ᠵᠢᠦ  ᠶᠤᠸᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠵᠠᠯᠠᠭᠤᠴᠤᠳ ᠪᠠᠭᠠᠴᠤᠳ ᠤᠨ ︽ᠵᠢᠷᠭᠤᠭ᠎ᠠ ᠶᠢ  ᠰᠡᠷᠭᠡᠶᠢᠯᠡᠬᠦ︾ ᠬᠢᠴᠢᠶᠡᠯ ᠢ  ᠰᠤᠳᠤᠯᠤᠨ ᠨᠡᠭᠡᠭᠡᠵᠦ ᠳᠡᠯᠭᠡᠷᠡᠭᠦᠯᠬᠦ ᠠᠵᠢᠯ  ᠢᠯᠡᠳᠲᠡ  ᠦᠷ᠎ᠡ  ᠪᠦᠲᠦᠮᠵᠢ ᠣᠯᠪᠠ
ᠨᠡᠶᠢᠲᠡᠯᠡᠭᠰᠡᠨ ᠴᠠᠭ᠄
2024/10/25
    ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠦᠭᠰᠡᠨ ᠠᠴᠠ ᠨᠠᠰᠢ᠂ ᠵᠢᠦ ᠶᠤᠸᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠪᠠ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠤᠶᠠᠯᠳᠤᠭᠤᠯᠵᠤ ᠂ ᠪᠤᠭᠤᠲᠤ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ ᠠᠵᠢᠯ ᠤᠨ ᠪᠣᠳᠠᠲᠤ ᠪᠠᠶᠢᠳᠠᠯ ᠠᠴᠠ ᠡᠭᠦᠰᠴᠦ᠂ ᠨᠢᠭᠡ ᠰᠡᠳᠬᠢᠯ ᠨᠢᠭᠡ ᠵᠣᠷᠢᠭ ᠢᠶᠠᠷ ︽ᠵᠠᠯᠠᠭᠤ ᠨᠠᠰᠤ ᠪᠠᠨ ᠬᠠᠷᠠᠮᠰᠠᠯ ᠦᠭᠡᠢ᠂ ᠭᠡᠷ ᠪᠦᠯᠢ ᠰᠤᠷᠭᠠᠭᠤᠯᠢ ᠶᠢᠨ ᠵᠣᠪᠠᠨᠢᠯ ᠢ ᠰᠢᠢᠳᠪᠦᠷᠢᠯᠡᠬᠦ  — — ᠵᠠᠯᠠᠭᠤᠴᠤᠳ ᠪᠠᠭᠠᠴᠤᠳ ᠤᠨ ︿ᠵᠢᠷᠭᠤᠭ᠎ᠠ ᠶᠢ ᠰᠡᠷᠭᠡᠶᠢᠯᠡᠬᠦ ﹀  ᠬᠢᠴᠢᠶᠡᠯ︾ ᠢ ᠰᠤᠳᠤᠯᠤᠨ ᠨᠡᠭᠡᠭᠡᠵᠡᠢ᠃ ︽ᠵᠢᠷᠭᠤᠭ᠎ᠠ ᠶᠢ ᠰᠡᠷᠭᠡᠶᠢᠯᠡᠬᠦ︾ ᠬᠢᠴᠢᠶᠡᠯ ᠤᠨ ᠠᠭᠤᠯᠭ᠎ᠠ  ᠨᠢ᠂ ᠵᠠᠯᠠᠭᠤᠴᠤᠳ ᠪᠠᠭᠠᠴᠤᠳ ᠤᠨ  ᠰᠤᠷᠬᠤ ᠳᠤᠷ᠎ᠠ ᠪᠠᠬ᠎ᠠ ᠦᠭᠡᠢ ᠪᠤᠯᠬᠤ ᠶᠢ ᠰᠡᠷᠭᠡᠶᠢᠯᠡᠬᠦ ᠂ ᠵᠠᠯᠠᠭᠤᠴᠤᠳ ᠪᠠᠭᠠᠴᠤᠳ ᠤᠨ ᠰᠦᠯᠵᠢᠶᠡᠨ ᠤ ᠰᠢᠨᠤᠯ ᠡᠭᠦᠰᠬᠦ ᠶᠢ ᠰᠡᠷᠭᠡᠶᠢᠯᠡᠬᠦ᠂  ᠵᠠᠯᠠᠭᠤᠴᠤᠳ ᠪᠠᠭᠠᠴᠤᠳ ᠤᠨ ᠪᠡᠯᠭᠡ ᠶᠢᠨ ᠬᠠᠯᠳᠠᠯᠭ᠎ᠠ ᠳᠤ ᠤᠴᠠᠷᠠᠬᠤ ᠶᠢ ᠰᠡᠷᠭᠡᠶᠢᠯᠡᠬᠦ᠂ ᠵᠠᠯᠠᠭᠤᠴᠤᠳ ᠪᠠᠭᠠᠴᠤᠳ ᠤᠨ ᠱᠠᠯᠢᠭ ᠵᠠᠪᠬᠠᠢ ᠵᠣᠭᠤᠰ ᠨᠠᠭᠠᠳᠬᠤ ᠬᠤᠣᠷᠲᠤ ᠡᠳ᠋  ᠪᠠ ᠠᠶᠢᠽ ᠡᠪᠡᠳᠴᠢᠨ ᠢ ᠰᠡᠷᠭᠡᠶᠢᠯᠡᠬᠦ᠂ ᠵᠠᠯᠠᠭᠤᠴᠤᠳ ᠪᠠᠭᠠᠴᠤᠳ ᠤᠨ  ᠰᠡᠳᠬᠢᠯ  ᠬᠥᠭᠰᠡᠨ ᠦᠪᠡᠷ ᠢ ᠪᠠᠶᠢᠨ ᠦᠭᠡᠶᠢᠬᠢᠬᠦ ᠶᠢ ᠰᠡᠷᠭᠡᠶᠢᠯᠡᠬᠦ᠂ ᠭᠠᠵᠢᠭᠤ ᠨᠣᠮᠯᠠᠯ ᠤᠨ ᠵᠠᠯᠠᠭᠤᠴᠤᠳ ᠪᠠᠭᠠᠴᠤᠳ ᠢ ᠬᠤᠣᠷᠯᠠᠨ ᠬᠥᠨᠥᠭᠡᠬᠦ ᠶᠢ ᠰᠡᠷᠭᠡᠶᠢᠯᠡᠬᠦ ᠵᠡᠷᠭᠡ ᠵᠢᠷᠭᠤᠭᠠᠨ ᠬᠦᠷᠢᠶ᠎ᠡ ᠶᠢ ᠬᠠᠮᠤᠷᠪᠠ᠃  ᠲᠤᠰ ᠰᠢᠷᠢᠰ ᠬᠢᠴᠢᠶᠡᠯ ᠨᠢ ︽ᠤᠯᠤᠰ ᠢᠶᠠᠨ ᠬᠠᠶᠢᠷᠠᠯᠠᠬᠤ +ᠬᠠᠤᠯᠢ ᠳᠦᠷᠢᠮ + ᠰᠡᠳᠬᠢᠴᠡ ᠶᠢᠨ ᠡᠷᠡᠭᠦᠯ ᠮᠡᠨᠳᠦ︾ ᠪᠠᠷ ᠭᠤᠣᠯ ᠰᠡᠳᠦᠪ ᠪᠣᠯᠭᠠᠵᠤ᠂ ᠶᠡᠭᠡ ᠬᠡᠮᠵᠢᠶᠡᠨ ᠤ ᠬᠡᠷᠡᠭ ᠤᠨ ᠵᠢᠱᠢᠶ᠎ᠡ ᠪᠠᠷ ᠬᠠᠪᠰᠤᠷᠤᠮᠵᠢ ᠪᠣᠯᠭᠠᠵᠤ᠂ ᠵᠠᠯᠠᠭᠤᠴᠤᠳ ᠪᠠᠭᠠᠴᠤᠳ ᠤᠨ ᠦᠵᠡᠵᠦ ᠰᠣᠨᠢᠷᠬᠠᠬᠤ ᠳᠤᠷᠠᠲᠠᠢ ᠬᠡᠯᠪᠡᠷᠢ ᠮᠠᠶ᠋ᠢᠭ ᠪᠠ ᠦᠭᠡ ᠬᠡᠯᠡ ᠪᠠᠷ ᠲᠠᠶᠢᠯᠤᠮᠵᠢ ᠬᠢᠵᠦ᠂ ᠪᠤᠭᠤᠲᠤ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ ᠥᠷᠭᠡᠨ ᠣᠯᠠᠨ ᠪᠠᠭᠰᠢ ᠰᠤᠷᠤᠭᠴᠢᠳ ᠲᠤ ᠨᠡᠶᠢᠳᠡᠮ ᠮᠡᠳᠡᠷᠡᠭᠳᠡᠭᠰᠡᠨ  ᠪᠦᠬᠡᠳ ᠬᠠᠯᠠᠭᠤᠨ ᠬᠦᠷᠢᠶᠡᠯᠡᠯ ᠢ ᠣᠯᠤᠭᠰᠠᠨ ᠪᠠᠶᠢᠨ᠎ᠠ᠃ ᠲᠤᠰ ᠰᠢᠷᠢᠰ ᠬᠢᠴᠢᠶᠡᠯ ᠨᠢ ᠨᠢᠭᠡᠨᠲᠡ ᠬᠦᠷᠢᠶᠡᠯᠡᠩ ᠲᠣᠭᠤᠷᠢᠭ ᠤᠨ ᠡᠯ᠎ᠡ ᠰᠤᠷᠭᠠᠭᠤᠯᠢ᠂ ᠪᠤᠭᠤᠲᠤ ᠶᠢᠨ ᠦᠢᠯᠡᠳᠦᠯᠭᠡ ᠬᠥᠮᠦᠵᠢᠯ ᠤᠨ ᠰᠠᠭᠤᠷᠢᠨ ᠭᠠᠵᠠᠷ ᠲᠤ 30 ᠭᠠᠷᠤᠢ ᠲᠠᠯᠠᠪᠤᠷ ᠲᠠᠶᠢᠯᠤᠮᠵᠢ ᠬᠢᠵᠡᠢ᠂ ᠡᠭᠦᠨ ᠳᠤ᠄ 2024 ᠣᠨ ᠤ 9 ᠰᠠᠷ᠎ᠠ ᠶᠢᠨ 20 ᠤ ᠡᠳᠦᠷ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ 8000 ᠭᠠᠷᠤᠢ ᠪᠠᠭᠰᠢ ᠰᠤᠷᠤᠭᠴᠢ᠂ ᠺᠠᠳ᠋ᠷ ᠲᠤ ᠤᠬᠠᠭᠤᠯᠤᠨ ᠲᠠᠶᠢᠯᠪᠤᠷᠢᠯᠠᠵᠤ᠂ ᠮᠠᠰᠢ ᠰᠠᠶᠢᠨ ᠬᠠᠤᠯᠢ ᠲᠦᠭᠡᠮᠡᠯᠵᠢᠭᠦᠯᠬᠦ ᠦᠷ᠎ᠡ ᠪᠦᠲᠦᠮᠵᠢ ᠣᠯᠪᠠ᠃
图片1111.jpg
    ︽ᠵᠢᠷᠭᠤᠭ᠎ᠠ ᠶᠢ ᠰᠡᠷᠭᠡᠶᠢᠯᠡᠬᠦ︾ ᠬᠢᠴᠢᠶᠡᠯ ᠨᠢ ᠪᠠᠰᠠ  ᠲᠤᠭᠤᠷᠢᠭ ᠤᠨ ᠳᠣᠲᠣᠷ᠎ᠠ ᠭᠠᠳᠠᠨᠠᠬᠢ ᠠᠵᠢᠯ ᠲᠥᠷᠥᠯ ᠤᠨ ᠳᠡᠭᠡᠳᠦ ᠬᠡᠮᠵᠢᠶᠡᠨ ᠤ ᠠᠩᠬᠠᠷᠤᠯ ᠪᠠ  ᠨᠤᠳᠠᠯᠠᠯᠳᠠ ᠶᠢ ᠣᠯᠵᠤ᠂ ᠥᠪᠡᠷᠲᠡᠭᠡᠨ ᠵᠠᠰᠠᠬᠤ ᠣᠷᠣᠨ ᠤ ᠭᠤᠣᠯᠯᠠᠭᠴᠢ ᠪᠠᠭᠰᠢ ᠶᠢ ᠪᠣᠯᠪᠠᠰᠤᠷᠠᠭᠤᠯᠬᠤ ᠭᠤᠣᠯ ᠠᠭᠤᠯᠭ᠎ᠠ ᠶᠢᠨ ᠨᠢᠭᠡ ᠪᠣᠯᠵᠤ ᠥᠩᠭᠡᠷᠡᠵᠡᠢ᠃ 2021 ᠣᠨ ᠳᠤ ᠥᠪᠡᠷᠲᠡᠭᠡᠨ ᠵᠠᠰᠠᠬᠤ ᠣᠷᠣᠨ ᠤ ᠡᠪᠯᠡᠯ ᠤᠨ  ᠬᠤᠷᠢᠶᠠᠨ  ᠤ  ᠰᠡᠳᠦᠪ ᠤᠨ ᠳᠡᠮᠵᠢᠯᠭᠡ ᠶᠢ ᠣᠯᠵᠤ᠂ ᠨᠢᠭᠡ ᠵᠢᠯ  ᠤᠨ ᠬᠤᠭᠤᠴᠠᠭ᠎ᠠ ᠶᠢ ᠵᠠᠷᠤᠴᠠᠭᠤᠯᠤᠨ ︽ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠵᠠᠯᠠᠭᠤᠴᠤᠳ ᠪᠠᠭᠠᠴᠤᠳ ᠤᠨ ᠰᠦᠯᠵᠢᠶᠡᠨ ᠳᠤ ᠰᠢᠨᠤᠬᠠᠶᠢᠷᠠᠬᠤ ᠦᠵᠡᠭᠳᠡᠯ ᠢ ᠰᠤᠳᠤᠯᠬᠤ ᠪᠠ ᠠᠷᠭᠠᠴᠠᠬᠤ ᠪᠣᠳᠣᠯᠭ᠎ᠠ︾ ᠶᠢᠨ ᠰᠡᠳᠦᠪ ᠤᠨ ᠰᠤᠳᠤᠯᠭᠠᠨ ᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠡᠨᠡ ᠲᠠᠯ᠎ᠠ ᠪᠠᠷ ᠬᠢ ᠠᠵᠢᠯ ᠤᠨ  ᠬᠤᠮᠰᠠᠯ ᠢ ᠨᠥᠬᠦᠪᠥᠷᠢᠯᠡᠵᠦ᠂ ᠥᠪᠡᠷᠲᠡᠭᠡᠨ ᠵᠠᠰᠠᠬᠤ ᠣᠷᠣᠨ ᠤ ᠡᠪᠯᠡᠯ ᠤᠨ  ᠬᠤᠷᠢᠶᠠᠨ  ᠤ  ᠰᠠᠶᠢᠨ ᠦᠨᠡᠯᠡᠯᠲᠡ ᠶᠢ ᠣᠯᠪᠠ᠃
图片2222.jpg
    ᠰᠢᠷᠭᠠᠭᠤ ᠬᠠᠲᠠᠭᠤᠵᠢᠯᠲᠠᠢ ᠠᠵᠢᠯ ᠨᠢ ᠪᠤᠭᠤᠲᠤ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠪᠣᠯᠤᠨ ᠡᠯ᠎ᠡ ᠶᠡᠭᠡ ᠳᠡᠭᠡᠳᠦ ᠰᠤᠷᠭᠠᠭᠤᠯᠢ ᠶᠢᠨ ᠭᠦᠢᠴᠡᠳ ᠨᠤᠲᠠᠯᠠᠯᠲᠠ ᠶᠢ ᠣᠯᠵᠠᠢ᠃ 2018 ᠣᠨ ᠠᠴᠠ ᠨᠠᠭᠠᠰᠢ᠂ ᠪᠤᠭᠤᠲᠤ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ  ᠡᠴᠨ‌ᠵᠢᠦ ᠶᠤᠸᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠪᠤᠭᠤᠲᠤ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠲᠤ ᠰᠠᠭᠤᠭ᠎ᠠ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠯᠠᠬᠤ ᠲᠠᠰᠤᠭ  ᠲᠤ ︽ᠬᠠᠶᠢᠷ᠎ᠠ ᠬᠠᠯᠠᠮᠵᠢ ᠶᠢᠨ ᠦᠢᠯᠡᠴᠢᠯᠡᠭᠡᠨ ᠤ ᠲᠡᠷᠢᠭᠦᠨ ᠤ ᠨᠢᠭᠡᠴᠢ︾ ᠂ ︽ᠬᠠᠤᠯᠢ ᠴᠠᠭᠠᠵᠠ ᠶᠢᠨ ᠲᠤᠰᠠᠯᠠᠮᠵᠢ ᠵᠢᠴᠢ ᠰᠡᠳᠬᠢᠴᠡ ᠶᠢᠨ ᠵᠢᠯᠣᠭᠤᠳᠣᠯᠭ᠎ᠠ ᠶᠢᠨ ᠰᠢᠯᠢᠳᠡᠭ ᠨᠢᠭᠡᠴᠡ︾ ᠵᠡᠷᠭᠡ ᠣᠯᠠᠨ ᠵᠦᠢᠯ ᠤᠨ ᠢᠷᠠᠭᠤ ᠠᠯᠳᠠᠷ ᠤᠨ ᠴᠣᠯᠠ ᠣᠯᠭᠤᠪᠠ᠃       
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号