ᠵᠢᠥ ᠶᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠳᠠᠭᠠᠳᠬᠠᠯ ᠤᠨ ᠪᠠᠶᠢᠭᠤᠯᠤᠮᠵᠢ ᠶᠢᠨ ︽ᠡᠷᠲᠡ ᠲᠦᠯᠦᠵᠦ ᠲᠦᠷᠭᠡᠨ ᠲᠥᠯᠥᠬᠦ᠂ ᠳᠥᠯᠥᠪᠡᠰᠦ ᠵᠣᠬᠢᠬᠤ ᠶᠢ ᠨᠢ ᠪᠦᠬᠦᠨ ᠢ ᠲᠥᠯᠥᠬᠦ︾ ᠶᠢ ᠢᠳᠡᠪᠬᠢᠲᠡᠶ ᠠᠬᠢᠭᠤᠯᠵᠤ ᠭᠠᠮᠰᠢᠭᠳᠠᠭᠰᠠᠨ ᠮᠠᠯᠴᠢᠨ ᠲᠠᠷᠢᠶᠠᠴᠢᠨ ᠤ ᠬᠦᠴᠢᠷ ᠢ ᠲᠤᠭᠤᠯᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/10/23
    ᠠᠮᠤ ᠪᠤᠳᠠᠭᠠᠨ ᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ ᠲᠠᠷᠢᠶᠠᠯᠠᠩ ᠤᠨ ᠳᠠᠭᠠᠳᠬᠠᠯ ᠤᠨ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠡᠯ᠎ᠡ ᠵᠦᠢᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠦᠷ᠎ᠡ ᠠᠰᠢᠭ ᠢ ᠪᠠᠲᠤᠯᠠᠬᠤ ᠶᠢᠨ ᠲᠥᠯᠥᠭᠡ᠂ 10 ᠰᠠᠷ᠎ᠠ ᠶᠢᠨ 21 ᠤ ᠡᠳᠦᠷ᠂ ᠵᠢᠦ ᠶᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠲᠠᠷᠢᠶᠠᠯᠠᠩ ᠤᠨ ᠳᠠᠭᠠᠳᠬᠠᠯ ᠤᠨ ᠲᠥᠯᠥᠪᠦᠷᠢ ᠥᠭᠬᠦ ᠠᠵᠢᠯ ᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠡᠳ᠋ ᠳᠠᠷᠤᠭ᠎ᠠ ᠴᠠᠩ ᠰᠢᠨ ᠬᠤᠷᠠᠯ ᠡᠷᠭᠢᠯᠡᠵᠦ ᠂ ᠲᠠᠷᠢᠶᠠᠯᠠᠩ ᠤᠨ ᠲᠠᠰᠤᠭ ᠤᠨ ᠬᠠᠮᠢᠶ᠎ᠠ ᠪᠥᠬᠦᠶ ᠠᠵᠢᠯᠲᠠᠨ᠂ ᠳᠤᠮᠳᠠᠳᠤ ᠤᠯᠤᠰ ᠤᠨ ᠠᠷᠠᠳ ᠤᠨ ᠡᠳ᠋ ᠬᠥᠷᠥᠩᠭᠡ ᠶᠢᠨ ᠳᠠᠭᠠᠳᠬᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠪᠤᠭᠤᠲᠤ ᠬᠤᠲᠠ ᠶᠢᠨ ᠬᠤᠪᠢᠶᠠᠷᠢ ᠺᠣᠮᠫᠠᠨᠢ ᠶᠢᠨ ᠬᠠᠷᠢᠭᠤᠴᠠᠯᠭᠠᠲᠠᠨ ᠪᠣᠯᠤᠨ ᠳᠤᠮᠳᠠᠳᠤ ᠤᠯᠤᠰ ᠤᠨ ᠨᠤᠮᠤᠬᠠᠨ ᠳᠠᠯᠠᠢ ᠡᠳ᠋ ᠬᠥᠷᠥᠩᠭᠡ ᠶᠢᠨ ᠳᠠᠭᠠᠳᠬᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠪᠤᠭᠤᠲᠤ ᠶᠢᠨ ᠲᠥᠪ ᠰᠠᠯᠪᠤᠷᠢ ᠺᠣᠮᠫᠠᠨᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
图片11.jpg
    ᠬᠤᠷᠠᠯ ᠳᠡᠭᠡᠷ᠎ᠡ᠂ ᠴᠠᠩ ᠰᠢᠨ ᠲᠠᠷᠢᠶᠠᠯᠠᠩ ᠤᠨ ᠳᠠᠭᠠᠳᠬᠠᠯ ᠤᠨ ᠲᠥᠯᠥᠪᠦᠷᠢ ᠥᠭᠬᠦ ᠠᠵᠢᠯ ᠤᠨ ᠲᠤᠬᠠᠶ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠤᠯᠠᠮᠵᠢᠯᠠᠵᠤ᠂ ᠡᠯ᠎ᠡ ᠳᠠᠭᠠᠳᠬᠠᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠤ ᠳᠠᠭᠠᠳᠬᠠᠯ ᠳᠠᠭᠠᠭᠠᠴᠢᠯᠠᠭᠰᠠᠨ ᠪᠠᠶᠢᠳᠠᠯ ᠪᠠ ᠣᠶᠢᠷ᠎ᠠ ᠶᠢᠨ ᠬᠤᠭᠤᠴᠠᠭᠠᠨ ᠤ ᠲᠥᠯᠥᠪᠦᠷᠢ ᠥᠭᠬᠦ ᠠᠵᠢᠯ ᠢ ᠠᠬᠢᠭᠤᠯᠤᠭᠰᠠᠨ ᠪᠠᠶᠢᠳᠠᠯ ᠢᠶᠠᠨ ᠨᠠᠷᠢᠨ ᠲᠣᠳᠣᠷᠬᠠᠶ ᠬᠠᠷᠢᠭᠤ ᠮᠡᠳᠡᠭᠦᠯᠬᠦ ᠶᠢ ᠰᠣᠨᠣᠰᠴᠤ᠂ ᠭᠠᠮᠰᠢᠭ ᠤᠨ ᠪᠠᠶᠢᠳᠠᠯ ᠢ ᠭᠥᠯᠢᠶᠡᠨ ᠠᠪᠴᠤ ᠰᠢᠢᠳᠪᠦᠷᠢᠯᠡᠭᠰᠡᠨ ᠲᠤᠭ᠎ᠠ ᠬᠡᠮᠵᠢᠶ᠎ᠡ᠂ ᠪᠠᠶᠢᠴᠠᠭᠠᠨ ᠰᠢᠨᠵᠢᠵᠦ ᠬᠤᠬᠢᠷᠠᠯ ᠤᠨ ᠬᠡᠮᠵᠢᠶ᠎ᠡ ᠶᠢ ᠲᠣᠭᠲᠠᠭᠠᠭᠰᠠᠨ ᠠᠬᠢᠴᠠ ᠵᠢᠴᠢ ᠵᠢᠱᠢᠯᠲᠡ ᠪᠠᠷ ᠲᠥᠯᠥᠪᠦᠷᠢ ᠥᠭᠬᠦ ᠵᠣᠭᠤᠰ ᠤᠨ ᠲᠤᠭ᠎ᠠ ᠵᠡᠷᠭᠡ ᠶᠢ ᠪᠠᠭᠲᠠᠭᠠᠨ᠎ᠠ᠃ ᠡᠭᠦᠨ ᠤ ᠬᠠᠮᠲᠤ᠂ ᠬᠤᠷᠠᠯ ᠠᠴᠠ ᠪᠠᠰᠠ ᠣᠶᠢᠷ᠎ᠠ ᠶᠢᠨ ᠬᠤᠭᠤᠴᠠᠭᠠᠨ ᠤ ᠲᠠᠷᠢᠶᠠᠯᠠᠩ ᠮᠠᠯ ᠠᠵᠤ ᠠᠬᠤᠶ ᠶᠢᠨ ᠭᠠᠮᠰᠢᠭᠳᠠᠭᠰᠠᠨ ᠪᠠᠶᠢᠳᠠᠯ ᠪᠠ ᠳᠠᠭᠠᠳᠬᠠᠯ ᠤᠨ ᠲᠥᠯᠥᠪᠦᠷᠢ ᠥᠭᠬᠦ ᠠᠵᠢᠯ ᠤᠨ ᠲᠤᠬᠠᠶ ᠡᠯ᠎ᠡ ᠳᠠᠭᠠᠳᠬᠠᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠨᠥᠬᠦᠳ ᠲᠠᠢ ᠨᠢᠭᠤᠷᠳᠠᠨ ᠶᠠᠷᠢᠯᠴᠠᠵᠤ᠂ ᠳᠠᠭᠠᠳᠬᠠᠯ ᠤᠨ ᠠᠷᠭ᠎ᠠ ᠵᠠᠮ ᠢᠶᠠᠷ ᠳᠠᠮᠵᠢᠭᠤᠯᠤᠨ ᠭᠠᠮᠰᠢᠭᠳᠠᠭᠰᠠᠨ ᠬᠤᠬᠢᠷᠠᠯ ᠢ ᠬᠠᠮᠤᠭ ᠤᠨ ᠳᠣᠤᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠵᠤ᠂ ᠲᠠᠷᠢᠶᠠᠯᠠᠩ ᠤᠨ ᠳᠠᠭᠠᠳᠬᠠᠯ ᠤᠨ ᠲᠥᠯᠥᠪᠦᠷᠢ ᠥᠭᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠨ ᠤ ᠠᠰᠢᠭ ᠲᠤᠰᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠲᠠᠷᠢᠶᠠᠯᠠᠩ ᠤᠨ ᠳᠠᠭᠠᠳᠬᠠᠯ ᠤᠨ ᠬᠠᠮᠢᠶ᠎ᠠ ᠪᠦᠬᠦᠢ ᠠᠵᠢᠯ ᠢ ᠥᠷᠨᠢᠭᠦᠯᠦᠭᠰᠡᠨ ᠠᠴᠠ ᠨᠠᠰᠢ᠂ ᠨᠢᠭᠡᠨᠲᠡ ᠠᠭᠠᠵᠢᠮ ᠢᠶᠠᠷ ᠭᠠᠮᠰᠢᠭᠳᠠᠭᠰᠠᠨ ᠮᠠᠯᠴᠢᠨ ᠲᠠᠷᠢᠶᠠᠴᠢᠨ ᠤ ︽ᠬᠠᠮᠠᠭᠠᠯᠠᠭᠴᠢ ᠰᠢᠬᠦᠷ︾ ᠪᠠ ︽ᠰᠡᠳᠬᠢᠯ ᠠᠮᠤᠷ︾ ᠪᠣᠯᠤᠭᠰᠠᠨ ᠪᠠᠶᠢᠨ᠎ᠠ᠃ ᠡᠨᠡ ᠵᠢᠯ ᠤᠨ ᠲᠠᠷᠢᠶᠠᠯᠠᠩ ᠮᠠᠯ ᠠᠵᠤ ᠠᠬᠤᠶ ᠶᠢᠨ ᠭᠠᠮᠰᠢᠭᠳᠠᠭᠰᠠᠨ ᠪᠠᠶᠢᠳᠠᠯ ᠳᠤ ᠴᠢᠭᠯᠡᠭᠦᠯᠦᠨ᠂ ᠲᠠᠷᠠᠭᠠᠴᠢ ᠶᠢᠨ ᠠᠯᠬᠤᠮ ᠳᠤ ᠡᠯ᠎ᠡ ᠳᠠᠭᠠᠳᠬᠠᠯ ᠤᠨ ᠪᠠᠶᠢᠭᠤᠯᠤᠮᠵᠢ ᠭᠡᠷ᠎ᠡ ᠳᠤ ᠪᠣᠯᠵᠣᠨ ᠲᠣᠭᠲᠠᠭᠰᠠᠨ ᠵᠦᠢᠯ ᠢᠶᠠᠨ ᠶᠡᠭᠡ ᠪᠠᠷ ᠭᠦᠢᠴᠡᠳᠬᠡᠵᠦ᠂ ︽ᠡᠷᠲᠡ ᠲᠦᠯᠦᠵᠦ ᠲᠦᠷᠭᠡᠨ ᠲᠥᠯᠥᠬᠦ᠂ ᠵᠦᠶ ᠵᠣᠬᠢᠰᠲᠠᠶ ᠲᠥᠯᠥᠵᠦ ᠥᠭᠬᠦ︾ ᠪᠠᠷ ᠵᠠᠷᠴᠢᠮ ᠪᠣᠯᠭᠠᠨ᠂ ᠳᠠᠭᠠᠳᠬᠠᠯ ᠤᠨ ᠲᠥᠷᠥᠯ ᠢ ᠢᠯᠭᠠᠵᠤ᠂ ᠭᠠᠮᠰᠢᠭ ᠤᠨ ᠪᠠᠶᠢᠳᠠᠯ ᠢ ᠢᠯᠭᠠᠵᠤ᠂ ᠦᠳᠲᠡᠷ ᠲᠦᠷᠭᠡᠨ ᠪᠠᠶᠢᠴᠠᠭᠠᠨ ᠰᠢᠨᠵᠢᠵᠦ᠂ ᠲᠥᠯᠥᠪᠦᠷᠢ ᠥᠭᠬᠦ ᠴᠠᠭ ᠢ ᠪᠣᠭᠤᠨᠢᠰᠬᠠᠵᠤ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠨ ᠤ ᠲᠥᠯᠥᠪᠦᠷᠢ ᠥᠭᠬᠦ ᠬᠡᠷᠡᠭᠴᠡᠭᠡ ᠱᠠᠭᠠᠷᠳᠠᠯᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠵᠤ᠂ ᠮᠠᠯᠴᠢᠨ ᠲᠠᠷᠢᠶᠠᠴᠢᠨ ᠤ ᠬᠤᠬᠢᠷᠠᠯ ᠢ ᠪᠠᠭᠠᠰᠬᠠᠬᠤ ᠳᠤ ᠬᠤᠪᠢ ᠨᠡᠮᠡᠷᠢ ᠦᠵᠡᠭᠦᠯᠦᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号