ᠪᠤᠭᠤᠳᠤ ᠵᠢᠦ ᠶᠤᠸᠠᠨ ᠵᠠᠰᠠᠭ ᠠᠯᠪᠠᠨ ᠲᠠᠷᠬᠠᠭᠠᠭᠰᠠᠨ 〔2024〕61 ᠳ᠋ᠤᠭᠡᠷ ᠲᠣᠭᠠᠲᠤ | | ᠡᠯ᠎ᠡ ᠬᠠᠮᠢᠶ᠎ᠠ ᠪᠦᠬᠦᠢ ᠨᠢᠭᠡᠴᠡ᠂ ᠰᠠᠯᠠᠭ᠎ᠠ ᠮᠥᠴᠢᠷ ᠲᠤ᠄ | ᠲᠤᠭᠤᠷᠢᠭ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽2024 ᠣᠨ ᠤ ᠵᠢᠦ | ᠶᠤᠸᠠᠨ ᠲᠣᠭᠤᠷᠢᠭ ᠤᠨ ᠢᠳᠡᠭᠡᠨ ᠦᠢᠯᠡᠳᠪᠦᠷᠢᠯᠡᠵᠦ ᠪᠣᠯᠪᠠᠰᠤᠷᠠᠭᠤᠯᠬᠤ ᠵᠢᠵᠢᠭ ᠦᠢᠯᠡᠳᠬᠡᠯ ᠢ ᠴᠡᠭᠴᠡᠯᠡᠨ | ᠳᠡᠭᠡᠭᠰᠢᠯᠡᠭᠦᠯᠬᠦ ᠠᠵᠢᠯᠯᠠᠭ᠎ᠠ ᠶᠢᠨ ᠠᠵᠢᠯ ᠤᠨ ᠲᠥᠰᠥᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ | ᠪᠣᠳᠠᠲᠠᠢ ᠲᠠᠢ ᠪᠠᠨ ᠤᠶᠠᠯᠳᠤᠭᠤᠯᠤᠨ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠲᠦᠭᠡᠢ᠃ | | ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ | ᠠᠯᠪᠠᠨᠭᠡᠷ | 2024 ᠣᠨ ᠤ 10 ᠰᠠᠷ᠎ᠠ ᠶᠢᠨ 18 | | | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | | | 2024 ᠣᠨ ᠤ ᠵᠢᠦ ᠶᠤᠸᠠᠨ ᠲᠣᠭᠤᠷᠢᠭ ᠤᠨ ᠢᠳᠡᠭᠡᠨ ᠤ ᠵᠦᠢᠯ ᠤᠨ ᠦᠢᠯᠡᠳᠪᠦᠷᠢᠯᠡᠯ | ᠪᠣᠯᠪᠠᠰᠤᠷᠠᠭᠤᠯᠤᠯᠲᠠ ᠶᠢᠨ ᠵᠢᠵᠢᠭ ᠦᠢᠯᠡᠳᠬᠡᠯ ᠤᠨ ᠭᠠᠵᠠᠷ ᠢ ᠴᠡᠭᠴᠡᠯᠡᠨ ᠳᠡᠭᠡᠭᠰᠢᠯᠡᠭᠦᠯᠬᠦ | ᠠᠵᠢᠯᠯᠠᠭ᠎ᠠ ᠶᠢᠨ ᠠᠵᠢᠯ ᠤᠨ ᠲᠥᠰᠥᠯ | | ᠨᠢᠭᠡ᠂ ᠠᠵᠢᠯ ᠤᠨ ᠬᠠᠷᠠᠯᠲᠠ | ︽ᠴᠡᠭᠴᠡᠯᠡᠨ ᠵᠠᠰᠠᠵᠤ ᠵᠢᠷᠤᠮᠵᠢᠭᠤᠯᠬᠤ᠂ ᠵᠢᠱᠢᠶ᠎ᠡ ᠦᠵᠡᠭᠦᠯᠬᠦ ᠪᠠᠨ ᠳᠡᠭᠡᠭᠰᠢᠯᠡᠭᠦᠯᠬᠦ ᠂ ᠰᠢᠭᠰᠢᠭᠳᠡᠭᠦᠯᠵᠦ | ᠬᠦᠴᠦᠨ ᠦᠭᠡᠢ ᠪᠣᠯᠭᠠᠬᠤ︾ ᠠᠵᠢᠯ ᠤᠨ ᠰᠡᠳᠬᠢᠴᠡ ᠶᠣᠰᠣᠭᠠᠷ᠂ 2024 ᠣᠨ ᠪᠦᠬᠦ ᠲᠤᠭᠤᠷᠢᠭ ᠤᠨ | ᠬᠡᠪᠴᠢᠶᠡᠨ ᠳᠤ ᠵᠢᠵᠢᠭ ᠦᠢᠯᠡᠳᠬᠡᠯ ᠢ ᠴᠡᠭᠴᠡᠯᠡᠨ ᠳᠡᠭᠡᠭᠰᠢᠯᠡᠭᠦᠯᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ | ᠪᠦᠬᠦᠨ ᠢ ᠬᠠᠮᠤᠷᠤᠨ ᠪᠠᠶᠢᠴᠠᠭᠠᠵᠤ ᠣᠶᠢᠯᠠᠭᠠᠬᠤ᠂ ᠪᠦᠬᠦ ᠲᠠᠯ᠎ᠠ ᠪᠠᠷ ᠳᠠᠶᠢᠴᠢᠯᠠᠬᠤ᠂ ᠪᠦᠬᠦ ᠶᠠᠪᠤᠴᠠ ᠪᠠᠷ | ᠵᠢᠯᠤᠭᠤᠳᠬᠤ᠂ ᠦᠢᠯᠡᠳᠪᠦᠷᠢᠯᠡᠵᠦ ᠪᠣᠯᠪᠠᠰᠤᠷᠠᠭᠤᠯᠬᠤ ᠨᠥᠬᠦᠴᠡᠯ ᠤᠨ ᠪᠦᠬᠦ ᠡᠯᠧᠮᠧᠨ᠋ᠲ ᠢ ᠴᠡᠭᠴᠡᠯᠡᠨ | ᠰᠠᠶᠢᠵᠢᠷᠠᠭᠤᠯᠬᠤ ᠪᠠᠷ ᠳᠡᠮᠵᠢᠨ᠂ ᠪᠥᠬᠦ ᠲᠤᠭᠤᠷᠢᠭ ᠤᠨ ᠦᠢᠯᠡᠳᠪᠦᠷᠢᠯᠡᠵᠦ ᠪᠣᠯᠪᠠᠰᠤᠷᠠᠭᠤᠯᠬᠤ ᠨᠥᠬᠦᠴᠡᠯ | ᠪᠠᠷᠢᠮᠵᠢᠶ᠎ᠠ ᠳᠤ ᠬᠦᠷᠬᠦ ᠦᠭᠡᠢ ᠵᠢᠵᠢᠭ ᠦᠢᠯᠡᠳᠬᠡᠯ ᠢ ︽ᠲᠡᠭ ᠪᠣᠯᠭᠠᠬᠤ︾ ᠬᠠᠷᠠᠯᠲᠠ ᠶᠢ ᠴᠢᠷᠮᠠᠶᠢᠨ ᠪᠡᠶᠡᠯᠡᠭᠦᠯᠵᠦ᠂ | ᠪᠥᠬᠦ ᠲᠤᠭᠤᠷᠢᠭ ᠤᠨ ᠵᠢᠵᠢᠭ ᠦᠢᠯᠡᠳᠬᠡᠯ ᠤᠨ ᠦᠢᠯᠡᠳᠪᠦᠷᠢᠯᠡᠯ ᠤᠨ ᠣᠷᠴᠢᠨ ᠲᠣᠭᠤᠷᠢᠨ ᠢ ᠨᠠᠩ ᠴᠡᠪᠡᠷ ᠲᠡᠭᠰᠢ᠂ | ᠬᠠᠲᠠᠭᠤ ᠲᠣᠨᠤᠭ ᠤᠨ ᠪᠡᠯᠡᠳᠬᠡᠮᠵᠢ ᠶᠢ ᠨᠠᠩ ᠪᠦᠷᠢᠨ ᠲᠡᠭᠦᠯᠳᠡᠷ᠂ ᠢᠳᠡᠭᠡᠨ ᠤ ᠠᠶᠥᠯᠬᠦᠢ ᠶᠢᠨ ᠦᠵᠡᠯ | ᠤᠬᠠᠮᠰᠠᠷ ᠢ ᠨᠠᠩ ᠪᠠᠲᠤ ᠪᠠᠬᠢ ᠪᠣᠯᠭᠠᠵᠤ᠂ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠨᠠᠩ | ᠨᠠᠶᠢᠳᠠᠪᠤᠷᠢᠲᠠᠢ ᠪᠣᠯᠭᠠᠵᠤ᠂ ᠣᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠨᠠᠩ | ᠪᠠᠲᠤᠯᠠᠭ᠎ᠠ ᠲᠠᠢ ᠪᠣᠯᠭᠠᠨ᠎ᠠ᠃ | ᠬᠤᠶᠠᠷ᠂ ᠠᠵᠢᠯ ᠤᠨ ᠵᠠᠷᠴᠢᠮ | ︵ᠨᠢᠭᠡ︶ ᠪᠠᠷᠢᠮᠵᠢᠶ᠎ᠠ ᠶᠢ ᠤᠷᠢᠳᠠᠪᠠᠷ ᠬᠡᠷᠡᠭᠵᠢᠭᠦᠯᠬᠦ ᠶᠢ ᠪᠠᠷᠢᠮᠲᠠᠯᠠᠵᠤ᠂ ᠬᠠᠤᠯᠢ ᠶᠣᠰᠣᠭᠠᠷ ᠬᠢᠨᠠᠨ | ᠬᠠᠮᠢᠶᠠᠷᠤᠨ᠎ᠠ᠃ 2023 ᠣᠨ ᠤ ᠵᠢᠵᠢᠭ ᠦᠢᠯᠡᠳᠬᠡᠯ ᠢ ᠴᠡᠭᠴᠡᠯᠡᠨ ᠳᠡᠭᠡᠭᠰᠢᠯᠡᠭᠦᠯᠬᠦ ᠠᠵᠢᠯᠯᠠᠭ᠎ᠠ ᠶᠢᠨ ᠰᠠᠭᠤᠷᠢᠨ | ᠳᠡᠭᠡᠷ᠎ᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠵᠢᠵᠢᠭ ᠦᠢᠯᠡᠳᠬᠡᠯ ᠵᠢᠵᠢᠭ | ᠬᠤᠭᠤᠯᠠᠨ ᠭᠡᠷ ᠵᠢᠵᠢᠭ ᠢᠳᠡᠭᠡᠨ ᠤᠮᠳᠠᠭᠠᠨ ᠤ ᠳᠡᠯᠭᠡᠭᠦᠷ ᠪᠠ ᠢᠳᠡᠭᠡᠨ ᠤ ᠵᠢᠵᠢᠭ ᠬᠤᠳᠠᠯᠳᠤᠭᠠᠴᠢᠨ ᠤ | ᠬᠠᠮᠢᠶᠠᠷᠤᠯᠲᠠ ᠶᠢᠨ ᠳᠦᠷᠢᠮ︾ ᠤᠨ ᠱᠠᠭᠠᠷᠳᠠᠯᠭ᠎ᠠ ᠶᠣᠰᠣᠭᠠᠷ᠂ ᠪᠦᠬᠦᠨ ᠢ ᠬᠠᠮᠤᠷᠬᠤ᠂ ᠲᠣᠣᠷ ᠲᠠᠲᠠᠬᠤ ᠮᠠᠶ᠋ᠢᠭ | ᠢᠶᠠᠷ ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠬᠤ ᠪᠠᠷ ᠳᠡᠮᠵᠢᠨ᠂ ᠪᠥᠬᠦ ᠲᠤᠭᠤᠷᠢᠭ ᠤᠨ ᠵᠢᠵᠢᠭ | ᠦᠢᠯᠡᠳᠬᠡᠯ ᠤᠨ ᠦᠨᠳᠦᠰᠦᠨ ᠪᠠᠶᠢᠳᠠᠯ ᠢ ᠲᠤᠶᠢᠯᠪᠤᠷᠢᠲᠠᠢ ᠣᠶᠢᠯᠠᠭᠠᠵᠤ᠂ ᠪᠦᠬᠦᠨ ᠢ ᠬᠠᠮᠤᠷᠬᠤ᠂ ᠰᠠᠭᠤᠷᠢ ᠲᠤᠭ᠎ᠠ | ᠨᠢ ᠲᠣᠳᠣᠷᠬᠠᠢ ᠪᠣᠯᠭᠠᠬᠤ ᠬᠡᠷᠡᠭᠲᠡᠢ᠃ ᠨᠠᠷᠢᠯᠢᠭ ᠣᠨᠣᠴᠠᠲᠠᠢ ᠪᠠᠷ ᠵᠢᠭᠰᠠᠭᠠᠨ ᠪᠠᠶᠢᠴᠠᠭᠠᠵᠤ ᠪᠠᠶᠢᠳᠠᠯ ᠢ | ᠣᠶᠢᠯᠠᠭᠠᠭᠰᠠᠨ ᠰᠠᠭᠤᠷᠢᠨ ᠳᠡᠭᠡᠷ᠎ᠡ᠂ ᠪᠥᠬᠦ ᠲᠤᠭᠤᠷᠢᠭ ᠤᠨ ᠵᠢᠵᠢᠭ ᠦᠢᠯᠡᠳᠬᠡᠯ ᠢ ᠨᠠᠷᠢᠯᠢᠭ ᠣᠨᠣᠴᠠᠲᠠᠢ ᠪᠠᠷ | ᠲᠥᠷᠥᠯ ᠬᠤᠪᠢᠶᠠᠵᠤ᠂ ᠵᠢᠵᠢᠭ ᠦᠢᠯᠡᠳᠬᠡᠯ ᠤᠨ ᠦᠢᠯᠡᠳᠪᠦᠷᠢᠯᠡᠵᠦ ᠪᠣᠯᠪᠠᠰᠤᠷᠠᠭᠤᠯᠬᠤ ᠣᠷᠴᠢᠨ ᠲᠣᠭᠤᠷᠢᠨ ᠢ | ᠭᠤᠣᠯᠳᠠᠯᠭ᠎ᠠ ᠲᠠᠢ ᠴᠡᠭᠴᠡᠯᠡᠨ ᠵᠠᠰᠠᠬᠤ ᠬᠡᠷᠡᠭᠲᠡᠢ᠃ ᠦᠢᠯᠡᠳᠪᠦᠷᠢᠯᠡᠯ ᠤᠨ ᠣᠷᠴᠢᠨ ᠲᠣᠭᠤᠷᠢᠨ᠂ ᠬᠠᠲᠠᠭᠤ | ᠬᠡᠷᠡᠭᠰᠡᠯ ᠤᠨ ᠪᠡᠯᠡᠳᠬᠡᠮᠵᠢ ᠨᠢ ᠪᠠᠷᠢᠮᠵᠢᠶ᠎ᠠ ᠳᠤ ᠬᠦᠷᠬᠦ ᠦᠭᠡᠢ ᠮᠥᠷᠲᠡᠭᠡᠨ ᠴᠡᠭᠴᠡᠯᠡᠨ ᠰᠠᠶᠢᠵᠢᠷᠠᠭᠤᠯᠬᠤ ᠪᠠᠷ | ᠳᠠᠮᠵᠢᠭᠠᠳ ᠮᠥᠨ ᠬᠦ ᠱᠠᠭᠠᠷᠳᠠᠯᠭ᠎ᠠ ᠳᠤ ᠬᠦᠷᠴᠦ ᠳᠡᠶᠢᠯᠬᠦ ᠦᠭᠡᠢ ᠵᠢᠵᠢᠭ ᠦᠢᠯᠡᠳᠬᠡᠯ ᠬᠠᠤᠯᠢ ᠪᠤᠰᠤ ᠪᠠᠷ ᠵᠠᠰᠠᠭ | ᠵᠠᠬᠢᠷᠭᠠᠨ ᠤ ᠵᠥᠪᠰᠢᠶᠡᠷᠡᠯ ᠣᠯᠣᠭᠰᠠᠨ ᠪᠠᠶᠢᠪᠠᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠳᠠᠩᠰᠠᠯᠠᠯᠲᠠ ᠶᠢᠨ ᠦᠨᠡᠮᠯᠡᠯ︾ ᠢ ᠬᠦᠴᠦᠨ ᠦᠭᠡᠢ ᠪᠣᠯᠭᠠᠬᠤ ᠂ | ᠳᠠᠩᠰᠠᠯᠠᠯᠲᠠ ᠶᠢᠨ ᠮᠡᠳᠡᠭᠡ ᠵᠠᠩᠭᠢ ᠶᠢ ᠬᠦᠴᠦᠨ ᠦᠭᠡᠢ ᠪᠣᠯᠭᠠᠬᠤ ᠶᠢᠨ ᠬᠠᠮᠲᠤ᠂ ᠬᠠᠤᠯᠢ ᠶᠣᠰᠣᠭᠠᠷ ᠵᠠᠰᠠᠭ | ᠵᠠᠬᠢᠷᠭᠠᠨ ᠤ ᠰᠢᠳᠬᠡᠯ ᠲᠣᠷᠭᠠᠭᠤᠯᠢ ᠶᠢ ᠶᠠᠪᠤᠭᠳᠠᠭᠤᠯᠤᠨ᠎ᠠ︔ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠳᠠᠩᠰᠠᠯᠠᠯᠲᠠ ᠶᠢᠨ ᠦᠨᠡᠮᠯᠡᠯ︾ ᠢ ᠬᠠᠤᠯᠢ ᠶᠣᠰᠣᠭᠠᠷ | ᠣᠯᠣᠭᠰᠠᠨ ᠪᠠᠶᠢᠪᠠᠯ᠂ ᠦᠢᠯᠡᠳᠪᠦᠷᠢᠯᠡᠯ ᠡᠵᠡᠩᠨᠡᠯᠲᠡ ᠶᠢ ᠨᠢ ᠵᠠᠷᠯᠢᠭᠳᠠᠨ ᠵᠣᠭᠰᠣᠭᠠᠵᠤ᠂ ᠵᠥᠪᠰᠢᠶᠡᠷᠡᠯ ᠤᠨ | ᠦᠨᠡᠮᠯᠡᠯ ᠢ ᠨᠢ ᠬᠦᠴᠦᠨ ᠦᠭᠡᠢ ᠪᠣᠯᠭᠠᠨ᠎ᠠ᠃ ᠭᠡᠷᠡᠴᠢ ᠦᠨᠡᠮᠯᠡᠯ ᠦᠭᠡᠢ ︽ᠬᠠᠷ᠎ᠠ ᠦᠢᠯᠡᠳᠬᠡᠯ ᠤᠨ ᠭᠠᠵᠠᠷ︾ ᠢ | ᠪᠠᠶᠢᠴᠠᠭᠠᠨ ᠰᠢᠢᠳᠪᠦᠷᠢᠯᠡᠬᠦ ᠰᠠᠯᠠᠭ᠎ᠠ ᠮᠥᠴᠢᠷ ᠠᠴᠠ ︽ ᠭᠡᠷᠡᠴᠢ ᠦᠭᠡᠢ ᠦᠨᠡᠮᠯᠡᠯ ᠦᠭᠡᠢ ᠪᠠᠷ ᠡᠵᠡᠩᠨᠡᠬᠦ ᠶᠢ | ᠪᠠᠶᠢᠴᠠᠭᠠᠨ ᠰᠢᠢᠳᠪᠦᠷᠢᠯᠡᠬᠦ ᠠᠷᠭ᠎ᠠ︾ ︵ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ 684 ᠳ᠋ᠤᠭᠡᠷ ᠲᠣᠭᠠᠲᠤ | ︶ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠵᠢᠵᠢᠭ ᠦᠢᠯᠡᠳᠬᠡᠯ ᠵᠢᠵᠢᠭ | ᠬᠤᠭᠤᠯᠠᠨ ᠭᠡᠷ ᠵᠢᠵᠢᠭ ᠢᠳᠡᠭᠡᠨ ᠤᠮᠳᠠᠭᠠᠨ ᠤ ᠳᠡᠯᠭᠡᠭᠦᠷ ᠪᠠ ᠢᠳᠡᠭᠡᠨ ᠤ ᠵᠢᠵᠢᠭ ᠬᠤᠳᠠᠯᠳᠤᠭ᠎ᠠ ᠶᠢᠨ | ᠬᠠᠮᠢᠶᠠᠷᠤᠯᠲᠠ ᠶᠢᠨ ᠳᠦᠷᠢᠮ︾ ᠵᠡᠷᠭᠡ ᠬᠠᠮᠢᠶ᠎ᠠ ᠪᠦᠬᠦᠢ ᠲᠣᠭᠲᠠᠭᠠᠯ ᠶᠣᠰᠣᠭᠠᠷ ᠰᠢᠳᠬᠡᠨ ᠲᠣᠷᠭᠠᠨ᠎ᠠ᠃ | ︵ᠬᠤᠶᠠᠷ︶ ᠵᠠᠰᠠᠭ ᠤᠨ ᠣᠷᠳᠣᠨ ᠠᠴᠠ ᠲᠡᠳᠬᠦᠨ ᠳᠡᠮᠵᠢᠵᠦ᠂ ᠣᠯᠠᠨ ᠲᠠᠯ᠎ᠠ ᠪᠠᠷ ᠬᠤᠯᠪᠤᠭᠠᠯᠠᠨ | ᠬᠥᠳᠡᠯᠦᠯᠴᠡᠬᠦ ᠶᠢ ᠪᠠᠷᠢᠮᠲᠠᠯᠠᠨ᠎ᠠ᠃ ᠵᠢᠵᠢᠭ ᠦᠢᠯᠡᠳᠬᠡᠯ ᠢ ᠢᠳᠡᠪᠬᠢᠲᠡᠢ ᠪᠠᠷ ᠤᠬᠠᠭᠤᠯᠤᠨ ᠲᠠᠶᠢᠴᠢᠯᠠᠵᠦ ᠲᠡᠷᠢᠭᠦᠨ ᠤ | ᠬᠢ ᠪᠠᠷ ᠪᠠᠷᠢᠮᠵᠢᠶᠠᠯᠠᠭᠤᠯᠵᠤ᠂ ᠲᠡᠰ ᠳᠡᠪᠰᠢᠭᠦᠯᠬᠦ ᠥᠭᠡᠷᠡᠴᠢᠯᠡᠯᠲᠡ ᠶᠢ ᠰᠠᠨᠠᠭᠠᠴᠢᠯᠠᠭ᠎ᠠ ᠠᠴᠠ ᠪᠠᠨ ᠥᠷᠨᠢᠭᠦᠯᠵᠦ᠂ | ᠦᠢᠯᠡᠳᠪᠦᠷᠢᠯᠡᠨ ᠡᠵᠡᠩᠨᠡᠭᠴᠢ ᠪᠠ ᠣᠷᠣᠨ ᠨᠤᠲᠤᠭ ᠤᠨ ᠵᠠᠰᠠᠭ ᠤᠨ ᠣᠷᠳᠣᠨ ᠤ ᠢᠵᠢᠯᠢ ᠴᠢᠭᠯᠡᠯ ᠢᠶᠠᠷ ᠬᠦᠴᠦᠯᠡᠬᠦ | ᠂ ᠠᠳᠠᠯᠢ ᠳᠠᠪᠲᠠᠮᠵᠢ ᠪᠠᠷ ᠬᠥᠭᠵᠢᠬᠦ ᠶᠢ ᠴᠢᠷᠮᠠᠶᠢᠨ ᠪᠦᠷᠢᠯᠳᠦᠭᠦᠯᠬᠦ ᠬᠡᠷᠡᠭᠲᠡᠢ᠃ 2023 ᠣᠨ ᠤ 3 ᠳ᠋ᠤᠭᠠᠷ | ᠰᠠᠷ᠎ᠠ ᠶᠢᠨ 29 ᠤ ᠡᠳᠦᠷ ᠠᠴᠠ ᠡᠮᠦᠨ᠎ᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ | ᠦᠢᠯᠡᠳᠪᠦᠷᠢᠯᠡᠯ ᠡᠵᠡᠩᠨᠡᠯᠲᠡ ᠶᠢᠨ ᠳᠠᠩᠰᠠᠯᠠᠯᠲᠠ ᠶᠢᠨ ᠦᠨᠡᠮᠯᠡᠯ︾ ᠢ ᠠᠪᠤᠭᠰᠠᠨ ᠮᠥᠷᠲᠡᠭᠡᠨ ᠴᠡᠭᠴᠡᠯᠡᠨ | ᠳᠡᠭᠡᠭᠰᠢᠯᠡᠭᠦᠯᠬᠦ ᠠᠵᠢᠯᠯᠠᠭ᠎ᠠ ᠶᠢᠨ ᠳᠤᠮᠳᠠ ᠦᠷ᠎ᠡ ᠪᠦᠲᠦᠮᠵᠢ ᠪᠠᠷ ᠲᠣᠪᠣᠶᠢᠮ᠎ᠠ᠂ ᠰᠢᠯᠭᠠᠨ ᠠᠪᠬᠤ ᠳᠤ ᠬᠢᠷᠢ | ᠲᠡᠩᠴᠡᠭᠰᠡᠨ ᠵᠢᠵᠢᠭ ᠦᠢᠯᠡᠳᠬᠡᠯ ᠳᠤ ᠬᠤᠲᠠ᠂ ᠰᠢᠶᠠᠨ ᠬᠤᠶᠠᠷ ᠱᠠᠲᠤᠨ ᠤ ᠵᠠᠰᠠᠭ ᠤᠨ ᠣᠷᠳᠣᠨ ᠨᠢ ᠵᠠᠷᠴᠢᠮ | ᠳᠡᠭᠡᠷ᠎ᠡ ᠪᠠᠨ ᠡᠷᠦᠬᠡ ᠪᠦᠷᠢ ᠳᠤ ᠪᠦᠭᠦᠶᠢᠯᠠ ᠲᠠᠰ ᠳᠡᠪᠰᠢᠭᠦᠯᠦᠨ ᠥᠭᠡᠷᠡᠴᠢᠯᠡᠬᠦ ᠵᠠᠷᠤᠳᠠᠯ ᠤᠨ 70% ᠠᠴᠠ | ᠥᠨᠳᠥᠷ ᠪᠠᠶᠢᠯᠭᠠᠬᠤ ᠦᠭᠡᠢ ᠪᠠᠷ ᠪᠡᠯᠡ ᠮᠥᠩᠭᠦ ᠶᠢᠨ ᠲᠡᠳᠬᠦᠮᠵᠢ ᠣᠯᠭᠤᠨ᠎ᠠ᠃ ᠡᠭᠦᠨ ᠳᠤ᠂ ᠪᠤᠭᠤᠲᠤ ᠬᠤᠲᠠ ᠶᠢᠨ | ᠵᠠᠰᠠᠭ ᠤᠨ ᠣᠷᠳᠣᠨ ᠤ ᠪᠡᠯᠡ ᠮᠥᠩᠭᠦ ᠪᠠᠷ ᠲᠡᠳᠬᠦᠬᠦ ᠬᠠᠷᠢᠴᠠᠯ ᠨᠢ 50% ᠳᠤ ᠬᠦᠷᠴᠦ᠂ ᠵᠢᠦ ᠶᠤᠸᠠᠨ | ᠲᠣᠭᠤᠷᠢᠭ ᠤᠨ ᠵᠠᠰᠠᠭ ᠤᠨ ᠣᠷᠳᠣᠨ ᠤ ᠪᠡᠯᠡ ᠮᠥᠩᠭᠦ ᠪᠠᠷ ᠲᠡᠳᠬᠦᠬᠦ ᠬᠠᠷᠢᠴᠠᠯ ᠨᠢ 20% ᠳᠤ ᠬᠦᠷᠴᠦ᠂ ᠬᠤᠲᠠ | ᠂ ᠲᠣᠭᠤᠷᠢᠭ ᠬᠤᠶᠠᠷ ᠱᠠᠲᠤᠨ ᠤ ᠵᠠᠰᠠᠭ ᠤᠨ ᠣᠷᠳᠣᠨ ᠠᠴᠠ ᠡᠷᠦᠬᠡ ᠪᠦᠷᠢ ᠳᠤ ᠣᠯᠭᠤᠬᠤ ᠲᠡᠳᠬᠦᠮᠵᠢ ᠶᠢᠨ ᠪᠡᠯᠡ | ᠮᠥᠩᠭᠦ ᠨᠢ ᠲᠣᠰ ᠲᠣᠰ 5000 ᠲᠥᠭᠦᠷᠢᠭ ᠠᠴᠠ ᠬᠡᠲᠦᠷᠡᠵᠦ ᠪᠣᠯᠬᠤ ᠦᠭᠡᠢ᠃ | ︵ᠭᠤᠷᠪᠠ︶ ᠨᠡᠶᠢᠲᠡᠯᠢᠭ ᠵᠢᠱᠢᠶ᠎ᠡ ᠪᠠᠷ ᠵᠢᠱᠢᠶ᠎ᠡ ᠦᠵᠡᠭᠦᠯᠬᠦ ᠶᠢ ᠪᠠᠷᠢᠮᠲᠠᠯᠠᠵᠤ᠂ ᠰᠢᠯᠢᠳᠡᠭ ᠢ ᠲᠡᠳᠬᠦᠵᠦ | ᠬᠦᠴᠦᠷᠬᠡᠭᠵᠢᠭᠦᠯᠦᠨ᠎ᠡ᠃ ᠬᠤᠪᠢ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠬᠥᠭᠵᠢᠯᠲᠡ ᠶᠢ ᠠᠬᠢᠭᠤᠯᠬᠤ᠂ | ᠣᠷᠣᠨ ᠨᠤᠲᠤᠭ ᠤᠨ ᠣᠨᠴᠠᠯᠢᠭ ᠢ ᠤᠯᠠᠮᠵᠢᠯᠠᠬᠤ ᠡᠭᠦᠳᠡᠨ ᠠᠴᠠ ᠣᠷᠴᠢᠨ ᠲᠣᠭᠤᠷᠢᠨ ᠨᠢ ᠴᠡᠪᠡᠷ ᠲᠡᠭᠰᠢ᠂ | ᠬᠠᠮᠢᠶᠠᠷᠤᠯᠲᠠ ᠵᠢᠷᠤᠮᠵᠢᠯ ᠲᠠᠢ᠂ ᠠᠮᠤᠷ ᠲᠦᠪᠰᠢᠨ ᠡᠵᠡᠮᠳᠡᠵᠦ ᠪᠣᠯᠬᠤ᠂ ᠣᠨᠴᠠᠯᠢᠭ ᠢᠶᠠᠷ ᠲᠣᠪᠣᠶᠢᠮ᠎ᠠ ᠪᠠᠶᠢᠬᠤ | ᠱᠠᠭᠠᠷᠳᠠᠯᠭ᠎ᠠ ᠶᠣᠰᠣᠭᠠᠷ᠂ ᠨᠢᠭᠡ ᠪᠦᠯᠦᠭ ᠵᠢᠱᠢᠶ᠎ᠡ ᠦᠵᠡᠭᠦᠯᠬᠦ ᠵᠢᠵᠢᠭ ᠦᠢᠯᠡᠳᠬᠡᠯ ᠢ ᠭᠤᠣᠯᠳᠠᠯᠭ᠎ᠠ ᠲᠠᠢ | ᠪᠣᠶᠢᠵᠢᠭᠤᠯᠵᠤ᠂ ᠨᠡᠶᠢᠲᠡᠯᠢᠭ ᠵᠢᠱᠢᠶ᠎ᠡ ᠶᠢᠨ ᠵᠢᠱᠢᠶ᠎ᠡ ᠦᠵᠡᠭᠦᠯᠵᠦ ᠳᠠᠶᠢᠴᠢᠯᠠᠬᠤ ᠦᠢᠯᠡᠳᠦᠯ ᠢ ᠪᠠᠳᠠᠷᠠᠭᠤᠯᠬᠤ ᠶᠢᠨ | ᠬᠠᠮᠲᠤ ᠲᠠᠸᠠᠷ ᠤᠨ ᠲᠡᠮᠳᠡᠭ ᠢ ᠭᠤᠶᠤᠴᠢᠯᠠᠬᠤ᠂ ᠲᠦᠷᠦᠯ ᠲᠡᠮᠳᠡᠭ ᠢ ᠡᠭᠦᠳᠬᠦ ᠶᠠᠪᠤᠴᠠ ᠳᠤ ᠴᠠᠭ ᠲᠤᠬᠠᠢ ᠳᠤᠨᠢ | ᠬᠠᠪᠰᠤᠷᠤᠨ ᠲᠡᠳᠬᠦᠵᠦ ᠵᠢᠯᠤᠭᠤᠳᠬᠤ ᠬᠡᠷᠡᠭᠲᠡᠢ᠃ ᠪᠤᠭᠤᠲᠤ ᠬᠤᠲᠠ ᠶᠢᠨ ᠵᠠᠰᠠᠭ ᠤᠨ ᠣᠷᠳᠣᠨ ᠠᠴᠠ ᠣᠯᠠᠨ | ᠲᠦᠮᠡᠨ ᠤ ᠢᠳᠡᠬᠦ ᠣᠣᠭᠤᠬᠤ ᠲᠠᠢ ᠨᠢᠭᠲᠠ ᠬᠠᠷᠢᠴᠠᠭ᠎ᠠ ᠲᠠᠢ 10 ᠡᠷᠦᠬᠡ ᠶᠢᠨ ᠭᠤᠣᠯᠳᠠᠯᠭ᠎ᠠ ᠲᠠᠢ ᠢᠳᠡᠭᠡᠨ ᠤ | ᠲᠥᠷᠥᠯ ᠵᠦᠢᠯ ︵ᠮᠢᠬᠠᠨ ᠢᠳᠡᠭᠡᠨ᠂ ᠭᠤᠯᠢᠷ ᠢᠳᠡᠭᠡᠨ᠂ ᠳ᠋ᠧᠦᠹᠦ᠋᠂ ᠹᠧᠨᠲ᠋ᠢᠶᠣᠤᠷ᠂ ᠰᠢᠨᠳᠠᠰᠤᠨ ᠭᠤᠯᠢᠷ᠂ | ᠪᠣᠭᠤᠷᠰᠤᠭ︶ ᠢ ᠴᠡᠭᠴᠡᠯᠡᠨ ᠰᠠᠶᠢᠵᠢᠷᠠᠭᠤᠯᠬᠤ ᠪᠠᠷ ᠳᠡᠮᠵᠢᠨ ᠬᠡᠪᠴᠢᠶᠡᠵᠢᠭᠰᠡᠨ᠂ ᠨᠠᠷᠠᠲᠤ ᠲᠡᠮᠳᠡᠭᠵᠢᠭᠰᠡᠨ᠂ ᠶᠠᠰᠤ | ᠴᠢᠨᠠᠷᠵᠢᠭᠰᠠᠨ ᠬᠥᠭᠵᠢᠯᠲᠡ ᠶᠢ ᠪᠡᠶᠡᠯᠡᠭᠦᠯᠦᠭᠰᠡᠨ ᠵᠢᠵᠢᠭ ᠦᠢᠯᠡᠳᠬᠡᠯ ᠳᠤ ᠡᠷᠦᠬᠡ ᠪᠦᠷᠢ ᠳᠤ ᠳᠠᠬᠢᠨ 5000 | ᠲᠥᠭᠦᠷᠢᠭ ᠤᠨ ᠲᠡᠳᠬᠦᠮᠵᠢ ᠶᠢᠨ ᠪᠡᠯᠡ ᠮᠥᠩᠭᠦ ᠣᠯᠭᠤᠨ᠎ᠠ᠃ | ᠭᠤᠷᠪᠠ᠂ ᠠᠵᠢᠯ ᠤᠨ ᠲᠣᠬᠢᠷᠠᠭᠤᠯᠤᠯᠲᠠ | ᠲᠣᠰ ᠤᠳᠠᠭᠠᠨ ᠤ ᠵᠢᠵᠢᠭ ᠦᠢᠯᠡᠳᠬᠡᠯ ᠢ ᠴᠡᠭᠴᠡᠯᠡᠨ ᠳᠡᠭᠡᠭᠰᠢᠯᠡᠭᠦᠯᠬᠦ ᠠᠵᠢᠯᠯᠠᠭ᠎ᠠ ᠶᠢ 2024 ᠣᠨ ᠤ | 8 ᠰᠠᠷ᠎ᠠ ᠠᠴᠠ ᠡᠬᠢᠯᠡᠨ 2024 ᠣᠨ ᠤ 10 ᠰᠠᠷ᠎ᠠ ᠳᠤ ᠳᠠᠭᠤᠰᠬᠠᠨ᠎ᠠ᠂ ᠡᠨᠡ ᠬᠤᠭᠤᠴᠠᠭᠠᠨ ᠳᠤ ᠳᠣᠣᠷᠠᠬᠢ | ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠥᠷᠨᠢᠭᠦᠯᠦᠨ᠎ᠡ᠃ | ︵ᠨᠢᠭᠡ︶ ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠨ᠎ᠠ᠃ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠵᠢᠵᠢᠭ ᠦᠢᠯᠡᠳᠬᠡᠯ ᠵᠢᠵᠢᠭ ᠢᠳᠡᠭᠡᠨ ᠤᠮᠳᠠᠭᠠᠨ ᠤ ᠳᠡᠯᠭᠡᠭᠦᠷ ᠵᠢᠵᠢᠭ | ᠬᠤᠭᠤᠯᠠᠨ ᠭᠡᠷ ᠪᠠ ᠢᠳᠡᠭᠡᠨ ᠤ ᠵᠢᠵᠢᠭ ᠬᠤᠳᠠᠯᠳᠤᠭ᠎ᠠ ᠶᠢᠨ ᠬᠠᠮᠢᠶᠠᠷᠤᠯᠲᠠ ᠶᠢᠨ ᠳᠦᠷᠢᠮ︾ ᠤᠨ ᠱᠠᠭᠠᠷᠳᠠᠯᠭ᠎ᠠ ᠶᠢ | ᠴᠢᠩᠭ᠎ᠠ ᠵᠢᠷᠤᠮᠯᠠᠨ᠂ ᠬᠠᠷᠢᠶ᠎ᠠ ᠣᠷᠣᠨ ᠤ ᠵᠢᠵᠢᠭ ᠦᠢᠯᠡᠳᠬᠡᠯ ᠳᠤ ᠪᠦᠬᠦᠨ ᠢ ᠬᠠᠮᠤᠷᠤᠨ ᠵᠢᠭᠰᠠᠭᠠᠨ ᠪᠠᠶᠢᠴᠠᠭᠠᠵᠤ | ᠪᠠᠶᠢᠳᠠᠯ ᠢ ᠣᠶᠢᠯᠠᠭᠠᠵᠤ᠂ ᠵᠢᠵᠢᠭ ᠦᠢᠯᠡᠳᠬᠡᠯ ᠤᠨ ᠲᠠᠩᠰᠠ ᠡᠪᠬᠡᠮᠡᠯ ᠤᠨ ᠮᠡᠳᠡᠭᠡ ᠵᠠᠩᠭᠢ ᠶᠢᠨ ᠬᠥᠮᠥᠷᠭᠡ ᠶᠢ | ᠲᠡᠭᠦᠯᠳᠡᠷᠵᠢᠭᠦᠯᠦᠨ᠂ ᠬᠥᠳᠡᠯᠦᠩᠭᠦᠢ ᠪᠠᠷ ᠰᠢᠨᠡᠳᠬᠡᠵᠦ᠂ ᠬᠠᠷᠢᠶ᠎ᠠ ᠣᠷᠣᠨ ᠤ ᠵᠢᠵᠢᠭ ᠦᠢᠯᠡᠳᠬᠡᠯ ᠤᠨ ᠲᠠᠩᠰᠠ | ᠡᠪᠬᠡᠮᠡᠯ ᠪᠠᠶᠢᠭᠤᠯᠬᠤ ᠨᠣᠷᠮ᠎ᠠ ᠪᠠ ᠳᠡᠩᠰᠡᠯᠡᠨ ᠲᠡᠮᠳᠡᠭᠯᠡᠬᠦ ᠨᠣᠷᠮ᠎ᠠ ᠶᠢ 100% ᠳᠤ ᠬᠦᠷᠦᠭᠦᠯᠬᠦ ᠶᠢ ᠦᠨᠡᠨᠬᠦ | ᠪᠠᠲᠤᠯᠠᠨ᠎ᠠ᠃ | ︵ᠬᠤᠶᠠᠷ︶ ᠴᠡᠭᠴᠡᠯᠡᠨ ᠳᠡᠭᠡᠭᠰᠢᠯᠡᠭᠦᠯᠦᠨ᠎ᠡ᠃ ᠬᠠᠷᠢᠶ᠎ᠠ ᠣᠷᠣᠨ ᠤ ᠵᠢᠵᠢᠭ ᠦᠢᠯᠡᠳᠬᠡᠯ ᠢ ᠪᠦᠬᠦᠨ ᠢ | ᠬᠠᠮᠤᠷᠤᠨ ᠵᠣᠬᠢᠶᠠᠨ ᠪᠠᠶᠢᠭᠤᠯᠤᠨ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠠᠵᠢᠯᠯᠠᠭ᠎ᠠ ᠥᠷᠨᠢᠭᠦᠯᠵᠦ᠂ ︽ | ᠨᠢᠭᠡ ᠡᠷᠦᠬᠡ ᠳᠤ ᠨᠢᠭᠡ ᠲᠠᠩᠰᠠ ᠡᠪᠬᠡᠮᠡᠯ︾ ︽ᠨᠢᠭᠡ ᠡᠷᠦᠬᠡ ᠳᠤ ᠨᠢᠭᠡ ᠲᠥᠷᠥ ᠶᠢᠨ ᠪᠣᠳᠣᠯᠭ᠎ᠠ︾ ᠶᠢ | ᠪᠡᠶᠡᠯᠡᠭᠦᠯᠦᠨ᠂ ᠬᠠᠷᠢᠭᠤᠴᠠᠯᠭᠠᠲᠠᠨ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ᠂ ᠴᠡᠭᠴᠡᠯᠡᠨ ᠵᠠᠰᠠᠬᠤ ᠴᠠᠭ ᠤᠨ | ᠬᠢᠵᠠᠭᠠᠷ ᠢ ᠲᠣᠳᠣᠷᠬᠠᠶᠢᠯᠠᠵᠤ᠂ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠪᠠᠷ ᠳᠡᠮᠵᠢᠨ᠂ ᠵᠢᠵᠢᠭ ᠦᠢᠯᠡᠳᠬᠡᠯ ᠤᠨ | ᠣᠷᠣᠨ ᠵᠠᠢ ᠶᠢᠨ ᠪᠠᠶᠢᠷᠢᠰᠢᠭᠤᠯᠤᠯᠲᠠ ᠪᠠ ᠲᠠᠯᠠᠪᠠᠶ ᠲᠣᠭᠤᠷᠢᠭ ᠤᠨ ᠪᠦᠲᠦᠭᠡᠨ ᠪᠠᠶᠢᠭᠤᠯᠤᠯᠲᠠ ᠵᠢᠴᠢ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠤᠨ ᠪᠠᠷᠢᠮᠵᠢᠶ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠠᠷᠢᠶ᠎ᠠ ᠣᠷᠣᠨ ᠤ | ᠦᠢᠯᠡᠳᠪᠦᠷᠢᠯᠡᠵᠦ ᠪᠣᠯᠪᠠᠰᠤᠷᠠᠭᠤᠯᠬᠤ ᠨᠥᠬᠦᠴᠡᠯ ᠪᠠᠷᠢᠮᠵᠢᠶ᠎ᠠ ᠳᠤ ᠥᠯᠥ ᠬᠦᠷᠬᠦ ᠵᠢᠵᠢᠭ ᠦᠢᠯᠡᠳᠬᠡᠯ ᠢ ︽ᠲᠡᠭ | ᠪᠣᠯᠭᠠᠬᠤ︾ ᠬᠠᠷᠠᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ | ︵ᠭᠤᠷᠪᠠ︶ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃ | ᠨᠢᠭᠡ ᠳᠤ᠂ ᠵᠢᠵᠢᠭ ᠦᠢᠯᠡᠳᠬᠡᠯ ᠤᠨ ᠡᠳᠦᠷ ᠲᠤᠲᠤᠮ ᠤᠨ ᠬᠢᠨᠠᠨ ᠬᠠᠮᠢᠶᠠᠷᠬᠤ ᠴᠢᠳᠠᠪᠤᠷᠢ ᠶᠢᠨ ᠬᠢᠷᠢ | ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ︽ᠬᠠᠲᠠᠭᠤ ᠬᠡᠷᠡᠭᠰᠡᠯ ᠢ ᠪᠠᠷᠢᠮᠵᠢᠶ᠎ᠠ ᠳᠤ ᠬᠦᠷᠦᠭᠦᠯᠬᠦ᠂ | ᠦᠢᠯᠡᠳᠬᠦ ᠶᠢ ᠵᠢᠷᠤᠮᠵᠢᠭᠤᠯᠬᠤ᠂ ᠠᠷᠠᠳ ᠣᠯᠠᠨ ᠳᠤ ᠬᠠᠨᠤᠮᠵᠢᠲᠠᠶ ᠪᠠᠶᠢᠯᠭᠠᠬᠤ︾ ᠵᠠᠷᠴᠢᠮ ᠶᠣᠰᠣᠭᠠᠷ᠂ ᠬᠠᠷᠢᠶᠠᠲᠤ | ᠣᠷᠣᠨ ᠤ ᠵᠢᠵᠢᠭ ᠦᠢᠯᠡᠳᠬᠡᠯ ᠤᠨ ᠦᠢᠯᠡᠳᠪᠦᠷᠢᠯᠡᠯ ᠤᠨ ᠣᠷᠴᠢᠨ ᠲᠣᠭᠤᠷᠢᠨ ᠢ ᠪᠥᠬᠦ ᠲᠠᠯ᠎ᠠ ᠪᠠᠷ | ᠳᠡᠭᠡᠭᠰᠢᠯᠡᠭᠦᠯᠦᠭᠰᠡᠨ ᠰᠠᠭᠤᠷᠢᠨ ᠳᠡᠭᠡᠷ᠎ᠡ᠂ ᠵᠢᠵᠢᠭ ᠦᠢᠯᠡᠳᠬᠡᠯ ᠤᠨ ᠠᠵᠢᠯ ᠡᠷᠬᠢᠯᠡᠭᠰᠡᠳ ᠤᠨ ᠪᠣᠯᠪᠠᠰᠤᠷᠠᠭᠤᠯᠤᠯ | ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠦᠢᠯᠡᠳᠪᠦᠷᠢᠯᠡᠵᠦ ᠡᠵᠡᠩᠨᠡᠭᠴᠢ ᠶᠢᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ︽ᠨᠢᠭᠡ ᠳᠤ ᠨᠢᠭᠡ ᠪᠠᠷ︾ ᠭᠡᠷ ᠲᠤᠨᠢ ᠬᠦᠷᠴᠦ ᠦᠢᠯᠡᠴᠢᠯᠡᠵᠦ᠂ | ᠢᠳᠡᠭᠡᠨ ᠦᠢᠯᠡᠳᠪᠦᠷᠢᠯᠡᠵᠦ ᠪᠣᠯᠪᠠᠰᠤᠷᠠᠭᠤᠯᠬᠤ ᠶᠠᠪᠤᠴᠠ ᠶᠢᠨ ᠬᠠᠮᠢᠶᠠᠷᠤᠨ ᠡᠵᠡᠮᠳᠡᠬᠦ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ | ᠬᠤᠶᠠᠷ ᠲᠤ᠂ ᠵᠢᠵᠢᠭ ᠦᠢᠯᠡᠳᠬᠡᠯ ᠤᠨ ᠡᠵᠡᠩᠨᠡᠭᠴᠢᠳ ᠤᠨ ︽ ᠪᠣᠭᠤᠳᠤ ᠬᠤᠲᠠ ᠶᠢᠨ ᠡᠬᠢ | ᠰᠤᠷᠪᠤᠯᠵᠢ ᠶᠢ ᠡᠷᠢᠬᠦ︾ ᠲᠠᠪᠴᠠᠩ ᠢ ᠬᠡᠷᠡᠭᠯᠡᠬᠦ ᠶᠢ ᠵᠣᠷᠢᠭᠵᠢᠭᠤᠯᠵᠤ᠂ ᠲᠠᠪᠴᠠᠩ ᠢᠶᠠᠷ ᠳᠠᠮᠵᠢᠭᠤᠯᠤᠨ ᠡᠯ᠎ᠡ | ᠲᠥᠷᠥᠯ ᠤᠨ ᠲᠣᠭᠲᠠᠭᠠᠭᠰᠠᠨ ᠮᠠᠲ᠋ᠧᠷᠢᠶᠠᠯ ᠤᠨ ᠲᠡᠮᠳᠡᠭᠯᠡᠯ ᠢ ᠪᠡᠶᠡᠯᠡᠭᠦᠯᠵᠦ᠂ ᠡᠯ᠎ᠡ ᠲᠥᠷᠥᠯ ᠤᠨ ᠮᠠᠲ᠋ᠧᠷᠢᠶᠠᠯ ᠤᠨ | ᠡᠬᠡ ᠲᠠᠩᠰᠠ ᠶᠢ ᠲᠣᠭᠠᠴᠢᠯᠠᠬᠤ ᠶᠢ ᠴᠢᠷᠮᠠᠶᠢᠨ ᠪᠡᠶᠡᠯᠡᠭᠦᠯᠵᠦ᠂ ᠡᠵᠡᠩᠨᠡᠭᠴᠢᠳ ᠤᠨ ᠡᠳᠦᠷ ᠲᠤᠲᠤᠮ ᠤᠨ | ᠳᠣᠲᠣᠭᠠᠳᠤ ᠡᠵᠡᠮᠳᠡᠯ ᠤᠨ ᠮᠠᠲ᠋ᠧᠷᠢᠶᠠᠯ ᠢ ᠲᠠᠭᠯᠠᠬᠤ᠂ ᠬᠠᠳᠠᠭᠠᠯᠠᠬᠤ ᠳᠤ ᠶᠠᠷᠰᠢᠭ ᠲᠦᠪᠡᠭᠲᠡᠢ᠂ ᠳᠥᠭᠦᠮ ᠪᠤᠰᠤ | ᠵᠡᠷᠭᠡ ᠠᠰᠠᠭᠤᠳᠠᠯ ᠢ ᠬᠥᠩᠭᠡᠷᠡᠭᠦᠯᠦᠨ᠎ᠡ᠃ | ᠭᠤᠷᠪᠠ ᠳᠤ᠂ ᠵᠠᠬ᠎ᠠ ᠳᠡᠯᠭᠡᠭᠦᠷ ᠲᠤ ᠣᠷᠣᠬᠤ ᠶᠢ ᠬᠢᠨᠠᠨ ᠬᠠᠷᠭᠤᠭᠤᠯᠬᠤ ᠶᠢ ᠴᠢᠩᠳᠠᠯᠠᠵᠤ᠂ ᠵᠢᠵᠢᠭ | ᠦᠢᠯᠡᠳᠬᠡᠯ ᠤᠨ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠳᠦᠷᠢᠮ ᠤᠨ ᠴᠤᠪᠤᠷᠠᠯ ᠢ ᠨᠠᠷᠢᠯᠢᠭᠵᠢᠭᠤᠯᠵᠤ᠂ | ᠲᠣᠬᠠᠢ ᠶᠢᠨ ᠭᠠᠵᠠᠷ ᠤᠨ ᠬᠢᠨᠠᠨ ᠪᠠᠶᠢᠴᠠᠭᠠᠬᠤ ᠬᠠᠷᠢᠭᠤᠴᠠᠯᠭ᠎ᠠ ᠶᠢ ᠪᠡᠶᠡᠯᠡᠭᠦᠯᠵᠦ᠂ ᠪᠠᠷᠢᠮᠵᠢᠶ᠎ᠠ ᠳᠤ ᠬᠦᠷᠬᠦ ᠦᠭᠡᠢ᠂ | ᠬᠢᠷᠢ ᠲᠡᠩᠴᠡᠬᠦ ᠦᠭᠡᠢ ᠵᠢᠵᠢᠭ ᠦᠢᠯᠡᠳᠬᠡᠯ ᠤᠨ ᠢᠳᠡᠭᠡᠨ ᠦᠢᠯᠡᠳᠪᠦᠷᠢᠯᠡᠵᠦ ᠪᠣᠯᠪᠠᠰᠤᠷᠠᠭᠤᠯᠬᠤ ᠬᠦᠷᠢᠶᠡᠨ ᠳᠤ | ᠣᠷᠣᠬᠤ ᠶᠢ ᠡᠷᠡᠰ ᠬᠤᠷᠢᠭᠯᠠᠬᠤ ᠬᠡᠷᠡᠭᠲᠡᠢ᠃ ᠡᠭᠦᠨ ᠤ ᠬᠠᠮᠲᠤ᠂ 2023 ᠣᠨ ᠤ 3 ᠰᠠᠷ᠎ᠠ ᠶᠢᠨ 29 ᠤ | ᠡᠳᠦᠷ ᠠᠴᠠ ᠨᠠᠰᠢ ᠰᠢᠨ᠎ᠡ ᠪᠠᠷ ᠪᠠᠶᠢᠭᠤᠯᠤᠭᠰᠠᠨ ᠵᠢᠵᠢᠭ ᠦᠢᠯᠡᠳᠬᠡᠯ ᠳᠤ ᠪᠥᠬᠦ ᠲᠠᠯ᠎ᠠ ᠶᠢᠨ ᠬᠢᠨᠠᠨ ᠪᠠᠶᠢᠴᠠᠭᠠᠯᠲᠠ | ᠬᠢᠵᠦ᠂ ᠣᠷᠣᠬᠤ ᠵᠥᠪᠰᠢᠶᠡᠷᠡᠯ ᠤᠨ ᠪᠣᠭᠤᠮᠲᠠ ᠶᠢ ᠴᠢᠩᠭ᠎ᠠ ᠠᠳᠬᠤᠭᠰᠠᠨ ᠦᠭᠡᠢ᠂ ᠨᠥᠬᠦᠴᠡᠯ ᠳᠤ ᠨᠡᠶᠢᠴᠡᠬᠦ | ᠦᠭᠡᠢ ᠪᠠᠶᠢᠳᠠᠯ ᠳᠤ ᠴᠥᠮ ᠬᠠᠮᠢᠶ᠎ᠠ ᠪᠦᠬᠦᠢ ᠬᠥᠮᠥᠰ ᠤᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ ᠃ | ᠳᠥᠷᠪᠡ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠯᠠᠨ ᠲᠦᠮᠡᠨ ᠤ | ᠢᠳᠡᠭᠡᠨ ᠤᠮᠳᠠᠭᠠᠨ ᠲᠠᠢ ᠨᠢᠭᠲᠠ ᠬᠤᠯᠪᠣᠭ᠎ᠠ ᠲᠠᠢ ᠭᠤᠣᠯᠳᠠᠯᠭ᠎ᠠ ᠲᠠᠢ ᠢᠳᠡᠭᠡᠨ ᠤ ᠲᠥᠷᠥᠯ ᠢᠯᠭᠠᠯ ᠤᠨ ᠵᠢᠵᠢᠭ | ᠦᠢᠯᠡᠳᠬᠡᠯ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠲᠣᠭᠲᠠᠭᠠᠵᠤ᠂ ᠰᠠᠷ᠎ᠠ ᠪᠦᠷᠢ 1 | ︱ 2 ᠲᠥᠷᠥᠯ ᠤᠨ ᠢᠳᠡᠭᠡᠨ ᠤ ᠲᠥᠷᠥᠯ ᠢᠯᠭᠠᠯ ᠤᠨ ᠵᠢᠵᠢᠭ ᠦᠢᠯᠡᠳᠬᠡᠯ ᠳᠤ ᠬᠢᠨᠠᠯᠲᠠ ᠲᠠᠯᠪᠢᠵᠤ ᠰᠤᠭᠤᠴᠢᠨ | ᠪᠠᠶᠢᠴᠠᠭᠠᠬᠤ ᠶᠢ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠢᠶᠠᠨ | ︽ᠤᠯᠠᠭᠠᠨ ᠬᠠᠷ᠎ᠠ ᠰᠠᠮᠪᠠᠷ᠎ᠠ︾ ᠳᠤ ᠨᠡᠶᠢᠲᠡᠯᠡᠨ᠎ᠡ᠃ | ᠲᠠᠪᠤ ᠳᠤ᠂ ᠪᠡᠯᠡᠨ ᠢᠳᠡᠭᠡᠨ ᠤ ᠲᠥᠷᠥᠯ ᠤᠨ ᠢᠳᠡᠭᠡᠨ ᠤ ᠲᠥᠷᠥᠯ ᠢᠯᠭᠠᠯ ᠤᠨ ᠵᠢᠵᠢᠭ | ᠦᠢᠯᠡᠳᠬᠡᠯ ᠤᠨ ᠦᠢᠯᠡᠳᠪᠦᠷᠢᠯᠡᠬᠦ ᠶᠢ ᠵᠣᠷᠢᠭᠵᠢᠭᠤᠯᠵᠤ᠂ ᠦᠢᠯᠡᠳᠪᠦᠷᠢᠯᠡᠵᠦ ᠪᠣᠯᠪᠠᠰᠤᠷᠠᠭᠤᠯᠬᠤ ᠪᠠᠭᠠᠵᠢ | ᠬᠡᠷᠡᠭᠰᠡᠯ ᠤᠨ ᠥᠩᠭᠡᠵᠢᠭᠦᠯᠬᠦ ᠬᠠᠮᠢᠶᠠᠷᠤᠯᠲᠠ ᠶᠢ ᠰᠦᠪᠡᠭᠴᠢᠯᠡᠨ ᠥᠷᠨᠢᠭᠦᠯᠵᠦ᠂ ᠢᠳᠡᠭᠡᠨ ᠤ ᠲᠦᠭᠦᠬᠡᠢ ᠮᠠᠲ᠋ᠧᠷᠢᠶᠠᠯ | ᠪᠠ ᠲᠤᠰᠠᠯᠠᠬᠤ ᠮᠠᠲ᠋ᠧᠷᠢᠶᠠᠯ ᠤᠨ ᠰᠣᠯᠪᠢᠴᠠᠨ ᠪᠣᠬᠢᠷᠲᠤᠬᠤ ᠶᠢ ᠤᠯᠠᠮ ᠨᠢᠭᠡ ᠠᠯᠬᠤᠮ ᠰᠡᠷᠭᠡᠶᠢᠯᠡᠵᠦ᠂ | ᠦᠢᠯᠡᠳᠬᠦᠨ ᠤ ᠶᠠᠰᠤ ᠴᠢᠨᠠᠷ ᠤᠨ ᠡᠵᠡᠮᠳᠡᠵᠦ ᠪᠣᠯᠬᠤ ᠴᠢᠨᠠᠷ ᠢ ᠳᠡᠭᠡᠭᠰᠢᠯᠡᠭᠦᠯᠦᠨ᠎ᠡ᠃ | ︵ᠳᠥᠷᠪᠡ︶ ᠤᠬᠠᠭᠤᠯᠵᠤ ᠬᠥᠲᠥᠯᠥᠨ ᠵᠢᠯᠣᠭᠤᠳᠤᠨ᠎ᠠ᠃ ᠡᠯ᠎ᠡ ᠲᠥᠷᠥᠯ ᠤᠨ ᠤᠬᠠᠭᠤᠯᠭ᠎ᠠ ᠶᠢᠨ | ᠲᠠᠪᠴᠠᠩ ᠢ ᠭᠦᠢᠴᠡᠳ ᠠᠰᠢᠭᠯᠠᠨ᠂ ᠬᠠᠷᠢᠶᠠᠲᠤ ᠣᠷᠣᠨ ᠤ ᠵᠢᠵᠢᠭ ᠦᠢᠯᠡᠳᠬᠡᠯ ᠢ ᠲᠡᠰ ᠳᠡᠭᠡᠭᠰᠢᠯᠡᠭᠦᠯᠦᠨ | ᠳᠡᠪᠰᠢᠭᠦᠯᠬᠦ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠠᠪᠤᠴᠠ ᠳᠠᠬᠢ ᠰᠢᠯᠢᠳᠡᠭ ᠬᠡᠷᠡᠭ ᠤᠨ ᠵᠢᠱᠢᠶ᠎ᠡ ᠶᠢ | ᠤᠬᠠᠭᠤᠯᠬᠤ ᠪᠠ ᠮᠡᠳᠡᠭᠡᠯᠡᠬᠦ ᠶᠢ ᠴᠢᠩᠭᠠᠳᠬᠠᠵᠤ᠂ ᠵᠢᠵᠢᠭ ᠦᠢᠯᠡᠳᠬᠡᠯ ᠤᠨ ᠥᠮᠴᠢᠲᠡᠨ ᠤ ᠰᠠᠨᠠᠭᠠᠴᠢᠯᠠᠭ᠎ᠠ | ᠠᠴᠠ ᠪᠠᠨ ᠣᠷᠣᠯᠴᠠᠬᠤ᠂ ᠢᠳᠡᠪᠬᠢᠲᠡᠢ ᠪᠠᠷ ᠳᠡᠭᠡᠭᠰᠢᠯᠡᠭᠦᠯᠬᠦ ᠶᠢ ᠵᠣᠷᠢᠭᠵᠢᠭᠤᠯᠤᠨ ᠬᠥᠲᠥᠯᠥᠨ ᠵᠢᠯᠣᠭᠤᠳᠤᠨ᠎ᠠ᠃ | ᠴᠡᠭᠴᠡᠯᠡᠨ ᠳᠡᠭᠡᠭᠰᠢᠯᠡᠭᠦᠯᠬᠦ ᠶᠠᠪᠤᠴᠠ ᠳᠤ ᠢᠯᠡᠷᠡᠭᠦᠯᠦᠭᠰᠡᠨ ︽ᠬᠠᠷ᠎ᠠ ᠦᠢᠯᠡᠳᠬᠡᠯ ᠤᠨ ᠭᠠᠵᠠᠷ︾ ᠪᠠ ᠬᠠᠤᠯᠢ | ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠠᠭ ᠲᠤᠬᠠᠢ ᠳᠤᠨᠢ ᠢᠯᠡᠴᠢᠯᠡᠵᠦ᠂ ᠢᠳᠡᠭᠡᠨ ᠤ | ᠠᠶᠦᠯᠬᠦᠢ ᠶᠢ ᠨᠡᠶᠢᠭᠡᠮ ᠢᠶᠠᠷ ᠢᠶᠠᠨ ᠬᠠᠮᠲᠤᠪᠠᠷ ᠵᠠᠰᠠᠬᠤ ᠰᠠᠶᠢᠨ ᠰᠠᠶᠢᠬᠠᠨ ᠠᠬᠤᠢ ᠪᠠᠶᠢᠳᠠᠯ ᠢ ᠪᠥᠬᠦ ᠲᠠᠯ᠎ᠠ ᠪᠠᠷ ᠪᠣᠶ | ᠪᠣᠯᠭᠠᠬᠤ ᠬᠡᠷᠡᠭᠲᠡᠢ᠃ | ᠳᠥᠷᠪᠡ᠂ ᠠᠵᠢᠯ ᠤᠨ ᠱᠠᠭᠠᠷᠳᠠᠯᠭ᠎ᠠ | ︵ᠨᠢᠭᠡ︶ ᠰᠡᠳᠬᠢᠴᠡ ᠪᠠᠨ ᠦᠨᠡᠨᠬᠦ ᠲᠣᠳᠣᠷᠬᠠᠶᠢᠯᠠᠵᠤ᠂ ᠣᠷᠳᠣ ᠣᠬᠤᠷ | ᠬᠤᠭᠤᠴᠠᠭ᠎ᠠ ᠶᠢ ᠤᠶᠠᠯᠳᠤᠭᠤᠯᠤᠨ᠂ ᠪᠠᠶᠢᠩᠭᠤ ᠣᠷᠳᠣ ᠬᠤᠭᠤᠴᠠᠭ᠎ᠠ ᠶᠢ ᠤᠶᠠᠯᠳᠤᠭᠤᠯᠬᠤ ᠬᠡᠷᠡᠭᠲᠡᠢ᠃ | ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠠᠨᠢᠯᠲᠠ ᠪᠠᠨ ᠳᠡᠭᠡᠭᠰᠢᠯᠡᠭᠦᠯᠦᠨ᠂ 2024 ᠣᠨ ᠤ | ᠰᠡᠭᠦᠯᠴᠢ ᠪᠣᠯᠬᠤ ᠳᠤ ᠪᠥᠬᠦ ᠲᠤᠭᠤᠷᠢᠭ ᠤᠨ ᠵᠢᠵᠢᠭ ᠦᠢᠯᠡᠳᠬᠡᠯ ᠤᠨ ᠪᠦᠲᠦᠭᠡᠨ ᠪᠠᠶᠢᠭᠤᠯᠤᠯᠲᠠ ᠶᠢᠨ | ᠵᠢᠷᠤᠮᠵᠢᠭᠰᠠᠨ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠴᠢᠭᠯᠡᠯ ᠢ ᠲᠣᠭᠲᠠᠭᠠᠨ᠂ ᠡᠭᠦᠷᠭᠡ ᠶᠢ ᠲᠣᠭᠲᠠᠭᠠᠵᠤ | ᠂ ᠠᠷᠭ᠎ᠠ ᠶᠢ ᠲᠣᠭᠲᠠᠭᠠᠬᠤ ᠪᠠᠷ ᠴᠢᠷᠮᠠᠶᠢᠬᠤ ᠬᠡᠷᠡᠭᠲᠡᠢ︔ ᠲᠥᠯᠥᠪᠵᠢᠭᠦᠯᠵᠦ ᠲᠣᠭᠲᠠᠭᠠᠬᠤ ᠶᠢᠨ ᠳᠠᠭᠠᠤ | ᠬᠥᠳᠡᠯᠦᠯᠴᠡᠵᠦ᠂ ︽2024 ᠣᠨ ᠤ ᠵᠢᠥ ᠶᠤᠸᠠᠨ ᠲᠣᠭᠤᠷᠢᠭ ᠤᠨ ᠢᠳᠡᠭᠡᠨ ᠦᠢᠯᠡᠳᠪᠦᠷᠢᠯᠡᠵᠦ | ᠪᠣᠯᠪᠠᠰᠤᠷᠠᠭᠤᠯᠬᠤ ᠵᠢᠵᠢᠭ ᠦᠢᠯᠡᠳᠬᠡᠯ ᠢ ᠴᠡᠭᠴᠡᠯᠡᠨ ᠳᠡᠭᠡᠭᠰᠢᠯᠡᠭᠦᠯᠬᠦ ᠠᠵᠢᠯᠯᠠᠭ᠎ᠠ ᠶᠢᠨ ᠠᠵᠢᠯ ᠤᠨ ᠲᠥᠰᠥᠯ︾ ᠲᠠᠢ | ᠭᠦᠢᠴᠡᠳ ᠤᠶᠠᠯᠳᠤᠭᠤᠯᠵᠤ᠂ ᠬᠥᠮᠥᠨ ᠢ ᠲᠣᠭᠲᠠᠭᠠᠵᠤ ᠠᠵᠢᠯ ᠤᠨ ᠪᠠᠶᠢᠷᠢ ᠶᠢ ᠲᠣᠭᠲᠠᠭᠠᠵᠤ ᠡᠭᠦᠷᠭᠡ | ᠬᠠᠷᠢᠭᠤᠴᠠᠯᠭ᠎ᠠ ᠶᠢ ᠲᠣᠭᠲᠠᠭᠠᠵᠤ᠂ ᠲᠤᠰᠬᠠᠢ ᠬᠥᠮᠥᠨ ᠢᠶᠠᠷ ᠲᠤᠰᠬᠠᠢ ᠬᠠᠷᠢᠭᠤᠴᠠᠭᠤᠯᠵᠤ᠂ ᠪᠠᠶᠢᠩᠭᠤ ᠶᠢᠨ ᠠᠵᠢᠯ ᠢ | ᠠᠳᠬᠤᠵᠤ ᠦᠷᠭᠦᠯᠵᠢ ᠶᠢᠨ ᠴᠢᠨᠠᠷᠳᠠᠢ ᠠᠳᠬᠤᠬᠤ ᠬᠡᠷᠡᠭᠲᠡᠢ᠃ | ︵ᠬᠤᠶᠠᠷ︶ ᠯᠠᠪᠳᠠᠭᠤᠨ ᠪᠠᠲᠤᠲᠠᠢ ᠠᠵᠢᠯᠯᠠᠵᠤ᠂ ᠭᠤᠣᠯᠳᠠᠯᠭ᠎ᠠ ᠶᠢ ᠲᠣᠪᠤᠶᠢᠯᠭᠠᠨ᠂ ᠴᠢᠭ ᠢᠶᠠᠷ | ᠨᠡᠶᠢᠳᠡᠮ ᠢ ᠳᠠᠶᠢᠴᠢᠯᠠᠬᠤ ᠬᠡᠷᠡᠭᠲᠡᠢ᠃ ᠨᠢᠭᠡ ᠪᠦᠯᠦᠭ ᠦᠢᠯᠡᠳᠪᠦᠷᠢᠯᠡᠯ ᠤᠨ ᠨᠥᠬᠦᠴᠡᠯ ᠢᠶᠠᠷ ᠪᠣᠯᠪᠠᠰᠤᠷᠠᠩᠭᠤᠢ᠂ | ᠨᠡᠷᠡᠲᠦ ᠲᠥᠷᠥᠯ ᠲᠡᠮᠲᠡᠭ ᠤᠨ ᠤᠬᠠᠮᠰᠠᠷ ᠢᠶᠠᠷ ᠨᠡᠯᠢᠶᠡᠳ ᠴᠢᠩᠭ᠎ᠠ ᠵᠢᠵᠢᠭ ᠦᠢᠯᠡᠳᠬᠡᠯ ᠤᠨ ᠵᠢᠱᠢᠶ᠎ᠡ ᠦᠵᠡᠭᠦᠯᠬᠦ | ᠴᠢᠨᠠᠷᠲᠠᠢ ᠡᠵᠡᠩᠨᠡᠯᠲᠡ ᠶᠢ ᠬᠥᠲᠥᠯᠥᠨ ᠵᠢᠯᠤᠭᠤᠳᠬᠤ ᠪᠠ ᠠᠬᠢᠭᠤᠯᠵᠤ᠂ ᠨᠡᠩ ᠴᠤ ᠦᠢᠯᠡᠳᠪᠦᠷᠢᠯᠡᠯ ᠤᠨ | ᠨᠥᠬᠦᠴᠡᠯ ᠢᠶᠠᠷ ᠮᠠᠭᠤ᠂ ᠬᠠᠭᠤᠷᠮᠠᠭ ᠮᠠᠭᠤ ᠢᠳᠡᠭᠡᠨ ᠤ ᠵᠦᠢᠯ ᠢ ᠦᠢᠯᠡᠳᠴᠦ ᠪᠣᠷᠣᠯᠠᠭᠤᠯᠬᠤ ᠨᠢᠭᠡ ᠪᠦᠯᠦᠭ | ︽ᠬᠠᠷ᠎ᠠ ᠦᠢᠯᠡᠳᠬᠡᠯ︾ ᠳᠤ ᠴᠣᠬᠢᠯᠲᠠ ᠥᠭᠬᠦ ᠪᠠ ᠴᠠᠭᠠᠵᠠᠯᠠᠵᠤ᠂ ᠯᠠᠪᠳᠠᠭᠤᠨ ᠪᠠᠲᠤᠲᠠᠢ ᠰᠠᠭᠤᠷᠢ ᠲᠠᠯᠪᠢᠵᠤ᠂ | ᠬᠢᠨᠠᠨ ᠬᠠᠮᠢᠶᠠᠷᠤᠯᠲᠠ ᠶᠢᠨ︽ᠨᠢᠭᠡ ᠡᠷᠦᠭᠡ ᠳᠤ ᠨᠢᠭᠡ ᠳᠠᠩᠰᠠ ᠡᠪᠬᠡᠮᠡᠯ︾᠂ ︽ᠨᠢᠭᠡ ᠡᠷᠦᠭᠡ ᠳᠤ ᠨᠢᠭᠡ ᠲᠦᠷᠦ ᠶᠢᠨ | ᠪᠣᠳᠣᠯᠭ᠎ᠠ︾ ᠶᠢ ᠪᠠᠶᠢᠴᠠᠭᠠᠵᠤ ᠣᠶᠢᠯᠠᠭᠠᠨ ᠦᠨᠡᠨᠬᠦ ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ ᠤ ᠳᠣᠲᠣᠷᠠᠬᠢ ᠪᠠᠭ᠎ᠠ | ᠦᠢᠯᠡᠳᠬᠡᠯ ᠤᠨ ᠲᠤᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠪᠠᠶᠢᠳᠠᠯ ᠢ ᠲᠣᠳᠣᠷᠬᠠᠶᠢᠯᠠᠵᠤ᠂ ᠠᠵᠢᠯᠲᠠᠨ ᠢ | ᠲᠣᠳᠣᠷᠬᠠᠶᠢᠯᠠᠵᠤ᠂ ᠪᠠᠷᠢᠮᠵᠢᠶ᠎ᠠ ᠶᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠴᠠᠭ ᠤᠨ | ᠬᠢᠵᠠᠭᠠᠷ ᠢ ᠲᠣᠳᠣᠷᠬᠠᠶᠢᠯᠠᠬᠤ ᠶᠢ ᠪᠡᠶᠡᠯᠡᠭᠦᠯᠬᠦ ᠬᠡᠷᠡᠭᠲᠡᠢ᠃ | ︵ᠭᠤᠷᠪᠠ︶ ᠰᠡᠳᠬᠢᠴᠡ ᠪᠠᠨ ᠦᠨᠡᠨ ᠬᠦ ᠥᠷᠭᠡᠳᠬᠡᠵᠦ᠂ ᠵᠣᠷᠢᠭᠲᠠᠢ ᠪᠠᠷ ᠰᠢᠨ᠎ᠡ ᠶᠢ ᠡᠭᠦᠳᠴᠦ᠂ | ᠢᠳᠡᠪᠬᠢᠲᠡᠢ ᠪᠠᠷ ᠤᠷᠤᠭᠰᠢᠯᠠᠨ ᠲᠠᠪᠰᠢᠬᠤ ᠬᠡᠷᠡᠭᠲᠡᠢ᠃ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠪᠠᠶᠢᠴᠠᠭᠠᠨ | ᠰᠤᠳᠤᠯᠤᠯᠲᠠ ᠬᠢᠵᠦ᠂ ᠠᠵᠢᠯ ᠤᠨ ᠠᠷᠭ᠎ᠠ ᠬᠡᠮᠵᠢᠶ᠎ᠡ ᠪᠠᠨ ᠴᠠᠭ ᠲᠤᠬᠠᠢ ᠳᠤᠨᠢ ᠲᠡᠭᠦᠯᠳᠡᠷᠵᠢᠭᠦᠯᠵᠦ᠂ ᠠᠵᠢᠯ ᠤᠨ | ᠦᠷ᠎ᠡ ᠪᠦᠲᠦᠮᠵᠢ ᠶᠢ ᠦᠨᠡᠯᠡᠨ ᠮᠠᠭᠠᠳᠯᠠᠵᠤ᠂ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠪᠠ ᠠᠷᠭ᠎ᠠ ᠬᠢᠳᠡᠯ ᠢ | ᠰᠤᠷᠤᠯᠴᠠᠬᠤ ᠬᠡᠷᠡᠭᠲᠡᠢ᠃ ᠴᠠᠭ ᠬᠤᠭᠤᠴᠠᠭ᠎ᠠ ᠂ ᠲᠥᠯᠥᠪᠯᠡᠭᠡ ᠶᠢ ᠲᠣᠩᠭᠤᠷᠤᠭᠤᠯᠤᠨ ᠵᠢᠭᠰᠠᠭᠠᠵᠤ᠂ ᠬᠥᠮᠥᠨ ᠢ | ᠲᠣᠭᠲᠠᠭᠠᠨ ᠳᠦᠷᠢᠮ ᠲᠣᠭᠲᠠᠭᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠮᠡᠳᠡᠭᠳᠡᠨ᠎ᠡ᠃ | ᠲᠤᠭᠤᠷᠢᠭ ᠤᠨ ᠵᠠᠰᠠᠭ ᠤᠨ ᠣᠷᠳᠣᠨ ᠠᠵᠢᠯ ᠤᠨ ᠠᠬᠢᠴᠠ ᠶᠢᠨ ᠪᠠᠶᠢᠳᠠᠯ ᠲᠠᠢ ᠪᠠᠨ ᠤᠶᠠᠯᠳᠤᠭᠤᠯᠤᠨ᠂ ᠲᠣᠭᠲᠠᠮᠠᠯ | ᠬᠤᠭᠤᠴᠠᠭ᠎ᠠ ᠲᠠᠢ ᠪᠠᠷ ᠨᠡᠶᠢᠲᠡᠯᠡᠨ ᠦᠨᠡᠯᠡᠨ ᠮᠡᠳᠡᠭᠦᠯᠵᠦ᠂ ᠠᠵᠢᠯ ᠳᠠᠭᠠᠨ ᠴᠢᠳᠠᠮᠠᠭᠠᠢ ᠨᠢᠭᠡᠴᠡ᠂ ᠬᠤᠪᠢ | ᠬᠥᠮᠥᠨ ᠳᠤ ᠣᠯᠭᠤᠪᠠᠰᠤ ᠵᠣᠬᠢᠬᠤ ᠰᠠᠶᠢᠰᠢᠶᠠᠯ ᠬᠥᠬᠢᠭᠦᠯᠦᠯ ᠣᠯᠭᠤᠵᠤ᠂ ᠬᠦᠴᠢᠷ ᠪᠡᠷᠬᠡᠰᠢᠶᠡᠯ ᠢᠶᠠᠨ | ᠳᠤᠷᠠᠳᠤᠭᠠᠳ ᠤᠷᠤᠭᠰᠢᠯᠠᠨ ᠳᠠᠪᠰᠢᠬᠤ ᠶᠢ ᠰᠠᠨᠠᠭᠠᠰᠢᠷᠠᠬᠤ ᠦᠭᠡᠢ ᠨᠢᠭᠡᠴᠡ᠂ ᠬᠤᠪᠢ ᠬᠥᠮᠥᠨ ᠳᠤ ᠨᠢᠭᠤᠷ | ᠤᠯᠠᠶᠢᠯᠭᠠᠨ ᠰᠢᠭᠦᠮᠵᠢᠯᠡᠵᠤ᠂ ᠮᠠᠨ ᠤ ᠣᠷᠣᠨ ᠤ ᠢᠳᠡᠭᠡᠨ ᠤ ᠬᠡᠷᠡᠭᠯᠡᠭᠡᠨ ᠤ ᠬᠠᠨᠤᠮᠵᠢ ᠶᠢᠨ ᠬᠡᠮᠵᠢᠶ᠎ᠡ ᠪᠠ | ᠬᠦᠷᠲᠡᠮᠵᠢ ᠶᠢᠨ ᠲᠥᠷᠥᠭᠳᠡᠯ ᠢ ᠦᠨᠡᠨᠬᠦ ᠳᠡᠭᠡᠭᠰᠢᠯᠡᠭᠦᠯᠦᠨ᠎ᠡ᠃ | | | | | | | | | |