︽ᠪᠠᠭ᠎ᠠ ᠪᠠᠷ ᠨᠥᠬᠦᠪᠦᠷᠢᠯᠡᠬᠦ︾ ᠨᠢ ︽ᠶᠡᠭᠡ ᠠᠷᠠᠳ ᠤᠨ ᠠᠮᠢᠳᠤᠷᠠᠯ︾ ᠢ ᠬᠠᠷᠠᠭᠤᠯᠵᠤ ᠪᠠᠶᠢᠨ᠎ᠠ᠄ ᠵᠢᠦ ᠶᠤᠸᠠᠨ ᠲᠣᠭᠤᠷᠢᠭ ᠤᠨ ᠵᠠᠮ ᠬᠠᠷᠢᠯᠴᠠᠭᠠᠨ ᠤ ᠦᠢᠯᠡᠰ ᠤᠨ ᠬᠥᠭᠵᠢᠯᠲᠡ ᠶᠢᠨ ᠲᠥᠪ ᠡᠪᠳᠡᠷᠡᠵᠦ ᠰᠦᠢᠳᠦᠭᠰᠡᠨ ᠵᠠᠮ ᠢ ᠰᠡᠯᠪᠢᠨ ᠵᠠᠰᠠᠪᠠ
ᠨᠡᠶᠢᠲᠡᠯᠡᠭᠰᠡᠨ ᠴᠠᠭ᠄
2024/10/22
    ᠵᠢᠥ ᠶᠤᠸᠠᠨ ᠲᠣᠭᠤᠷᠢᠭ ᠤᠨ ᠵᠠᠮ ᠬᠠᠷᠢᠯᠴᠠᠭᠠᠨ ᠤ ᠦᠢᠯᠡᠰ ᠤᠨ ᠬᠥᠭᠵᠢᠯᠲᠡ ᠶᠢᠨ ᠲᠥᠪ ᠵᠠᠮ ᠤᠨ ᠲᠣᠭᠤᠷᠢᠨ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠨᠢ᠂ ᠬᠥᠳᠡᠭᠡ ᠲᠣᠰᠬᠤᠨ ᠤ ᠵᠠᠮ ᠤᠨ ᠬᠡᠰᠡᠭ ᠵᠠᠮ ᠤᠨ ᠬᠡᠰᠡᠭ ᠲᠤ ᠬᠤᠲᠣᠭᠤᠷ ᠭᠠᠵᠠᠷ᠂ ᠡᠪᠳᠡᠷᠡᠵᠦ  ᠰᠣᠶᠢᠳᠦᠭᠰᠡᠨ᠂ ᠤᠰᠤ ᠬᠤᠷᠠᠭᠰᠠᠨ ᠵᠡᠷᠭᠡ ᠠᠰᠠᠭᠤᠳᠠᠯ ᠣᠷᠣᠰᠢᠵᠤ ᠪᠠᠶᠢᠨ᠎ᠠ᠂ ᠡᠲᠡᠭᠡᠷ ᠠᠰᠠᠭᠤᠳᠠᠯ ᠨᠢ ᠲᠡᠷᠭᠡ ᠬᠥᠰᠬᠡ ᠶᠢ ᠶᠠᠪᠤᠭᠤᠯᠬᠤ ᠳᠤ ᠬᠦᠴᠢᠷᠳᠡᠯ ᠤᠴᠠᠷᠠᠭᠤᠯᠵᠤ᠂ ᠲᠣᠰᠬᠤᠨ ᠤ ᠠᠷᠠᠳ ᠤᠨ ᠬᠡᠪ ᠤᠨ ᠶᠠᠪᠤᠵᠤ ᠰᠠᠭᠤᠬᠤ ᠪᠠ ᠠᠮᠢᠳᠤᠷᠠᠯ ᠢ ᠨᠥᠯᠥᠭᠡᠯᠡᠪᠡ᠃
图片11.jpg
    10 ᠰᠠᠷ᠎ᠠ ᠶᠢᠨ 17 ᠤ ᠡᠳᠦᠷ᠂ ᠲᠣᠭᠤᠷᠢᠭ ᠤᠨ ᠵᠠᠮ ᠬᠠᠷᠢᠯᠴᠠᠭᠠᠨ ᠤ ᠦᠢᠯᠡᠰ ᠤᠨ ᠬᠥᠭᠵᠢᠯᠲᠡ ᠶᠢᠨ ᠲᠥᠪ ᠠᠴᠠ ᠠᠷᠠᠴᠢᠯᠠᠨ ᠬᠠᠮᠠᠭᠠᠯᠠᠬᠤ ᠠᠵᠢᠯᠲᠠᠨ ᠢ ᠵᠣᠬᠢᠶᠠᠨ ᠪᠠᠶᠢᠭᠤᠯᠤᠨ ᠸᠠᠨ ᠶᠦᠩ ᠱᠤᠭᠤᠮ ᠤᠨ 5k-9k ᠵᠠᠮ ᠤᠨ ᠭᠠᠳᠠᠷᠭᠤ ᠶᠢᠨ ᠬᠤᠩᠭᠢᠯ ᠢ ᠰᠡᠯᠪᠢᠨ ᠵᠠᠰᠠᠪᠠ᠃ ᠵᠠᠮ ᠤᠨ ᠭᠠᠳᠠᠷᠭᠤ ᠶᠢ ᠴᠡᠪᠡᠷᠯᠡᠭᠰᠡᠨ ᠤ ᠳᠠᠷᠠᠭ᠎ᠠ᠂ ᠪᠠᠷᠤᠭᠰᠢᠨ ᠬᠤᠯᠢᠬᠤ ᠮᠠᠲ᠋ᠧᠷᠢᠶᠠᠯ ᠢᠶᠠᠷ ᠡᠪᠳᠡᠷᠡᠵᠦ ᠰᠦᠢᠳᠦᠭᠰᠡᠨ ᠵᠠᠮ ᠤᠨ ᠭᠠᠳᠠᠷᠭᠤ ᠶᠢ ᠪᠥᠭᠯᠡᠵᠦ᠂ ᠵᠠᠰᠠᠨ ᠰᠡᠯᠪᠢᠵᠦ᠂ ᠲᠡᠭᠰᠢᠯᠡᠨ ᠵᠠᠰᠠᠵᠤ᠂ ᠡᠪᠳᠡᠷᠡᠵᠦ ᠰᠦᠢᠳᠦᠭᠰᠡᠨ ᠵᠠᠮ ᠤᠨ ᠭᠠᠳᠠᠷᠭᠤ ᠶᠢ ᠰᠡᠯᠪᠢᠨ ᠵᠠᠰᠠᠵᠤ ᠬᠠᠮᠠᠭᠠᠯᠠᠬᠤ ᠶᠢ ᠪᠡᠶᠡᠯᠡᠭᠦᠯᠪᠡ᠃ ᠲᠣᠰ ᠤᠳᠠᠭᠠᠨ ᠤ ᠰᠡᠯᠪᠢᠨ ᠵᠠᠰᠠᠵᠤ ᠬᠡᠷᠡᠭᠯᠡᠭᠰᠡᠨ ᠯᠢᠴᠢᠩ ᠵᠢᠭᠤᠷᠠᠮᠠᠯ ᠮᠠᠲ᠋ᠧᠷᠢᠶᠠᠯ ᠨᠢ 150 ᠲᠣᠨ᠂ ᠪᠣᠯᠣᠳ ᠰᠢᠭᠠᠷᠤ ᠶᠢᠨ ᠮᠠᠲ᠋ᠧᠷᠢᠶᠠᠯ ᠨᠢ 108 ᠺᠦᠪ ᠮᠧᠲᠷ ᠪᠠᠶᠢᠵᠤ᠂ ᠬᠤᠲᠣᠭᠤᠷ ᠭᠠᠵᠠᠷ ᠤᠨ ᠭᠠᠳᠠᠷᠭᠤ ᠶᠢ ︽ᠰᠠᠭᠠᠳ ᠦᠭᠡᠢ ᠵᠠᠮ︾ ᠪᠣᠯᠭᠠᠵᠤ᠂ ᠥᠨᠳᠥᠷ ᠪᠦᠲᠦᠮᠵᠢᠲᠡᠶ ᠠᠵᠢᠯ ᠤᠨ ᠦᠷ᠎ᠡ ᠪᠦᠲᠦᠮᠵᠢ ᠪᠠ ᠴᠢᠨᠠᠷ ᠰᠠᠶᠢᠲᠠᠶ ᠠᠷᠠᠴᠢᠯᠠᠨ ᠬᠠᠮᠠᠭᠠᠯᠠᠬᠤ ᠠᠵᠢᠯ ᠤᠨ ᠦᠷ᠎ᠡ ᠪᠦᠲᠦᠮᠵᠢ ᠨᠢ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃
图片22.jpg
    ᠵᠠᠯᠭᠠᠭᠠᠳ᠂ ᠲᠣᠭᠤᠷᠢᠭ ᠤᠨ ᠵᠠᠮ ᠬᠠᠷᠢᠯᠴᠠᠭᠠᠨ ᠤ ᠦᠢᠯᠡᠰ ᠤᠨ ᠬᠥᠭᠵᠢᠯᠲᠡ ᠶᠢᠨ ᠲᠥᠪ ᠠᠴᠠ ᠬᠠᠷᠢᠶᠠᠲᠤ ᠣᠷᠣᠨ ᠤ ᠳᠣᠲᠣᠷᠠᠬᠢ ᠵᠠᠮ ᠤᠨ ᠪᠠᠶᠢᠩᠭᠤ ᠶᠢᠨ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠣᠯᠠᠨ ᠲᠦᠮᠡᠨ ᠠᠴᠠ ᠠᠰᠠᠭᠤᠳᠠᠯ ᠢ ᠨᠠᠩ ᠡᠷᠲᠡ ᠢᠯᠡᠷᠡᠭᠦᠯᠵᠦ᠂ ᠣᠯᠠᠨ ᠲᠦᠮᠡᠨ ᠠᠴᠠ ᠠᠰᠠᠭᠤᠳᠠᠯ ᠢ ᠨᠠᠩ ᠢᠯᠡᠭᠦᠦ ᠴᠢᠬᠤᠯᠠᠴᠢᠯᠠᠵᠤ᠂ ᠣᠯᠠᠨ ᠲᠦᠮᠡᠨ ᠳᠤ ᠦᠨᠡᠨ ᠬᠦ ᠪᠣᠳᠠᠲᠤ ᠶᠠᠪᠤᠳᠠᠯ ᠬᠢᠵᠦ᠂ ᠰᠠᠶᠢᠨ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠭᠦᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号