ᠬᠤᠶᠠᠷᠬᠤᠳᠳᠤᠭ ᠪᠠᠯᠭᠠᠰᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠬᠠᠶᠢᠷ᠎ᠠ ᠬᠠᠯᠠᠮᠵᠢ ᠬᠦᠷᠭᠡᠬᠦ ᠤᠶᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/21
    ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠶᠢᠨ ︽ᠬᠠᠶᠢᠷᠠᠲᠤ ᠡᠵᠢ︾ ᠬᠡᠷ ᠲᠡᠭᠡᠨ ᠬᠤᠴᠣᠷᠤᠭᠰᠠᠨ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠶᠢ ᠥᠷᠨᠢᠭᠦᠯᠬᠦ ᠲᠤᠬᠠᠶ ᠰᠠᠨᠠᠭᠠᠴᠢᠯᠠᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠵᠤ᠂ ᠬᠠᠷᠢᠶᠠᠲᠤ ᠣᠷᠣᠨ ᠤ ᠬᠡᠷ ᠲᠡᠭᠡᠨ ᠬᠤᠴᠣᠷᠤᠭᠰᠠᠨ ᠬᠡᠤᠬᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠨᠠᠩ ᠰᠠᠶᠢᠲᠤᠷ ᠠᠬᠢᠭᠤᠯᠬᠤ ᠶᠢᠨ ᠲᠥᠯᠥᠭᠡ᠂ 10 ᠰᠠᠷ᠎ᠠ ᠶᠢᠨ 18 ᠤ ᠡᠳᠦᠷ᠂ ᠬᠤᠶᠠᠷᠬᠤᠳᠳᠤᠭ ᠪᠠᠯᠭᠠᠰᠤᠨ ᠤ ᠡᠮᠡᠭᠲᠡᠶᠢᠴᠦᠳ ᠤᠨ ᠬᠤᠯᠪᠣᠭ᠎ᠠ ︽ᠬᠠᠶᠢᠷᠠᠲᠤ ᠡᠵᠢ︾ ᠬᠤᠤᠰᠯᠠᠨ ᠬᠠᠶᠢᠷᠠᠯᠠᠬᠤ ᠠᠵᠢᠯᠯᠠᠭ᠎ᠠ ᠥᠷᠨᠢᠭᠦᠯᠵᠦ᠂ ᠬᠡᠷ ᠲᠡᠭᠡᠨ ᠬᠤᠴᠣᠷᠤᠭᠰᠠᠨ 4 ᠬᠡᠤᠬᠡᠳ ᠤᠨ ᠬᠡᠷ ᠪᠦᠯᠢ ᠳᠤ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃    ᠭᠡᠷ ᠢᠶᠠᠨ ᠰᠠᠬᠢᠵᠤ ᠬᠤᠴᠣᠷᠤᠭᠰᠠᠨ ᠬᠡᠦᠬᠡᠳ ᠤᠨ ᠭᠡᠷ ᠲᠤ᠂ ︽ᠬᠠᠶᠢᠷ᠎ᠠ ᠬᠠᠯᠠᠮᠵᠢ ᠶᠢᠨ ᠡᠵᠢ︾ ᠭᠡᠷ ᠢᠶᠠᠨ ᠰᠠᠬᠢᠵᠤ ᠬᠤᠴᠣᠷᠤᠭᠰᠠᠨ ᠬᠡᠦᠬᠡᠳ ᠤᠨ ᠡᠪᠦᠭᠡ ᠡᠮᠡᠭᠡ ᠲᠠᠢ ᠳᠣᠲᠣᠨᠣ ᠪᠠᠷ ᠶᠠᠷᠢᠯᠴᠠᠵᠤ᠂ ᠬᠡᠦᠬᠡᠳ ᠤᠨ ᠡᠳᠦᠷ ᠳᠤᠳᠤᠮ ᠤᠨ ᠠᠮᠢᠳᠤᠷᠠᠯ᠂ ᠡᠷᠡᠭᠦᠯ ᠮᠡᠨᠳᠦ ᠶᠢᠨ ᠪᠠᠶᠢᠳᠠᠯ ᠪᠣᠯᠣᠨ ᠰᠤᠷᠤᠯᠭ᠎ᠠ ᠶᠢᠨ ᠪᠠᠶᠢᠳᠠᠯ ᠢ ᠣᠶᠢᠯᠠᠭᠠᠵᠤ᠂ ᠲᠡᠳᠡᠨ ᠤ ᠬᠡᠦᠬᠡᠳ ᠢᠶᠠᠨ ᠬᠠᠷᠠᠭᠠᠯᠵᠠᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠣᠨ ᠠᠰᠠᠭᠤᠳᠠᠯ ᠢ ᠨᠠᠷᠢᠨ ᠠᠰᠠᠭᠤᠨ ᠯᠠᠪᠯᠠᠵᠤ᠂ ᠬᠡᠦᠬᠡᠳ ᠤᠨ ᠢᠳᠡᠪᠬᠢᠲᠡᠢ ᠥᠭᠡᠳᠡᠯᠡᠨ ᠲᠠᠪᠰᠢᠬᠤ᠂ ᠡᠷᠡᠭᠦᠯ ᠴᠢᠭᠢᠷᠠᠭ ᠪᠠᠶᠠᠷ ᠪᠠᠶᠠᠰᠬᠤᠯᠠᠩ ᠲᠠᠢ ᠪᠠᠷ ᠦᠰᠦᠨ ᠪᠤᠶᠢᠵᠢᠬᠤ ᠶᠢ ᠵᠣᠷᠢᠭᠵᠢᠭᠤᠯᠪᠠ᠃ ᠡᠭᠦᠨ ᠤ ᠬᠠᠮᠲᠤ᠂ ᠲᠡᠳᠡᠨ ᠳᠤ ᠲᠣᠬᠤᠨᠢᠭᠤᠯᠬᠤ ᠪᠣᠳᠠᠰ ᠬᠦᠷᠭᠡᠪᠡ᠃
图片11.jpg
       ᠪᠠᠯᠭᠠᠰᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠲᠡᠷᠢᠭᠦᠯᠡᠭᠴᠢ ᠵᠢᠶᠠ ᠮᠢᠨ᠂ ᠣᠯᠠᠨ ᠶᠠᠩᠵᠤ ᠬᠡᠯᠪᠡᠷᠢ ᠶᠢᠨ ︽ᠬᠠᠶᠢᠷᠠᠲᠤ ᠡᠵᠢ︾ ᠶᠢ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ᠬᠦᠴᠦᠨ ᠢ ᠭᠦᠢᠴᠡᠳ ᠪᠠᠳᠠᠷᠠᠭᠤᠯᠤᠨ᠂ ᠦᠢᠯᠡᠴᠢᠯᠡᠭᠡᠨ ᠤ ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠭᠡᠷ ᠲᠡᠭᠡᠨ ᠦᠯᠡᠳᠡᠵᠦ ᠬᠤᠴᠣᠷᠤᠭᠰᠠᠨ ᠬᠡᠦᠬᠡᠳ ᠤᠨ ᠭᠡᠷ ᠪᠦᠯᠢ ᠶᠢᠨ ᠬᠡᠷᠡᠭᠴᠡᠭᠡ ᠱᠠᠭᠠᠷᠳᠠᠯᠭ᠎ᠠ ᠪᠠ ᠬᠦᠴᠢᠷᠳᠡᠯ ᠢ ᠦᠷᠭᠦᠯᠵᠢᠯᠡᠨ ᠠᠩᠬᠠᠷᠴᠤ᠂ ᠬᠡᠦᠬᠡᠳ ᠢ ᠬᠠᠪᠰᠤᠷᠤᠨ ᠡᠷᠡᠭᠦᠯ ᠢᠶᠠᠷ ᠦᠰᠦᠨ ᠪᠤᠶᠢᠵᠢᠭᠤᠯᠤᠨ᠎ᠠ ᠭᠡᠵᠦ ᠢᠯᠡᠳᠬᠡᠪᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号