ᠵᠢᠥ ᠶᠤᠸᠠᠨ ᠲᠣᠭᠤᠷᠢᠭ ᠤᠨ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠤᠪᠴᠢᠶ᠎ᠠ ᠲᠤᠰᠤ ᠨᠡᠮᠡᠬᠦ ᠦᠷᠳᠡᠭᠡ ᠶᠢᠨ ︽ᠪᠡᠶ᠎ᠡ ᠶᠢᠨ ᠪᠠᠶᠢᠴᠠᠭᠠᠯᠲᠠ︾ ᠶᠢ ᠰᠠᠶᠢᠲᠤᠷ ᠬᠢᠵᠦ ᠬᠦᠬᠡ ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/10/23
    ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢᠨ ᠠᠮᠢ ᠠᠬᠤᠶ ᠶᠢ ᠬᠠᠮᠠᠭᠠᠯᠠᠬᠤ ᠠᠵᠢᠯ ᠳᠠᠬᠢ ᠲᠤᠯᠭᠠᠭᠤᠷᠢ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ︽ᠨᠠᠷᠢᠯᠢᠭ ᠣᠨᠣᠴᠠᠲᠠᠶ ᠪᠠᠷ ᠵᠠᠰᠠᠬᠤ᠂ ᠰᠢᠨᠵᠢᠯᠡᠬᠦ ᠤᠬᠠᠭᠠᠨᠴᠢ ᠪᠠᠷ ᠪᠣᠬᠢᠷᠲᠤᠯ ᠢ ᠵᠠᠰᠠᠬᠤ᠂ ᠬᠠᠤᠯᠢ ᠶᠣᠰᠣᠭᠠᠷ ᠪᠣᠬᠢᠷᠲᠤᠯ ᠢ ᠵᠠᠰᠠᠬᠤ︾ ᠪᠠᠷ ᠬᠠᠷᠠᠯᠲᠠ ᠪᠣᠯᠭᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠡᠭᠦᠷᠭᠡ ᠶᠢ ᠪᠠᠬᠢᠵᠢᠭᠦᠯᠵᠦ᠂ VOCs ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠲᠣᠰᠣᠨ ᠤ ᠵᠦᠢᠯ ᠢ ᠬᠠᠳᠠᠭᠠᠯᠠᠬᠤ᠂ ᠲᠡᠭᠡᠭᠡᠪᠦᠷᠢᠯᠡᠬᠦ᠂ ᠪᠣᠷᠣᠯᠠᠭᠤᠯᠬᠤ ᠪᠥᠬᠦ ᠶᠠᠪᠤᠴᠠ ᠳᠤ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠢ ᠭᠠᠳᠠᠭᠰᠢᠯᠠᠭᠤᠯᠬᠤ ᠶᠢ ᠴᠢᠩᠭ᠎ᠠ ᠬᠠᠮᠢᠶᠠᠷᠤᠨ ᠡᠵᠡᠮᠳᠡᠪᠡ᠃ ᠣᠶᠢᠷ᠎ᠠ ᠳᠤ᠂ ᠵᠢᠥ ᠶᠤᠸᠠᠨ ᠲᠣᠭᠤᠷᠢᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠬᠠᠤᠯᠢ ᠬᠡᠷᠡᠭᠵᠢᠭᠦᠯᠬᠦ ᠠᠵᠢᠯᠲᠠᠨ ᠢ ᠵᠣᠬᠢᠶᠠᠨ ᠪᠠᠶᠢᠭᠤᠯᠵᠤ ᠲᠣᠰᠣ ᠨᠡᠮᠡᠬᠦ ᠥᠷᠲᠡᠭᠡ ᠶᠢᠨ ᠠᠵᠢᠯᠯᠠᠭᠠᠨ ᠤ ᠪᠠᠶᠢᠳᠠᠯ ᠤᠨ ᠲᠤᠰᠬᠠᠶ ᠪᠠᠶᠢᠴᠠᠭᠠᠯᠲᠠ ᠶᠢᠨ ᠠᠵᠢᠯ ᠢ ᠥᠷᠨᠢᠭᠦᠯᠪᠡ᠃    ᠲᠣᠰ ᠤᠳᠠᠭᠠᠨ ᠤ ᠪᠠᠶᠢᠴᠠᠭᠠᠯᠲᠠ ᠳᠤ᠂ ᠪᠠᠶᠢᠴᠠᠭᠠᠬᠤ ᠳᠤᠭᠤᠶᠢᠯᠠᠩ ᠪᠦᠬᠦᠨ ᠢ ᠬᠠᠮᠤᠷᠬᠤ ᠠᠷᠭ᠎ᠠ ᠮᠠᠶ᠋ᠢᠭ ᠢ ᠠᠪᠴᠤ᠂ ᠭᠤᠤᠯᠳᠠᠭᠤ ᠲᠣᠰᠣ ᠨᠡᠮᠡᠬᠦ ᠥᠷᠲᠡᠭᠡ ᠶᠢᠨ ᠲᠣᠰᠣ ᠬᠡᠢ ᠶᠢ ᠡᠭᠡᠭᠦᠯᠦᠨ ᠬᠤᠷᠢᠶᠠᠬᠤ ᠲᠣᠨᠤᠭ ᠲᠥᠬᠦᠭᠡᠷᠦᠮᠵᠢ ᠨᠢ ᠬᠡᠪ ᠤᠨ ᠶᠣᠰᠣᠭᠠᠷ ᠬᠡᠷᠡᠭᠯᠡᠵᠦ ᠪᠠᠶᠢᠬᠤ ᠡᠰᠡᠬᠦ᠂ ᠣᠷᠴᠢᠨ ᠲᠣᠭᠤᠷᠢᠨ ᠤ ᠪᠠᠶᠢᠴᠠᠭᠠᠯᠲᠠ ᠬᠢᠭᠰᠡᠨ ᠡᠰᠡᠬᠦ᠂ ᠲᠣᠰᠣ ᠨᠡᠮᠡᠬᠦ ᠮᠠᠰᠢᠨ ᠤ ᠳᠣᠲᠣᠷᠠᠬᠢ ᠲᠣᠰᠣ ᠬᠡᠢ ᠶᠢ ᠡᠭᠡᠭᠦᠯᠦᠨ ᠬᠤᠷᠢᠶᠠᠬᠤ ᠬᠥᠭᠡᠷᠭᠡ ᠨᠢ ᠬᠡᠪ ᠤᠨ ᠶᠣᠰᠣᠭᠠᠷ ᠠᠵᠢᠯᠯᠠᠵᠤ ᠪᠠᠶᠢᠬᠤ ᠡᠰᠡᠬᠦ᠂ ᠲᠣᠰᠣ ᠬᠡᠢ ᠶᠢ ᠡᠭᠡᠭᠦᠯᠦᠨ ᠬᠤᠷᠢᠶᠠᠵᠤ ᠬᠡᠷᠡᠭᠯᠡᠬᠦ ᠶᠢ ᠪᠠᠶᠢᠴᠠᠭᠠᠵᠤ ᠬᠠᠮᠠᠭᠠᠯᠠᠬᠤ ᠲᠦᠷᠢᠮ ᠢ ᠨᠠᠶᠢᠳᠠᠪᠤᠷᠢᠵᠢᠭᠤᠯᠤᠭᠰᠠᠨ ᠡᠰᠡᠬᠦ᠂ ᠠᠶᠤᠯᠲᠠᠶ ᠬᠠᠶᠠᠭᠳᠠᠮᠠᠯ ᠪᠣᠳᠠᠰ ᠢ ᠰᠢᠯᠵᠢᠭᠦᠯᠦᠭᠰᠡᠨ ᠡᠬᠡ ᠲᠠᠩᠰᠠ ᠶᠢᠨ ᠮᠠᠲ᠋ᠧᠷᠢᠶᠠᠯ ᠨᠢ ᠪᠦᠷᠢᠨ ᠭᠦᠢᠴᠡᠳ ᠪᠠᠶᠢᠬᠤ ᠡᠰᠡᠬᠦ ᠵᠢᠴᠢ ᠳᠠᠪᠬᠤᠷ ᠰᠠᠪᠠ᠂ ᠲᠣᠰᠣ ᠬᠡᠢ ᠶᠢ ᠡᠭᠡᠭᠦᠯᠦᠨ ᠬᠤᠷᠢᠶᠠᠵᠤ ᠥᠭᠡᠷᠡᠴᠢᠯᠡᠭᠰᠡᠨ ᠪᠠᠶᠢᠳᠠᠯ ᠢ ᠪᠠᠶᠢᠴᠠᠭᠠᠪᠠ᠃
图片11.jpg
    ᠪᠠᠶᠢᠴᠠᠭᠠᠬᠤ ᠠᠵᠢᠯ ᠤᠨ ᠳᠤᠮᠳᠠ᠂ ᠣᠨᠴᠠ ᠵᠠᠷᠢᠮ ᠲᠣᠰᠣ ᠨᠡᠮᠡᠬᠦ ᠥᠷᠲᠡᠭᠡ ᠳᠤ ᠰᠢᠲᠠᠮᠠᠬᠠᠶ ᠬᠡᠶ ᠶᠢ ᠡᠭᠡᠭᠦᠯᠦᠨ ᠬᠤᠷᠢᠶᠠᠬᠤ ᠡᠳᠦᠷ ᠲᠤᠲᠤᠮ ᠤᠨ ᠪᠠᠶᠢᠴᠠᠭᠠᠬᠤ ᠲᠦᠷᠢᠮ ᠵᠢᠴᠢ ᠪᠠᠶᠢᠴᠠᠭᠠᠬᠤ ᠡᠬᠡ ᠲᠠᠩᠰᠠ ᠲᠡᠭᠦᠯᠳᠡᠷ ᠪᠤᠰᠤ᠂ ᠲᠣᠰᠣ ᠨᠡᠮᠡᠬᠦ ᠫᠤᠤ ᠶᠢᠨ ᠪᠥᠭᠯᠡᠭᠡ ᠡᠪᠳᠡᠷᠡᠵᠦ ᠬᠠᠭᠤᠴᠢᠷᠠᠭᠰᠠᠨ ᠥᠬᠡᠶ᠂ ᠬᠡᠰᠡᠭ ᠠᠵᠢᠯᠯᠠᠬᠤ ᠲᠦᠷᠢᠮ ᠨᠢ ᠵᠢᠷᠤᠮᠵᠢᠯ ᠥᠬᠡᠶ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠭᠡᠳ᠂ ᠬᠠᠤᠯᠢ ᠬᠡᠷᠡᠭᠵᠢᠭᠦᠯᠬᠦ ᠠᠵᠢᠯᠲᠠᠨ ᠲᠤᠬᠠᠶ ᠶᠢᠨ ᠲᠠᠯᠠᠪᠤᠷ ᠲᠤ ᠲᠣᠰᠣ ᠨᠡᠮᠡᠬᠦ ᠥᠷᠲᠡᠭᠡ ᠶᠢᠨ ᠠᠵᠢᠯᠲᠠᠨ ᠢ ᠬᠠᠪᠰᠤᠷᠤᠨ ᠲᠡᠳᠬᠦᠵᠦ᠂ ᠠᠰᠠᠭᠤᠳᠠᠯ ᠭᠠᠷᠤᠭᠰᠠᠨ ᠰᠢᠯᠲᠠᠭᠠᠨ ᠢ ᠵᠠᠳᠠᠯᠤᠨ᠂ ᠴᠡᠭᠴᠡᠯᠡᠨ ᠰᠠᠶᠢᠵᠢᠷᠠᠭᠤᠯᠬᠤ ᠰᠠᠨᠠᠯ ᠪᠠ ᠰᠠᠨᠠᠭᠤᠯᠭ᠎ᠠ ᠳᠤᠷᠠᠳᠪᠠ᠃ ᠡᠭᠦᠨ ᠤ ᠬᠠᠮᠲᠤ᠂ ᠲᠣᠰᠣ ᠨᠡᠮᠡᠬᠦ ᠥᠷᠲᠡᠭᠡ ᠶᠢ ᠰᠢᠮᠳᠠᠭᠤᠯᠵᠤ ᠪᠠᠶᠢᠭᠠᠳ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠪᠣᠳᠠᠲᠠᠶᠢᠵᠢᠭᠤᠯᠵᠤ᠂ ᠬᠦᠨᠳᠦ ᠶᠡᠭᠡ ᠠᠶᠤᠯ ᠲᠦᠭᠰᠢᠭᠦᠷᠢ ᠶᠢᠨ ᠳᠠᠯᠳᠠ ᠬᠡᠮ ᠢ ᠲᠠᠰᠤᠷᠠᠯᠲᠠ ᠥᠬᠡᠶ ᠠᠷᠢᠯᠭᠠᠵᠤ᠂ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃
图片22.jpg   
    ᠳᠠᠷᠠᠭᠠᠴᠢ ᠶᠢᠨ ᠠᠯᠬᠤᠮ ᠳᠤ᠂ ᠵᠢᠥ ᠶᠤᠸᠠᠨ ᠲᠣᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠤᠪᠴᠢᠶ᠎ᠠ ᠦᠷᠭᠦᠯᠵᠢᠯᠡᠨ ᠲᠤᠰᠤ ᠨᠡᠮᠡᠬᠦ ᠦᠷᠳᠡᠭᠡ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠬᠢᠨᠠᠯᠲᠠ ᠬᠠᠮᠢᠶᠠᠷᠤᠯᠲᠠ ᠶᠢᠨ ᠡᠷᠴᠢᠮ ᠪᠣᠯᠤᠨ ᠪᠠᠶᠢᠴᠠᠭᠠᠯᠲᠠ ᠶᠢᠨ ᠤᠳᠠᠭ᠎ᠠ ᠪᠠᠨ ᠴᠢᠩᠭᠠᠳᠬᠠᠵᠤ᠂ ᠲᠤᠰᠤ ᠨᠡᠮᠡᠬᠦ ᠦᠷᠳᠡᠭᠡ ᠶᠢᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠠᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠡᠯ᠎ᠡ ᠲᠦᠷᠦᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠥᠬᠦᠭᠡᠷᠦᠮᠵᠢ ᠶᠢᠨ ᠬᠡᠪ ᠤᠨ ᠠᠵᠢᠯᠯᠠᠭᠠᠨ ᠢ ᠪᠠᠲᠤᠯᠠᠨ᠎ᠠ᠃ ᠡᠭᠦᠨ ᠤ ᠬᠠᠮᠲᠤ᠂ ᠲᠣᠰᠣ ᠨᠡᠮᠡᠬᠦ ᠥᠷᠲᠡᠭᠡ ᠳᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠳᠠᠯᠳᠠᠭᠤᠷ ᠪᠠᠶᠢᠴᠠᠭᠠᠨ ᠳᠠᠯᠳᠠᠭᠤᠷ ᠰᠤᠷᠪᠤᠯᠵᠢᠯᠠᠬᠤ ᠠᠵᠢᠯ ᠢ ᠥᠷᠨᠢᠭᠦᠯᠵᠦ᠂ ᠲᠣᠰᠣ ᠨᠡᠮᠡᠬᠦ ᠥᠷᠲᠡᠭᠡ ᠶᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠤᠨ᠂ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠤᠨ ᠪᠣᠬᠢᠷᠲᠤᠯ ᠭᠠᠳᠠᠭᠰᠢᠯᠠᠭᠤᠯᠬᠤ ᠶᠢ ᠦᠨᠡᠨᠬᠦ ᠪᠠᠭᠠᠰᠬᠠᠵᠤ᠂ ᠬᠥᠬᠡ ᠣᠭᠲᠠᠷᠭᠤᠶ ᠶᠢ ᠬᠠᠮᠠᠭᠠᠯᠠᠬᠤ ᠳᠠᠶᠢᠯᠠᠯᠳᠤᠭᠠᠨ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号