ᠵᠠᠯᠠᠭᠤᠴᠤᠳ ᠭᠡᠷ ᠬᠤᠷᠢᠶᠠᠯᠠᠯ᠄ ᠠᠮᠤᠷ ᠲᠦᠪᠰᠢᠨ ᠤ ᠬᠤᠩᠬᠤ ᠶᠢ ᠲᠤᠤᠭᠠᠷᠭᠠᠵᠤ᠂ ᠠᠮᠢᠨ ᠰᠤᠳᠠᠰᠤ ᠶᠢ ᠨᠡᠪᠲᠡᠷᠡᠭᠦᠯᠪᠡ
ᠨᠡᠶᠢᠲᠡᠯᠡᠭᠰᠡᠨ ᠴᠠᠭ᠄
2024/10/22
    ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠨᠡᠶᠢᠭᠡᠮ ᠲᠣᠭᠤᠷᠢᠭ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ 10 ᠰᠠᠷ᠎ᠠ ᠶᠢᠨ 21 ᠤ ᠡᠳᠦᠷ᠂ ᠵᠠᠯᠠᠭᠤᠴᠤᠳ ᠭᠡᠷ ᠬᠤᠷᠢᠶᠠᠯᠠᠯ ᠪᠣᠯᠤᠨ ᠵᠢᠥ ᠶᠤᠸᠠᠨ ᠲᠣᠭᠤᠷᠢᠭ ᠤᠨ ᠭᠠᠯ ᠤᠨᠲᠠᠷᠠᠭᠠᠬᠤ ᠶᠡᠭᠡ ᠠᠩᠭᠢ ᠬᠠᠮᠲᠤᠷᠠᠨ ︽ᠭᠠᠯ ᠤᠨᠲᠠᠷᠠᠭᠠᠬᠤ ᠠᠮᠤᠷ ᠲᠦᠪᠰᠢᠨ ᠤ ᠶᠡᠭᠡ ᠪᠠᠶᠢᠴᠠᠭᠠᠯᠲᠠ︾ ᠶᠢᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠭᠡᠷ ᠬᠤᠷᠢᠶᠠᠯᠠᠯ ᠤ ᠣᠷᠳᠣ ᠬᠤᠭᠤᠴᠠᠭ᠎ᠠ ᠪᠠᠷ ᠣᠷᠣᠰᠢᠵᠤ ᠪᠠᠶᠢᠭ᠎ᠠ ᠭᠠᠯ ᠤᠨᠲᠠᠷᠠᠭᠠᠬᠤ ᠵᠠᠮ᠂ ᠠᠰᠠᠷ ᠤᠨ ᠬᠤᠩᠭᠢᠯ ᠳᠤ ᠡᠯᠳᠡᠪ ᠶᠠᠭᠤᠮ᠎ᠠ ᠣᠪᠣᠭᠠᠯᠠᠬᠤ ᠵᠡᠷᠭᠡ ᠠᠮᠤᠷ ᠲᠦᠪᠰᠢᠨ ᠤ ᠳᠠᠯᠳᠠ ᠬᠡᠮ ᠤᠨ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ ᠶᠤᠮ᠃
11.jpg    
    ᠠᠵᠢᠯᠯᠠᠭ᠎ᠠ ᠶᠢᠨ ᠲᠤᠬᠠᠶ ᠶᠢᠨ ᠡᠳᠦᠷ᠂ ᠭᠠᠯ ᠤᠨᠲᠠᠷᠠᠭᠠᠬᠤ ᠶᠡᠭᠡ ᠠᠩᠭᠢ ᠶᠢᠨ ᠭᠡᠰᠢᠭᠦᠳ ᠭᠡᠷ ᠬᠤᠷᠢᠶᠠᠯᠠᠯ ᠤᠨ ᠠᠵᠢᠯᠲᠠᠨ᠂ ᠰᠦᠯᠵᠢᠶᠡᠨ ᠤ ᠠᠵᠢᠯᠲᠠᠨ᠂ ᠠᠳᠠᠯ ᠠᠬᠤᠶ ᠶᠢᠨ ᠠᠵᠢᠯᠲᠠᠨ ᠲᠠᠢ ᠬᠠᠮᠲᠤ᠂ ᠢᠦᠶ ᠷᠦᠩ ᠳ᠋ᠢ ᠰᠠᠭᠤᠭᠠᠯᠢ ᠲᠣᠭᠤᠷᠢᠭ ᠤᠨ ᠡᠯ᠎ᠡ ᠠᠰᠠᠷ ᠲᠤ ᠭᠦᠨᠵᠡᠭᠡᠶᠢᠷᠡᠵᠦ᠂ ᠣᠯᠠᠨ ᠨᠡᠶᠢᠲᠡ ᠶᠢᠨ ᠵᠠᠮ᠂ ᠠᠰᠠᠷ ᠤᠨ ᠱᠠᠲᠤ᠂ ᠠᠮᠤᠷ ᠲᠦᠪᠰᠢᠨ ᠭᠠᠷᠬᠤ ᠡᠭᠦᠳᠡ ᠵᠡᠷᠭᠡ ᠵᠠᠩᠭᠢᠯᠠᠭ᠎ᠠ ᠶᠢᠨ ᠣᠷᠣᠨ ᠪᠦᠰᠡ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠪᠠ᠃ ᠲᠡᠳᠡ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠲᠣᠭᠲᠠᠭᠠᠯ ᠠᠴᠠ ᠵᠥᠷᠢᠴᠡᠨ ᠵᠣᠭᠰᠣᠭᠠᠭᠰᠠᠨ᠂ ᠴᠠᠬᠢᠯᠭᠠᠨ ᠴᠡᠨᠡᠭᠯᠡᠭᠰᠡᠨ ᠵᠢᠴᠢ ᠲᠥᠪᠯᠡᠷᠡᠩᠭᠦᠶ ᠴᠠᠬᠢᠯᠭᠠᠨ ᠴᠡᠨᠡᠭᠯᠡᠬᠦ ᠲᠥᠬᠦᠭᠡᠷᠦᠮᠵᠢ ᠴᠠᠬᠢᠯᠭᠠᠨ ᠤᠲᠠᠰᠤ ᠲᠠᠯᠪᠢᠭᠰᠠᠨ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠬᠤ ᠶᠢᠨ ᠬᠠᠮᠲᠤ ᠠᠰᠠᠷ ᠤᠨ ᠭᠤᠳᠤᠮᠵᠢ ᠳᠤ ᠣᠪᠣᠭᠠᠯᠠᠭᠰᠠᠨ ᠬᠠᠭᠤᠴᠢᠨ ᠭᠡᠷ ᠤᠨ ᠬᠡᠷᠡᠭᠰᠡᠯ᠂ ᠴᠠᠭᠠᠰᠤᠨ ᠬᠠᠶᠢᠷᠴᠠᠭ᠂ ᠡᠯᠳᠡᠪ ᠶᠠᠭᠤᠮ᠎ᠠ ᠵᠡᠷᠭᠡ ᠠᠮᠤᠷ ᠲᠦᠪᠰᠢᠨ ᠤ ᠳᠠᠯᠳᠠ ᠭᠡᠮ ᠢ ᠴᠡᠪᠡᠷᠯᠡᠪᠡ᠃ ᠴᠡᠪᠡᠷᠯᠡᠬᠦ ᠶᠠᠪᠤᠴᠠ ᠳᠤ᠂ ᠭᠠᠯ ᠤᠨᠲᠠᠷᠠᠭᠠᠬᠤ ᠠᠩᠭᠢ ᠶᠢᠨ ᠭᠡᠰᠢᠭᠦᠳ ᠪᠣᠯᠤᠨ ᠨᠡᠶᠢᠭᠡᠮ ᠲᠣᠭᠤᠷᠢᠭ ᠤᠨ ᠠᠵᠢᠯᠲᠠᠳ ᠰᠠᠭᠤᠭᠠᠯᠢ ᠠᠷᠠᠳ ᠲᠤ ᠭᠠᠯ ᠤᠨᠲᠠᠷᠠᠭᠠᠬᠤ ᠵᠠᠮ ᠤᠨ ᠰᠠᠭᠠᠳ ᠦᠭᠡᠶ ᠨᠡᠪᠲᠡᠷᠡᠬᠦ ᠶᠢᠨ ᠴᠢᠬᠤᠯᠠ ᠴᠢᠨᠠᠷ ᠵᠢᠴᠢ ᠠᠰᠠᠷ ᠤᠨ ᠬᠤᠩᠭᠢᠯ ᠳᠤ ᠡᠯᠳᠡᠪ ᠶᠠᠭᠤᠮ᠎ᠠ ᠣᠪᠣᠭᠠᠯᠠᠬᠤ ᠶᠢᠨ ᠬᠤᠤᠷ ᠬᠥᠨᠥᠭᠡᠯ ᠪᠣᠯᠤᠨ ᠬᠦᠨᠳᠦ ᠨᠣᠴᠢᠲᠠᠶ ᠦᠷ᠎ᠡ ᠳ᠋ᠦᠩ ᠢ ᠬᠦᠯᠢᠴᠡᠩᠭᠦᠶ ᠪᠠᠷ ᠲᠠᠶᠢᠯᠪᠤᠷᠢᠯᠠᠪᠠ᠃ ᠲᠡᠳᠡ ᠰᠠᠭᠤᠭᠠᠯᠢ ᠠᠷᠠᠳ ᠤᠨ ᠭᠠᠯ ᠤᠨᠲᠠᠷᠠᠭᠠᠬᠤ ᠵᠠᠮ ᠤᠨ ᠰᠠᠭᠠᠳ ᠥᠬᠡᠶ ᠨᠡᠪᠲᠡᠷᠡᠬᠦ ᠶᠢ ᠤᠬᠠᠮᠰᠠᠷ ᠠᠴᠠ ᠪᠠᠨ ᠬᠠᠮᠠᠭᠠᠯᠠᠬᠤ ᠶᠢ ᠵᠣᠷᠢᠭᠵᠢᠭᠤᠯᠵᠤ᠂ ᠠᠮᠤᠷ ᠲᠦᠪᠰᠢᠨ᠂ ᠴᠡᠪᠡᠷ ᠲᠡᠭᠰᠢ ᠣᠷᠣᠨ ᠰᠠᠭᠤᠴᠠ ᠶᠢᠨ ᠣᠷᠴᠢᠨ ᠲᠣᠭᠤᠷᠢᠨ ᠢ ᠬᠠᠮᠲᠤ ᠪᠠᠷ ᠪᠣᠶ ᠪᠣᠯᠭᠠᠪᠠ᠃
22.jpg
    ᠲᠣᠰ ᠤᠳᠠᠭᠠᠨ ᠤ ᠬᠠᠮᠲᠤᠷᠠᠨ ᠴᠡᠭᠴᠡᠯᠡᠨ ᠵᠠᠰᠠᠬᠤ ᠠᠵᠢᠯᠯᠠᠭ᠎ᠠ ᠪᠠᠷ ᠳᠠᠮᠵᠢᠭᠤᠯᠤᠨ᠂ ᠭᠡᠷ ᠬᠤᠷᠢᠶᠠᠯᠠᠯ ᠤᠨ ᠳᠣᠲᠣᠷ᠎ᠠ ᠣᠷᠣᠰᠢᠵᠤ ᠪᠠᠶᠢᠭ᠎ᠠ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠬᠡᠮ ᠤᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠭᠰᠡᠨ ᠢᠶᠠᠷ ᠪᠠᠷᠠᠬᠤ ᠥᠬᠡᠶ ᠪᠠᠰᠠ ᠰᠠᠭᠤᠭᠠᠯᠢ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠠᠮᠤᠷ ᠲᠦᠪᠰᠢᠨ᠂ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号