠬᠢ ᠳᠠᠩᠰᠠᠯᠠᠯᠲᠠ ᠳᠤ ᠪᠠᠶᠢᠭ᠎ᠠ ᠠᠯᠢᠪᠠ ᠢᠳᠡᠭᠡᠨ | ᠦᠢᠯᠡᠳᠪᠦᠷᠢᠯᠡᠵᠦ ᠪᠣᠯᠪᠠᠰᠤᠷᠠᠭᠤᠯᠬᠤ ᠵᠢᠵᠢᠭ ᠦᠢᠯᠡᠳᠭᠡᠯ ᠤᠨ ᠭᠠᠵᠠᠷ | ︵ᠬᠤᠶᠠᠷ︶ ᠬᠡᠷᠡᠭᠵᠢᠬᠦᠯᠬᠦ ᠴᠠᠭ | 2024 ᠣᠨ ᠤ 8 ᠳ᠋ᠤᠭᠠᠷ ᠰᠠᠷ᠎ᠠ ᠶᠢᠨ 1 ᠤ ᠡᠳᠦᠷ ᠠᠴᠠ 10 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ | ᠳᠥᠷᠪᠡ᠂ ᠲᠥᠷᠥ ᠶᠢᠨ ᠪᠣᠳᠣᠯᠭ᠎ᠠ ᠶᠢᠨ ᠳᠠᠭᠠᠯᠳᠤᠭᠤᠯᠤᠯ | ᠳᠠᠭᠠᠯᠳᠤᠭᠤᠯᠤᠯ᠄ 1. ᠪᠤᠭᠤᠲᠤ ᠬᠤᠲᠠ ᠶᠢᠨ ᠢᠳᠡᠭᠡᠨ ᠦᠢᠯᠡᠳᠪᠦᠷᠢᠯᠡᠵᠦ ᠪᠣᠯᠪᠠᠰᠤᠷᠠᠭᠤᠯᠬᠤ ᠵᠢᠵᠢᠭ | ᠦᠢᠯᠡᠳᠬᠡᠯ ᠤᠨ ᠭᠠᠵᠠᠷ ᠤᠨ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠠᠮᠠᠯᠠᠯᠲᠠ ᠶᠢᠨ ᠪᠢᠴᠢᠭ | 2. ᠪᠤᠭᠤᠲᠤ ᠬᠤᠲᠠ ᠶᠢᠨ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠤᠨ ᠪᠠᠷᠢᠮᠵᠢᠶ᠎ᠠ ᠶᠢᠨ | ᠳᠣᠬᠢᠷᠠᠭᠤᠯᠤᠯᠲᠠ | 3.ᠪᠤᠭᠤᠲᠤ ᠬᠤᠲᠠ ᠶᠢᠨ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠢ ᠴᠡᠭᠴᠡᠯᠡᠨ ᠵᠠᠰᠠᠵᠤ ᠳᠡᠭᠡᠭᠰᠢᠯᠡᠭᠦᠯᠦᠨ | ᠥᠭᠡᠷᠡᠴᠢᠯᠡᠬᠦ ᠲᠥᠷᠥᠯ ᠵᠦᠢᠯ ᠤᠨ ᠭᠤᠶᠤᠴᠢᠯᠠᠯ ᠤᠨ ᠨᠠᠷᠢᠨ ᠬᠦᠰᠦᠨᠦᠭ | 4. ᠪᠤᠭᠤᠲᠤ ᠬᠤᠲᠠ ᠶᠢᠨ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠤᠨ ᠴᠡᠭᠴᠡᠯᠡᠨ ᠵᠠᠰᠠᠵᠤ | ᠳᠡᠭᠡᠭᠰᠢᠯᠡᠭᠦᠯᠬᠦ ᠳᠡᠳᠭᠦᠮᠵᠢ ᠶᠢᠨ ᠪᠠᠯᠠ ᠮᠥᠩᠭᠦ ᠭᠤᠶᠤᠴᠢᠯᠠᠬᠤ ᠬᠦᠰᠦᠨᠦᠭ | 5. ᠢᠳᠡᠭᠡᠨ ᠦᠢᠯᠡᠳᠪᠦᠷᠢᠯᠡᠵᠦ ᠪᠣᠯᠪᠠᠰᠤᠷᠠᠭᠤᠯᠬᠤ ᠵᠢᠵᠢᠭ ᠦᠢᠯᠡᠳᠬᠡᠯ ᠤᠨ ᠭᠠᠵᠠᠷ ᠢ ᠴᠡᠭᠴᠡᠯᠡᠨ ᠵᠠᠰᠠᠵᠤ | ᠰᠢᠯᠭᠠᠨ ᠠᠪᠬᠤ ᠶᠢ ᠦᠨᠡᠯᠡᠨ ᠵᠢᠱᠢᠬᠦ ᠬᠦᠰᠦᠨᠦᠭ | 6. ᠪᠤᠭᠤᠲᠤ ᠬᠤᠲᠠ ᠶᠢᠨ ᠢᠳᠡᠭᠡᠨ ᠦᠢᠯᠡᠳᠪᠦᠷᠢᠯᠡᠵᠦ ᠪᠣᠯᠪᠠᠰᠤᠷᠠᠭᠤᠯᠬᠤ ᠵᠢᠵᠢᠭ ᠦᠢᠯᠡᠳᠬᠡᠯ ᠤᠨ | ᠭᠠᠵᠠᠷ ᠤᠨ ᠪᠠᠯᠠ ᠮᠥᠩᠭᠦ ᠶᠢᠨ ᠰᠢᠯᠭᠠᠨ ᠠᠪᠬᠤ ᠶᠠᠪᠤᠴᠠ ᠵᠢᠴᠢ ᠭᠡᠷᠡᠴᠢ ᠮᠠᠲ᠋ᠧᠷᠢᠶᠠᠯ ᠢ ᠭᠤᠶᠤᠴᠢᠯᠠᠨ ᠠᠪᠬᠤ | ᠲᠠᠶᠢᠯᠤᠮᠵᠢ ᠬᠢᠬᠦ ᠨᠢᠭᠡᠴᠢ ᠄ ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠲᠠᠶᠢᠯᠤᠮᠵᠢ ᠬᠢᠭᠴᠢ᠄ ᠴᠧᠨ ᠴᠢᠶᠠᠩ | ᠠᠰᠠᠭᠤᠨ ᠯᠠᠪᠯᠠᠬᠤ ᠤᠲᠠᠰᠤ᠄ 0472 - 6938957 | | | | | |