ᠵᠢᠥ ᠶᠤᠸᠠᠨ ᠲᠣᠭᠤᠷᠢᠭ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠲᠥᠪ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/10/22
111.jpg   
    10 ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠡ᠂ ᠵᠢᠥ ᠶᠤᠸᠠᠨ ᠲᠣᠭᠤᠷᠢᠭ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠬᠠᠮᠢᠶ᠎ᠠ ᠪᠥᠬᠦᠶ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠵᠢᠩ ᠲᠢᠶᠠᠨ ᠴᠡᠴᠡᠷᠯᠢᠭ ᠤᠨ ᠬᠤᠶᠠᠳᠤᠭᠠᠷ ᠬᠤᠭᠤᠴᠠᠭ᠎ᠠ᠂ ᠾᠦᠢ ᠳ᠋ᠧ ᠴᠡᠴᠡᠷᠯᠢᠭ᠂ ᠹᠦ᠋ ᠯᠢ ᠴᠧᠩ᠂ ᠶᠤᠸᠠᠨ ᠵᠧᠤ ᠳ᠋ᠠ ᠳ᠋ᠦ᠋ ᠬᠤᠢ ᠳᠤ ᠠᠮᠤᠷ ᠲᠦᠪᠰᠢᠨ ᠤ ᠳᠠᠯᠳᠠ ᠬᠡᠮ ᠤᠨ ᠪᠠᠶᠢᠴᠠᠭᠠᠯᠲᠠ ᠬᠢᠪᠠ᠃    ᠲᠣᠰ ᠤᠳᠠᠭ᠎ᠠ ᠨᠡᠶᠢᠲᠡ 4 ᠠᠳᠠᠯ ᠠᠬᠤᠶ ᠶᠢᠨ ᠵᠢᠵᠢᠭ ᠲᠣᠭᠤᠷᠢᠭ ᠢ ᠵᠢᠭᠰᠠᠭᠠᠨ ᠪᠠᠶᠢᠴᠠᠭᠠᠵᠤ᠂ ᠠᠳᠠᠯ ᠠᠬᠤᠶ ᠶᠢᠨ ᠦᠢᠯᠡᠴᠢᠯᠡᠭᠡ᠂ ᠢᠯᠡ ᠨᠡᠶᠢᠲᠡᠯᠡᠬᠦ ᠠᠭᠤᠯᠭ᠎ᠠ᠂ ᠣᠷᠴᠢᠨ ᠠᠬᠤᠶ ᠶᠢᠨ ᠡᠷᠡᠭᠦᠯ ᠬᠠᠮᠠᠭᠠᠯᠠᠯ᠂ ᠠᠶᠤᠯᠭᠦᠶ ᠦᠢᠯᠡᠳᠪᠦᠷᠢᠯᠡᠯ ᠵᠡᠷᠭᠡ ᠲᠠᠯ᠎ᠠ ᠪᠠᠷ ᠪᠣᠳᠠᠲᠠᠶ ᠨᠠᠷᠢᠨ ᠪᠠᠶᠢᠴᠠᠭᠠᠯᠲᠠ ᠬᠢᠵᠡᠶ᠃ ᠠᠳᠠᠯ ᠠᠬᠤᠶ ᠶᠢᠨ ᠵᠢᠵᠢᠭ ᠲᠣᠭᠤᠷᠢᠭ ᠢ ᠰᠢᠮᠳᠠᠭᠤᠯᠵᠤ ᠪᠠᠶᠢᠭᠠᠳ ᠠᠶᠤᠯ ᠦᠭᠡᠢ ᠦᠢᠯᠡᠳᠪᠦᠷᠢᠯᠡᠯ ᠢ ᠴᠢᠩᠭᠠᠳᠬᠠᠨ᠂ ᠲᠡᠷᠡ ᠳᠠᠷᠤᠶ ᠳᠤᠨᠢ ᠵᠠᠯᠠᠷᠠᠭᠤᠯᠵᠤ ᠳᠡᠶᠢᠯᠬᠦ ᠶᠢ ᠨᠢ ᠲᠡᠷᠡ ᠳᠠᠷᠤᠶ ᠳᠤᠨᠢ ᠵᠠᠯᠠᠷᠠᠭᠤᠯᠵᠤ᠂ ᠠᠮᠤᠷ ᠲᠦᠪᠰᠢᠨ ᠤ ᠳᠠᠯᠳᠠ ᠭᠡᠮ ᠢ ᠴᠠᠭ ᠲᠤᠬᠠᠶ ᠳᠤᠨᠢ ᠠᠷᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠮᠤᠷ ᠲᠦᠪᠰᠢᠨ ᠤ ᠳᠠᠯᠳᠠ ᠭᠡᠮ ᠦᠭᠡᠶ ᠲᠥᠷᠥᠯ ᠵᠦᠢᠯ ᠤᠨ ᠵᠢᠵᠢᠭ ᠲᠣᠭᠤᠷᠢᠭ ᠲᠤ ᠤᠯᠠᠮ ᠨᠢᠭᠡ ᠠᠯᠬᠤᠮ ᠤᠬᠠᠭᠤᠯᠭ᠎ᠠ ᠶᠢᠨ ᠠᠵᠢᠯ ᠬᠢᠵᠦ᠂ ᠠᠶᠤᠯ ᠦᠭᠡᠶ ᠦᠢᠯᠡᠳᠪᠦᠷᠢᠯᠡᠯ ᠤᠨ ᠦᠵᠡᠯ ᠤᠬᠠᠮᠰᠠᠷ ᠢ ᠪᠠᠲᠤ ᠪᠠᠬᠢ ᠪᠤᠢ ᠪᠣᠯᠭᠠᠬᠤ ᠬᠡᠷᠡᠭᠲᠡᠶ᠃    ᠲᠣᠰ ᠤᠳᠠᠭᠠᠨ ᠤ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ ᠪᠠᠷ ᠳᠡᠮᠵᠢᠨ᠂ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠲᠤᠭᠤᠷᠢᠭ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠲᠥᠪ ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠠᠶᠤᠯᠭᠦᠶ ᠦᠢᠯᠡᠳᠪᠦᠷᠢᠯᠡᠯ ᠤᠨ ᠡᠨᠡ ᠬᠦ ᠬᠥᠪᠴᠢ ᠶᠢ ᠴᠢᠩᠭᠠᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠦᠨᠡᠨ ᠬᠦ ᠬᠠᠮᠠᠭᠠᠯᠠᠨ᠎ᠠ᠃ 
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号