ᠬᠤᠷᠢᠨᠭᠡᠷ ᠪᠠᠯᠭᠠᠰᠤ 2024 ᠣᠨ ᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠡᠪᠡᠰᠦ ᠪᠣᠷᠳᠤᠭ᠎ᠠ ᠬᠤᠷᠢᠶᠠᠨ ᠬᠠᠳᠠᠭᠠᠯᠠᠬᠤ ᠨᠥᠬᠦᠪᠥᠷᠢ ᠶᠢᠨ ᠲᠥᠷᠥᠯ ᠵᠦᠢᠯ ᠢ ᠶᠡᠬᠡᠪᠡᠷ ᠥᠷᠨᠢᠭᠦᠯᠪᠡ
ᠨᠡᠶᠢᠲᠡᠯᠡᠭᠰᠡᠨ ᠴᠠᠭ᠄
2024/10/23
    ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠪᠠᠯᠭᠠᠰᠤᠨ ᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠳᠥᠯᠭᠢᠨ ᠠᠬᠢᠭᠤᠯᠵᠤ᠂ ᠮᠠᠯ ᠠᠵᠤ ᠠᠬᠤᠶ ᠶᠢᠨ ᠠᠵᠤ ᠦᠢᠯᠡᠰ ᠤᠨ ᠦᠷᠭᠦᠯᠵᠢᠯᠡᠨ᠂ ᠲᠣᠭᠲᠠᠭᠤᠨ᠂ ᠵᠣᠬᠢᠴᠠᠩᠭᠤᠶ ᠬᠥᠭᠵᠢᠯᠲᠡ ᠶᠢ ᠳᠥᠯᠭᠢᠨ ᠠᠬᠢᠭᠤᠯᠵᠤ᠂ ᠡᠪᠡᠰᠦᠨ ᠲᠡᠵᠢᠭᠡᠯ ᠤᠨ ᠮᠠᠯ ᠠᠵᠤ ᠠᠬᠤᠶ ᠶᠢᠨ ᠬᠥᠭᠵᠢᠯᠲᠡ ᠪᠠ ᠰᠦ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠬᠤᠷᠢᠨᠭᠡᠷ ᠪᠠᠯᠭᠠᠰᠤ ᠲᠣᠰ ᠪᠡᠶ᠎ᠡ ᠶᠢᠨ ᠳᠠᠪᠠᠭᠤᠯᠢᠭ ᠲᠠᠭᠠᠨ ᠰᠠᠭᠤᠷᠢᠯᠠᠨ᠂ ᠳᠡᠭᠡᠳᠦ ᠱᠠᠲᠤᠨ ᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠲᠤᠬᠠᠶ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠲᠡᠵᠢᠭᠡᠯ ᠡᠪᠡᠰᠦ ᠪᠣᠷᠳᠤᠭ᠎ᠠ ᠬᠤᠳᠠᠯᠳᠤᠨ ᠠᠪᠴᠤ ᠬᠠᠳᠠᠭᠠᠯᠠᠬᠤ ᠨᠥᠬᠦᠪᠥᠷᠢ ᠶᠢᠨ ᠲᠥᠷᠥᠯ ᠵᠦᠢᠯ ᠢ ᠶᠡᠬᠡᠪᠡᠷ ᠥᠷᠨᠢᠭᠦᠯᠪᠡ᠃
图片111.jpg
    ᠨᠢᠭᠡ᠂ ᠪᠦᠬᠦ ᠲᠠᠯ᠎ᠠ ᠪᠠᠷ ᠪᠠᠶᠢᠳᠠᠯ ᠢ ᠣᠶᠢᠯᠠᠭᠠᠨ ᠪᠠᠶᠢᠴᠠᠭᠠᠵᠤ᠂ ᠰᠠᠭᠤᠷᠢ ᠶᠢ ᠲᠣᠭᠲᠠᠭᠤᠨ ᠪᠠᠶᠢᠯᠭᠠᠨ᠎ᠠ    ᠬᠤᠷᠢᠨᠭᠡᠷ ᠪᠠᠯᠭᠠᠰᠤ ︽ᠰᠦ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠲᠠᠷᠢᠶᠠᠯᠠᠩ ᠠᠯᠪᠠᠨ ᠲᠠᠷᠬᠠᠭᠠᠭᠰᠠᠨ ﹇2020﹈ 58 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠬᠠᠷᠢᠶᠠᠲᠤ ᠣᠷᠣᠨ ᠤ ᠳᠣᠲᠣᠷᠠᠬᠢ ᠰᠠᠭᠠᠯᠢ ᠶᠢᠨ ᠮᠠᠯ ᠤᠨ ᠬᠥᠬᠡ ᠳᠠᠷᠤᠰᠢ ᠶᠢᠨ ᠡᠷᠳᠡᠨᠢ ᠰᠢᠰᠢ ᠪᠠ ᠴᠠᠷᠭᠠᠰᠤ ᠬᠠᠭᠤᠷᠠᠶ ᠡᠪᠡᠰᠦ ᠬᠤᠷᠢᠶᠠᠨ ᠬᠠᠳᠠᠭᠠᠯᠠᠬᠤ ᠲᠤᠭ᠎ᠠ ᠬᠡᠮᠵᠢᠶ᠎ᠡ᠂ ᠬᠤᠷᠢᠶᠠᠨ ᠬᠠᠳᠠᠭᠠᠯᠠᠬᠤ ᠢᠷᠡᠯᠲᠡ ᠵᠡᠷᠭᠡ ᠪᠠᠶᠢᠳᠠᠯ ᠢ ᠪᠥᠬᠦ ᠲᠠᠯ᠎ᠠ ᠪᠠᠷ ᠤᠶᠢᠯᠠᠭᠠᠨ ᠵᠢᠭᠰᠠᠭᠠᠨ ᠪᠠᠶᠢᠴᠠᠭᠠᠵᠤ᠂ ᠲᠤᠬᠠᠶ ᠶᠢᠨ ᠭᠠᠵᠠᠷ ᠲᠤᠨᠢ ᠨᠢᠭᠡᠳᠦᠯᠲᠡᠶ ᠲᠥᠯᠥᠪᠯᠡᠨ᠂ ᠳᠣᠭᠢᠷᠠᠭᠤᠯᠤᠨ ᠵᠢᠯᠤᠭᠤᠳᠪᠠ᠃ ᠮᠠᠨ ᠤ ᠪᠠᠯᠭᠠᠰᠤᠨ ᠤ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠢ᠂ ᠰᠠᠭᠠᠯᠢ ᠶᠢᠨ ᠲᠠᠷᠢᠶᠠᠴᠢᠨ ᠤ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢᠨ ᠬᠡᠲᠦᠷᠡᠭᠦᠯᠬᠦ ᠬᠠᠭᠤᠳᠠᠰᠤ᠂ ᠬᠤᠷᠢᠶᠠᠨ ᠬᠠᠳᠠᠭᠠᠯᠠᠬᠤ ᠭᠡᠷ᠎ᠡ᠂ ᠵᠣᠭᠤᠰ ᠲᠤᠰᠢᠶᠠᠭᠰᠠᠨ ᠲᠡᠮᠳᠡᠭᠯᠡᠯ ᠵᠡᠷᠭᠡ ᠮᠠᠲ᠋ᠧᠷᠢᠶᠠᠯ ᠢ ᠬᠢᠨᠠᠨ ᠬᠠᠷᠭᠤᠭᠤᠯᠬᠤ ᠶᠢᠨ ᠬᠠᠮᠲᠤ ᠲᠡᠵᠢᠭᠡᠯ ᠡᠪᠡᠰᠦ ᠪᠣᠷᠳᠤᠭ᠎ᠠ ᠶᠢᠨ ᠬᠠᠳᠠᠭᠠᠯᠠᠭᠳᠠᠴᠠ ᠶᠢ ᠲᠤᠬᠠᠢ ᠶᠢᠨ ᠭᠠᠵᠠᠷ ᠲᠤᠨᠢ ᠬᠢᠨᠠᠨ ᠬᠠᠷᠭᠤᠭᠤᠯᠵᠤ᠂ ᠬᠢᠨᠠᠨ ᠪᠠᠶᠢᠴᠠᠭᠠᠭᠰᠠᠨ ᠪᠠᠶᠢᠳᠠᠯ ᠢᠶᠠᠨ ᠦᠨᠳᠦᠰᠦᠯᠡᠨ ᠨᠥᠬᠦᠪᠥᠷᠢ ᠥᠭᠬᠦ ᠡᠲᠡᠭᠡᠳ᠂ ᠨᠥᠬᠦᠪᠥᠷᠢ ᠥᠭᠬᠦ ᠵᠣᠭᠤᠰ ᠤᠨ ᠲᠤᠭ᠎ᠠ ᠶᠢ ᠲᠣᠭᠲᠠᠭᠠᠵᠤ᠂ ᠲᠤᠰ ᠵᠢᠯ ᠤᠨ ᠬᠥᠬᠡ ᠳᠠᠷᠤᠰᠢ ᠶᠢᠨ ᠬᠤᠷᠢᠶᠠᠨ ᠬᠠᠳᠠᠭᠠᠯᠠᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃    ᠬᠤᠶᠠᠷ᠂ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠢ ᠪᠠᠭᠤᠷᠠᠭᠤᠯᠵᠤ᠂ ᠬᠡᠯᠬᠢᠶ᠎ᠡ ᠶᠢ ᠬᠦᠴᠦᠷᠬᠡᠭᠵᠢᠭᠦᠯᠬᠦ    ᠬᠤᠷᠢᠨᠭᠡᠷ ᠪᠠᠯᠭᠠᠰᠤ ᠴᠢᠨᠠᠷ ᠰᠠᠶᠢᠲᠠᠶ ᠲᠡᠵᠢᠭᠡᠯ ᠡᠪᠡᠰᠦ ᠶᠢ ᠣᠶᠢᠷ᠎ᠠ ᠬᠠᠪᠢ ᠳᠠᠭᠠᠨ ᠲᠤᠬᠠᠶ ᠶᠢᠨ ᠭᠠᠵᠠᠷ ᠲᠤᠨᠢ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠢ ᠪᠠᠭᠤᠷᠠᠭᠤᠯᠤᠨ᠂ ᠠᠵᠤ ᠦᠢᠯᠡᠰ ᠤᠨ ᠬᠡᠯᠬᠢᠶ᠎ᠡ ᠶᠢ ᠨᠡᠮᠡᠭᠳᠡᠭᠦᠯᠵᠦ᠂ ᠰᠦ ᠶᠢᠨ ᠢᠷᠡᠯᠲᠡ ᠶᠢᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠪᠠᠬᠢᠵᠢᠭᠦᠯᠬᠦ ᠶᠢᠨ ᠲᠥᠯᠥᠭᠡ᠂ ᠪᠠᠯᠭᠠᠰᠤᠨ ᠤ ᠬᠡᠪᠴᠢᠶᠡᠨ ᠳᠤ ᠬᠥᠬᠡ ᠳᠠᠷᠤᠰᠢ ᠶᠢᠨ ᠡᠷᠳᠡᠨᠢ ᠰᠢᠰᠢ᠂ ᠬᠥᠬᠡ ᠬᠠᠭᠤᠷᠠᠶ ᠡᠪᠡᠰᠦ ︵ᠴᠠᠷᠭᠠᠰᠤ᠂ ᠨᠣᠬᠠᠶ ᠶᠢᠨ ᠬᠤᠰᠢᠭᠤ︶ ᠶᠢᠨ ᠪᠥᠸᠧ ᠬᠤᠤ ᠶᠤᠸᠠᠨ᠂ ᠰᠠᠨ ᠾᠧ᠂ ᠹᠧᠩ ᠨᠠᠢ ᠵᠢᠶᠠ᠂ ᠹᠧᠩ ᠬᠤᠸᠠ  ᠪᠣᠯᠤᠨ ᠠᠢ ᠮᠢᠨ ᠵᠡᠷᠭᠡ 5 ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ ᠪᠠ ᠰᠠᠭᠠᠯᠢ ᠶᠢᠨ ᠲᠠᠷᠢᠶᠠᠴᠢᠨ ᠤ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠳᠤ ᠬᠥᠬᠡ ᠳᠠᠷᠤᠰᠢ ᠬᠤᠳᠠᠯᠳᠤᠨ ᠠᠪᠴᠤ ᠨᠥᠬᠦᠪᠥᠷᠢᠯᠡᠬᠦ ᠠᠯᠲᠠ ᠲᠠᠷᠬᠠᠭᠠᠪᠠ᠃ ᠨᠥᠬᠦᠪᠥᠷᠢ ᠶᠢᠨ ᠪᠠᠯᠠ ᠮᠥᠩᠭᠦ ᠶᠢ ᠲᠠᠷᠬᠠᠭᠠᠬᠤ ᠳᠤ ᠤᠷᠢᠳᠠᠪᠠᠷ ᠬᠠᠳᠠᠭᠠᠯᠠᠵᠤ ᠳᠠᠷᠠᠭ᠎ᠠ ᠨᠢ ᠨᠥᠬᠦᠪᠥᠷᠢᠯᠡᠬᠦ ᠶᠢ ᠬᠡᠷᠡᠭᠵᠢᠭᠦᠯᠵᠦ᠂ ᠪᠥᠬᠦ ᠰᠠᠭᠤᠷᠢ ᠨᠣᠭᠤᠭᠠᠨ ᠳᠠᠷᠤᠰᠢ ᠶᠢᠨ ᠡᠷᠳᠡᠨᠢ ᠰᠢᠰᠢ ᠶᠢᠨ ᠲᠣᠨ ᠪᠦᠷᠢ ᠳᠤ 50 ᠲᠥᠭᠦᠷᠢᠭ ᠤᠨ ᠨᠥᠬᠦᠪᠥᠷᠢ ᠥᠭᠭᠦᠨ᠎ᠡ᠂ ᠡᠭᠦᠨ ᠳᠤ ᠥᠪᠡᠷᠲᠡᠭᠡᠨ ᠵᠠᠰᠠᠬᠤ ᠣᠷᠣᠨ ᠠᠴᠠ 30 ᠲᠥᠭᠦᠷᠢᠭ ᠤᠨ ᠨᠥᠬᠦᠪᠥᠷᠢ ᠥᠭᠴᠦ᠂ ᠠᠶᠢᠮᠠᠭ ᠬᠤᠲᠠ ᠶᠢᠨ ᠡᠳ᠋ ᠤᠨ ᠵᠠᠰᠠᠭ ᠠᠴᠠ 20 ᠲᠥᠭᠦᠷᠢᠭ ᠨᠥᠬᠦᠪᠥᠷᠢᠯᠡᠨ᠎ᠡ᠃ ᠰᠠᠭᠠᠯᠢ ᠶᠢᠨ ᠦᠨᠢᠶ᠎ᠡ ᠪᠦᠷᠢ ᠳᠤ ᠵᠢᠯ ᠳᠤ ᠬᠠᠮᠤᠭ ᠤᠨ ᠠᠷᠪᠢᠨ ᠳᠤ ᠪᠠᠨ 5.5 ᠲᠣᠨ ᠨᠣᠭᠤᠭᠠᠨ ᠳᠠᠷᠤᠰᠢ ᠶᠢᠨ ᠡᠷᠳᠡᠨᠢ ᠰᠢᠰᠢ ᠨᠥᠬᠦᠪᠥᠷᠢᠯᠡᠨ᠎ᠡ᠃ ᠣᠳᠣ ᠬᠤᠷᠢᠨᠭᠡᠷ ᠪᠠᠯᠭᠠᠰᠤ ᠨᠡᠶᠢᠲᠡ 6301 ᠰᠠᠭᠠᠯᠢ ᠶᠢᠨ ᠦᠨᠢᠶ᠎ᠡ ᠲᠠᠢ ᠪᠠᠶᠢᠵᠤ᠂ 17506 ᠲᠣᠨ ᠨᠣᠭᠤᠭᠠᠨ ᠳᠠᠷᠤᠰᠢ ᠶᠢᠨ ᠡᠷᠳᠡᠨᠢ ᠰᠢᠰᠢ ᠶᠢ ᠬᠤᠷᠢᠶᠠᠨ ᠬᠠᠳᠠᠭᠠᠯᠠᠪᠠ᠃ ᠡᠭᠦᠨ ᠤ ᠬᠠᠮᠲᠤ᠂ ᠮᠠᠨ ᠤ ᠪᠠᠯᠭᠠᠰᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠡᠪᠡᠰᠦ ᠪᠣᠷᠳᠤᠭ᠎ᠠ ᠬᠤᠷᠢᠶᠠᠨ ᠬᠠᠳᠠᠭᠠᠯᠠᠬᠤ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠨᠥᠬᠦᠪᠥᠷᠢ ᠶᠢᠨ ᠬᠦᠰᠦᠨᠦᠭᠲᠦ᠂ ᠬᠠᠮᠢᠶ᠎ᠠ ᠪᠥᠬᠦᠶ ᠪᠢᠴᠢᠭ ᠮᠠᠲ᠋ᠧᠷᠢᠶᠠᠯ᠂ ᠲᠥᠰᠦᠯ᠂ ᠵᠠᠷᠯᠠᠨ ᠨᠡᠶᠢᠲᠡᠯᠡᠭᠰᠡᠨ ᠮᠠᠲ᠋ᠧᠷᠢᠶᠠᠯ᠂ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠵᠡᠷᠭᠡ ᠨᠥᠬᠦᠪᠥᠷᠢ ᠶᠢᠨ ᠲᠠᠩᠰᠠ ᠡᠪᠬᠡᠮᠡᠯ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠠᠷᠢᠶᠠᠴᠢᠳ ᠲᠤ ᠠᠰᠢᠭ ᠬᠦᠷᠲᠡᠭᠡᠬᠦ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠨᠠᠷᠢᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃    ᠭᠤᠷᠪᠠ᠂ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠬᠡᠷᠡᠭᠲᠡᠶ    ᠮᠠᠨ ᠤ ᠪᠠᠯᠭᠠᠰᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠲᠡᠵᠢᠭᠡᠯ ᠡᠪᠡᠰᠦ ᠪᠣᠷᠳᠤᠭ᠎ᠠ ᠬᠤᠷᠢᠶᠠᠨ ᠬᠠᠳᠠᠭᠠᠯᠠᠬᠤ ᠨᠥᠬᠦᠪᠥᠷᠢ ᠶᠢᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠᠨ ᠲᠠᠰᠤᠷᠠᠯᠲᠠ ᠥᠬᠡᠶ ᠴᠢᠩᠭᠠᠳᠬᠠᠵᠤ᠂ ᠡᠨᠡ ᠵᠢᠯ ᠬᠤᠷᠢᠨᠭᠡᠷ ᠪᠠᠯᠭᠠᠰᠤ ᠨᠡᠶᠢᠲᠡ 7 ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠶ ᠪᠠ ᠰᠠᠭᠠᠯᠢ ᠶᠢᠨ ᠲᠠᠷᠢᠶᠠᠴᠢᠨ ᠤ ᠬᠤᠷᠰᠢᠶ᠎ᠠ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠬᠥᠲᠥᠯᠦᠨ ᠵᠢᠯᠣᠭᠤᠳᠴᠤ ᠪᠠᠶᠢᠭᠠᠳ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠲᠡᠵᠢᠭᠡᠯ ᠡᠪᠡᠰᠦ ᠪᠣᠷᠳᠤᠭ᠎ᠠ ᠬᠤᠷᠢᠶᠠᠨ ᠬᠠᠳᠠᠭᠠᠯᠠᠬᠤ ᠲᠥᠯᠥᠪᠯᠡᠭᠡ ᠪᠠ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠵᠦ ᠬᠤᠷᠢᠶᠠᠨ ᠬᠠᠳᠠᠭᠠᠯᠠᠬᠤ ᠲᠥᠯᠥᠪᠯᠡᠭᠡ ᠶᠢ ᠣᠶᠢᠯᠠᠭᠠᠭᠤᠯᠵᠤ᠂ ᠣᠲᠣ ᠨᠢᠭᠡᠨᠲᠡ ᠪᠦᠬᠦᠨ ᠢ ᠬᠤᠷᠢᠶᠠᠨ ᠨᠥᠭᠡᠴᠡᠯᠡᠵᠦ ᠳᠠᠭᠤᠰᠬᠠᠭᠠᠳ᠂ ᠨᠡᠶᠢᠲᠡ 17000 ᠭᠠᠷᠤᠶ ᠲᠣᠨ ᠨᠥᠭᠡᠴᠡᠯᠡᠵᠦ ᠪᠠᠶᠢᠨ᠎ᠠ᠃ ᠡᠭᠦᠨ ᠤ ᠬᠠᠮᠲᠤ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠲᠠᠷᠢᠵᠤ ᠲᠡᠵᠢᠭᠡᠬᠦ ᠶᠢ ᠤᠶᠠᠯᠳᠤᠭᠤᠯᠤᠭᠰᠠᠨ ᠮᠠᠯ ᠪᠡᠯᠴᠢᠭᠡᠷ ᠢ ᠢᠵᠢ ᠪᠦᠷᠢᠳᠦᠭᠦᠯᠬᠦ ᠶᠢ ᠤᠯᠠᠮ ᠨᠢᠭᠡ ᠠᠯᠬᠤᠮ ᠴᠢᠩᠭᠠᠷᠠᠭᠤᠯᠤᠨ᠂ ᠲᠡᠵᠢᠭᠡᠯ ᠡᠪᠡᠰᠦ ᠪᠣᠷᠳᠤᠭ᠎ᠠ ᠲᠠᠷᠢᠬᠤ ᠪᠠ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠶᠢ ᠢᠵᠢ ᠪᠦᠷᠢᠳᠦᠭᠦᠯᠦᠨ ᠵᠣᠯᠭᠠᠭᠤᠯᠬᠤ ᠶᠢ ᠢᠳᠡᠪᠬᠢᠲᠡᠢ ᠠᠬᠢᠭᠤᠯᠤᠨ᠎ᠠ᠃ ᠪᠥᠬᠦ ᠣᠷᠣᠨ ᠤ ᠴᠢᠨᠠᠷ ᠰᠠᠶᠢᠲᠠᠶ ᠰᠠᠭᠠᠯᠢ ᠶᠢᠨ ᠦᠨᠢᠶ᠎ᠡ᠂ ᠴᠢᠨᠠᠷ ᠰᠠᠶᠢᠲᠠᠶ ᠰᠦ ᠶᠢᠨ ᠢᠷᠡᠯᠲᠡ ᠪᠠ ᠴᠢᠨᠠᠷ ᠰᠠᠶᠢᠲᠠᠶ ᠳᠡᠭᠡᠳᠦ ᠲᠠᠰ ᠤᠨ ᠴᠠᠭᠠᠨ ᠢᠳᠡᠭᠡᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠴᠢᠷᠮᠠᠶᠢᠨ ᠪᠠᠶᠢᠭᠤᠯᠵᠤ᠂ ᠰᠦ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ᠃ ᠪᠠᠯᠭᠠᠰᠤᠨ ᠤ ᠪᠥᠬᠦ ᠠᠭᠤᠯᠭ᠎ᠠ ᠪᠠᠷ ᠨᠡᠶᠢᠲᠡ 850 ᠥᠰᠥᠭ ᠪᠠᠶᠢᠵᠤ᠂ ᠵᠢᠱᠢᠯᠲᠡ ᠪᠠᠷ ᠤᠩᠰᠢᠬᠤ ᠴᠠᠭ ᠨᠢ 3 ᠮᠢᠨᠦ᠋ᠲ ᠪᠣᠯᠤᠨ᠎ᠠ᠃ 
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号