ᠪᠣᠷᠣᠳᠣᠬᠤᠢ ᠶᠢᠨ ᠪᠦᠭᠦ ᠣᠷᠣᠨ ᠪᠦᠰᠡ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/10/24
    ᠮᠠᠨ ᠤ ᠣᠷᠣᠨ ︽ᠦᠨᠳᠦᠰᠦᠨ ᠲᠠᠷᠢᠶᠠᠨ ᠭᠠᠵᠠᠷ ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠤᠷᠢᠳ ᠢᠶᠠᠷ ᠪᠦᠲᠦᠭᠡᠨ ᠪᠠᠶᠢᠭᠤᠯᠬᠤ︾ ᠴᠢᠬᠤᠯᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠠᠶᠠᠨᠨᠠᠭᠤᠷ ᠬᠤᠲᠠ ᠶᠢᠨ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠪᠦᠭᠦ ᠣᠷᠣᠨ ᠪᠦᠰᠡ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠠᠵᠢᠯ ᠢ ᠠᠬᠢᠭᠤᠯᠬᠤ ᠪᠠᠷ ᠭᠠᠷᠳᠠᠴᠠ ᠪᠣᠯᠭᠠᠨ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠᠨ ᠨᠡᠮᠡᠭᠳᠡᠭᠦᠯᠵᠦ᠂ ᠲᠤᠷᠰᠢᠯᠲᠠ ᠬᠢᠵᠦ ᠵᠢᠱᠢᠶ᠎ᠡ ᠦᠵᠡᠭᠦᠯᠭᠦ ᠶᠢ ᠴᠢᠩᠭᠠᠳᠬᠠᠨ᠂ ᠲᠣᠭᠲᠠᠴᠠ ᠶᠢᠨ ᠰᠢᠨ᠎ᠡ ᠶᠢ ᠡᠭᠦᠳᠬᠦ ᠶᠢ ᠴᠢᠬᠤᠯᠠᠴᠢᠯᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠠᠬᠢᠭᠤᠯᠵᠤ ᠪᠤᠢ᠃ ᠮᠠᠨ ᠤ ᠣᠷᠣᠨ 2011 ᠣᠨ ᠠᠴᠠ ᠨᠠᠭᠠᠰᠢ 5237 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠵᠤ᠂ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠬᠡᠮᠵᠢᠶ᠎ᠡ ᠪᠣᠯᠣᠨ ᠥᠨᠳᠥᠷ ᠦᠷ᠎ᠡ ᠠᠰᠢᠭᠲᠤ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠢ ᠪᠠᠷ ᠴᠥᠮ ᠪᠦᠭᠦ ᠤᠯᠤᠰ ᠤᠨ ᠡᠮᠦᠨ᠎ᠡ ᠡᠩᠨᠡᠭᠡᠨ ᠳᠤ ᠣᠷᠣᠪᠠ᠃ ᠡᠭᠦᠨ ᠳᠤ ᠪᠠᠶᠠᠨᠨᠠᠭᠤᠷ ᠬᠤᠲᠠ ᠪᠦᠭᠦ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠠᠶᠢᠮᠠᠭ ᠬᠤᠲᠠ ᠪᠣᠯᠤᠭᠰᠠᠨ ᠤ ᠬᠤᠪᠢ ᠳᠤ᠂ 2011 ᠣᠨ ᠠᠴᠠ ᠨᠠᠭᠠᠰᠢ ᠨᠢᠭᠡᠨᠲᠡ 1021 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠵᠤ ᠳᠠᠭᠤᠰᠬᠠᠭᠠᠳ ᠪᠦᠭᠦ ᠬᠤᠲᠠ ᠶᠢᠨ 1089 ᠲᠦᠮᠡᠨ ᠮᠦ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ 93.7% ᠶᠢ ᠡᠵᠡᠯᠡᠪᠡ᠃ ᠪᠠᠶᠠᠨᠨᠠᠭᠤᠷ ᠬᠤᠲᠠ ︽ᠭᠤᠷᠪᠠ ᠶᠢ ᠡᠪᠳᠡᠵᠦ᠂ ᠲᠠᠪᠤ ᠶᠢ ᠨᠢᠭᠡᠳᠦᠯᠲᠡᠢ ᠪᠠᠶᠢᠯᠭᠠᠨ᠂ ᠨᠢᠭᠡ ᠶᠢ ᠰᠢᠨ᠎ᠡ ᠪᠠᠷ ᠬᠤᠪᠢᠶᠠᠷᠢᠯᠠᠨ ᠡᠵᠡᠩᠨᠡᠬᠦ︾ ᠪᠦᠲᠦᠭᠡᠨ ᠪᠠᠶᠢᠭᠤᠯᠤᠯᠲᠠ ᠶᠢᠨ ᠵᠠᠭᠪᠤᠷ ᠢ ᠠᠩᠬ᠎ᠠ ᠡᠭᠦᠳᠦᠭᠰᠡᠨ ᠪᠥᠭᠡᠳ 10 ᠭᠠᠷᠤᠢ ᠵᠢᠯ ᠪᠠᠷᠢᠮᠲᠠᠯᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠳᠡᠯᠭᠡᠷᠡᠭᠦᠯᠦᠭᠦᠰᠢᠲᠡᠢ ᠲᠤᠷᠰᠢᠯᠭ᠎ᠠ ᠶᠢ ᠪᠦᠷᠢᠯᠳᠦᠭᠦᠯᠦᠭᠰᠡᠨ ᠪᠠᠶᠢᠨ᠎ᠠ᠃ — ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠶᠢ ᠨᠡᠶᠢᠲᠡᠯᠡᠪᠡ᠃ ᠥᠪᠡᠷᠲᠡᠭᠡᠨ ᠵᠠᠰᠠᠬᠤ ᠣᠷᠣᠨ ᠠᠴᠠ ᠲᠤᠷᠰᠢᠯᠲᠠ ᠶᠢᠨ ᠴᠡᠭ ᠤᠨ ᠭᠠᠵᠠᠷ ᠣᠷᠣᠨ ᠳᠤ ᠶᠡᠭᠡ ᠳᠡᠮᠵᠢᠯᠭᠡ ᠦᠵᠡᠭᠦᠯᠵᠦ᠂ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠤᠷᠢᠳ ᠢᠶᠠᠷ ᠪᠠᠲᠤᠯᠠᠨ᠂ ︽ᠱᠠᠩᠨᠠᠯ ᠢᠶᠠᠷ ᠨᠥᠬᠦᠪᠦᠷᠢ ᠶᠢ ᠣᠷᠣᠯᠠᠭᠤᠯᠬᠤ︾᠂ ︽ᠪᠦᠲᠦᠭᠡᠨ ᠪᠠᠶᠢᠭᠤᠯᠬᠤ ᠪᠠ ᠡᠵᠡᠩᠨᠡᠬᠦ ᠶᠢ ᠨᠢᠭᠡ ᠴᠣᠭᠴᠠᠵᠢᠭᠤᠯᠬᠤ︾ ᠵᠡᠷᠭᠡ ᠪᠦᠲᠦᠭᠡᠨ ᠪᠠᠶᠢᠭᠤᠯᠵᠤ ᠬᠠᠮᠢᠶᠠᠷᠬᠤ ᠵᠠᠭᠪᠤᠷ ᠲᠤ ᠲᠤᠷᠰᠢᠯᠲᠠ ᠶᠢᠨ ᠰᠢᠨ᠎ᠡ ᠶᠢ ᠡᠭᠦᠳᠴᠦ᠂ ᠨᠢᠳᠤᠨᠤᠨ ᠨᠡᠶᠢᠭᠡᠮ ᠤᠨ ᠡᠳ᠋ ᠬᠥᠷᠥᠩᠭᠡ ᠶᠢᠨ ᠪᠡᠯᠡ ᠮᠥᠩᠭᠦ ᠶᠢ 1.2 ᠳ᠋ᠦᠩᠰᠢᠭᠤᠷ ᠲᠥᠭᠦᠷᠢᠭ ᠰᠢᠩᠭᠡᠬᠡᠨ ᠠᠪᠴᠠᠢ᠃ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠵᠡᠷᠭᠡ ᠲᠥᠷᠥᠯ ᠵᠦᠢᠯ ᠢ ᠪᠦᠭᠦ ᠤᠰᠤᠯᠠᠯᠲᠠ ᠶᠢᠨ ᠣᠷᠣᠨ ᠤ ᠲᠤᠷᠰᠢᠯᠲᠠ ᠶᠢᠨ ᠴᠡᠭ ᠤᠨ ᠭᠠᠵᠠᠷ ᠤᠷᠤᠭᠤ ᠢᠯᠡᠭᠦᠦ ᠬᠡᠯᠪᠠᠶᠢᠯᠭᠡᠵᠦ᠂ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ︽ᠦᠯᠢᠭᠡᠷ ᠶᠠᠩᠵᠤ ᠣᠷᠣᠨ︾ ᠪᠣᠯᠭᠠᠨ ᠴᠣᠭᠴᠠᠯᠠᠪᠠ᠃ ︽ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠪᠦᠭᠦ ᠣᠷᠣᠨ ᠪᠦᠰᠡ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠵᠤ᠂ ᠲᠥᠷᠥᠯ ᠵᠦᠢᠯ ᠲᠣᠭᠲᠠᠭᠠᠬᠤ᠂ ᠨᠠᠮᠤᠷ ᠤᠨ ᠤᠯᠠᠷᠢᠯ ᠳᠤ ᠤᠷᠢᠳᠴᠢᠯᠠᠨ ᠪᠠᠷᠢᠯᠭ᠎ᠠ ᠡᠬᠢᠯᠡᠭᠦᠯᠬᠦ᠂ ᠵᠢᠯ ᠪᠦᠷᠢ ᠱᠠᠩᠨᠠᠯ ᠢᠶᠠᠷ ᠨᠥᠬᠦᠪᠦᠷᠢ ᠶᠢ ᠣᠷᠣᠯᠠᠭᠤᠯᠬᠤ ᠮᠥᠩᠭᠦ ᠶᠢ 5000 ᠲᠦᠮᠡᠨ ᠲᠥᠭᠦᠷᠢᠭ ᠲᠣᠬᠢᠷᠠᠭᠤᠯᠬᠤ ᠵᠡᠷᠭᠡ ᠬᠠᠲᠠᠭᠤ ᠴᠢᠩᠭ᠎ᠠ ᠠᠷᠭ᠎ᠠ ᠬᠡᠮᠵᠢᠶ᠎ᠡ ᠶᠢ ᠬᠡᠷᠡᠭᠵᠢᠭᠦᠯᠪᠡ᠃ — ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠪᠠ᠃ ᠨᠢᠳᠤᠨᠤᠨ ᠮᠠᠨ ᠤ ᠣᠷᠣᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠣᠨ ᠤ ᠡᠭᠦᠷᠭᠡ ᠪᠠᠨ ᠲᠣᠬᠢᠷᠠᠭᠤᠯᠬᠤ ᠳᠠᠭᠠᠨ ᠤᠯᠤᠰ ᠤᠨ 2 ᠪᠦᠭᠦ ᠣᠷᠣᠨ ᠪᠦᠰᠡ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠲᠤ 128 ᠲᠦᠮᠡᠨ ᠮᠦ ᠲᠣᠬᠢᠷᠠᠭᠤᠯᠵᠤ᠂ ᠪᠦᠭᠦ ᠣᠷᠣᠨ ᠤ 32% ᠢ ᠡᠵᠡᠯᠡᠪᠡ᠃ ︽ᠭᠤᠷᠪᠠᠨ ᠱᠠᠲᠤ ᠪᠠᠷ ᠬᠤᠯᠪᠤᠭᠠᠯᠠᠨ ᠬᠥᠳᠡᠯᠦᠯᠴᠡᠬᠦ︾ ᠨᠢᠭᠡᠳᠦᠯᠲᠡᠢ ᠵᠢᠯᠣᠭᠤᠳᠤᠯᠭ᠎ᠠ ᠪᠠᠷ ᠳᠠᠮᠵᠢᠨ ᠠᠬᠢᠴᠠ ᠶᠢ ᠲᠦᠷᠭᠡᠳᠬᠡᠬᠦ᠂ ᠶᠠᠰᠤ ᠴᠢᠨᠠᠷ ᠢ ᠬᠠᠮᠢᠶᠠᠷᠤᠨ ᠡᠵᠡᠮᠳᠡᠬᠦ᠂ ᠲᠣᠭᠠᠴᠠᠭ᠎ᠠ ᠬᠢᠬᠦ ᠶᠢ ᠪᠠᠲᠤᠯᠠᠬᠤ᠂ ᠨᠡᠶᠢᠲᠡᠯᠢᠭ ᠵᠢᠱᠢᠶ᠎ᠡ ᠦᠵᠡᠭᠦᠯᠭᠦ᠂ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠬᠦ ᠵᠡᠷᠭᠡ ᠶᠢ ᠤᠷᠤᠭᠰᠢᠲᠠᠢ ᠠᠬᠢᠭᠤᠯᠪᠠ᠃ ᠣᠳᠣᠬᠠᠨ ᠳᠤ ᠡᠨᠡ ᠵᠢᠯ ᠤᠨ 158 ᠲᠦᠮᠡᠨ ᠮᠦ ᠶᠢᠨ ᠲᠥᠷᠥᠯ ᠵᠦᠢᠯ ᠢ ᠨᠢᠭᠡᠨᠲᠡ ᠪᠦᠭᠦ ᠲᠠᠯ᠎ᠠ ᠪᠠᠷ ᠡᠬᠢᠯᠡᠭᠦᠯᠵᠡᠢ᠃ — ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠪᠡ᠃ ᠤᠯᠤᠰ ᠤᠨ ᠪᠦᠭᠦ ᠣᠷᠣᠨ ᠪᠦᠰᠡ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠰᠠᠭᠤᠷᠢᠨ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠱᠠᠲᠤᠨ ᠤ ᠪᠦᠭᠦ ᠰᠢᠶᠠᠨ ᠢᠶᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠤᠷᠰᠢᠯᠲᠠ ᠶᠢᠨ ᠴᠡᠭ ᠤᠨ ᠠᠵᠢᠯ ᠢ ᠡᠬᠢᠯᠡᠭᠦᠯᠵᠦ᠂ ᠨᠢᠭᠡ ᠠᠶᠢᠮᠠᠭ ᠬᠤᠲᠠ ᠳᠤ ᠨᠢᠭᠡ ᠪᠦᠭᠦ ᠣᠷᠣᠨ ᠪᠦᠰᠡ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠲᠠᠢ ᠪᠠᠶᠢᠯᠭᠠᠬᠤ ᠠᠵᠢᠯ ᠤᠨ ᠪᠠᠶᠢᠷᠢᠰᠢᠯ ᠢ ᠪᠤᠢ ᠪᠤᠯᠭᠠᠵᠤ᠂ ᠪᠤᠰᠤᠳ ᠭᠠᠵᠠᠷ ᠣᠷᠣᠨ ᠢ ᠳᠠᠶᠢᠴᠢᠯᠠᠨ ᠱᠠᠲᠤ ᠳᠠᠷᠠᠭᠠᠯᠠᠨ ᠠᠬᠢᠭᠤᠯᠪᠠ᠃ ᠪᠦᠭᠦ ᠣᠷᠣᠨ ᠪᠦᠰᠡ ᠶᠢᠨ ᠲᠤᠷᠰᠢᠯᠲᠠ ᠪᠠᠷ ᠭᠤᠣᠯᠳᠠᠯᠭ᠎ᠠ ᠪᠣᠯᠭᠠᠨ ᠪᠦᠭᠦ ᠤᠯᠤᠰ ᠤᠨ ︽ᠲᠣᠮᠣ ᠲᠠᠷᠢᠶᠠᠨ ᠭᠠᠵᠠᠷ︾  ᠤᠨ ᠵᠢᠱᠢᠶ᠎ᠡ ᠦᠵᠡᠭᠦᠯᠭᠦ ᠠᠵᠢᠯ ᠢ ᠪᠦᠭᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠪᠠ᠃ ᠲᠤᠬᠠᠶᠢᠯᠠᠪᠠᠯ᠄ ᠲᠠᠯ᠎ᠠ ᠭᠠᠵᠠᠷ ᠲᠤ ︽ᠨᠢᠭᠡ ᠡᠷᠦᠭᠡ ᠳᠤ ᠨᠢᠭᠡ ᠳᠥᠷᠪᠡᠯᠵᠢᠨ ᠲᠠᠷᠢᠶ᠎ᠠ ᠲᠠᠢ ᠪᠠᠶᠢᠯᠭᠠᠬᠤ︾᠂ ᠠᠭᠤᠯᠠᠷᠬᠠᠭ ᠣᠷᠣᠨ ᠳᠤ ︽ᠨᠢᠭᠡ ᠡᠷᠦᠭᠡ ᠳᠤ ᠨᠢᠭᠡ ᠱᠠᠲᠤᠨ ᠲᠠᠷᠢᠶ᠎ᠠ ᠲᠠᠢ ᠪᠠᠶᠢᠯᠭᠠᠬᠤ︾᠂ ᠳᠣᠪᠣᠷᠬᠠᠭ ᠣᠷᠣᠨ ᠳᠤ ︽ᠨᠢᠭᠡ ᠡᠷᠦᠭᠡ ᠳᠤ ᠨᠢᠭᠡ ᠵᠤᠷᠪᠤᠰ ᠲᠠᠷᠢᠶ᠎ᠠ ᠲᠠᠢ ᠪᠠᠶᠢᠯᠭᠠᠬᠤ︾ ᠶᠢ ᠭᠦᠭᠵᠢᠭᠦᠯᠪᠡ᠃ ᠭᠠᠵᠠᠷ ᠳᠡᠭᠡᠷᠡᠬᠢ ᠤᠰᠤᠨ ᠤ ᠤᠰᠤᠯᠠᠯᠲᠠ ᠶᠢᠨ ᠣᠷᠣᠨ ᠳᠤ ᠶᠡᠭᠡ ᠤᠰᠤ ᠪᠠᠷ ᠨᠡᠯᠦ᠋ᠢᠲᠡᠯ᠎ᠡ ᠤᠰᠤᠯᠠᠬᠤ ᠶᠢ ᠪᠠᠭᠠᠰᠬᠠᠬᠤ᠂ ᠭᠠᠵᠠᠷ ᠳᠣᠣᠷᠠᠬᠢ ᠤᠰᠤᠨ ᠤ ᠤᠰᠤᠯᠠᠯᠲᠠ ᠶᠢᠨ ᠣᠷᠣᠨ ᠳᠤ ᠳᠤᠰᠤᠯᠭᠠᠨ ᠤᠰᠤᠯᠠᠯᠲᠠ ᠶᠢ ᠨᠡᠮᠡᠭᠳᠡᠭᠦᠯᠬᠦ᠂ ᠬᠠᠭᠤᠷᠠᠢ ᠲᠠᠷᠢᠶᠠᠯᠠᠭ᠎ᠠ ᠶᠢᠨ ᠣᠷᠣᠨ ᠳᠤ ᠤᠰᠤᠯᠠᠯᠲᠠ ᠶᠢ ᠨᠡᠮᠡᠵᠦ ᠨᠥᠬᠦᠪᠦᠷᠢᠯᠡᠬᠦ ︽ᠶᠡᠭᠡ ᠪᠠᠷ ᠤᠰᠤ ᠠᠷᠪᠢᠯᠠᠬᠤ︾ ᠶᠢ ᠭᠡᠷᠡᠭᠵᠢᠭᠦᠯᠪᠡ᠃ 2011 ᠣᠨ ᠠᠴᠠ ᠨᠠᠭᠠᠰᠢ ᠪᠦᠲᠦᠭᠡᠨ ᠪᠠᠶᠢᠭᠤᠯᠤᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠢ ᠨᠢᠭᠡᠳᠦᠯᠲᠡᠢ ᠬᠠᠮᠢᠶᠠᠷᠤᠨ ᠬᠠᠮᠠᠭᠠᠯᠠᠬᠤ ︽ᠶᠡᠭᠡ ᠬᠠᠮᠢᠶᠠᠷᠤᠯᠲᠠ ᠬᠠᠮᠠᠭᠠᠯᠠᠯᠲᠠ︾ ᠶᠢ ᠠᠬᠢᠭᠤᠯᠪᠠ᠃ 7 ᠶᠡᠭᠡ ᠲᠥᠷᠥᠯ ᠤᠨ 14 ᠵᠦᠢᠯ ᠤᠨ ᠨᠡᠶᠢᠲᠡᠯᠢᠭ ᠵᠠᠭᠪᠤᠷ ᠢ ᠪᠤᠢ ᠪᠣᠯᠭᠠᠨ ᠳᠡᠯᠭᠡᠷᠡᠭᠦᠯᠪᠡ᠃
 
ᠢᠷᠡᠯᠲᠡ᠄ ᠲᠤᠮᠳᠠᠳᠣ ᠣᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号