ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠡᠷᠢᠯᠬᠢᠯᠡᠨ  ᠠᠯᠬᠤᠭ᠎ᠠ ᠵᠣᠷᠢᠭ ᠨᠢᠭᠡᠳᠡᠢ ᠪᠠᠷ  ᠰᠢᠨ᠎ᠡ  ᠬᠠᠭᠤᠳᠠᠰᠤ ᠶᠢ ᠪᠢᠴᠢᠭ᠊
ᠨᠡᠶᠢᠲᠡᠯᠡᠭᠰᠡᠨ ᠴᠠᠭ᠄
2024/10/25
    ᠬᠠᠮᠲᠤᠪᠠᠷ ᠡᠭᠦᠳᠦᠨ ᠪᠠᠶᠢᠭᠤᠯᠬᠤ ᠬᠦᠴᠦᠨ ᠢ ᠨᠢᠭᠲᠠᠷᠠᠭᠤᠯᠵᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠰᠢᠨ᠎ᠡ ᠵᠠᠭᠪᠤᠷ ᠢ ᠢᠳᠡᠪᠬᠢᠲᠡᠢ ᠬᠠᠶᠢᠨ  ᠰᠦᠪᠡᠭᠴᠢᠯᠡᠬᠦ ᠶᠢᠨ ᠲᠦᠯᠦᠭᠡ᠂ 10 ᠰᠠᠷ᠎ᠠ ᠶᠢᠨ 24 ᠤ ᠡᠳᠦᠷ᠂ ᠰᠢᠩ ᠶᠤᠸᠠᠨ ᠨᠡᠶᠢᠭᠡᠮ ᠲᠣᠭᠤᠷᠢᠭ ᠪᠣᠯᠤᠨ ᠬᠠᠮᠲᠤᠪᠠᠷ ᠪᠠᠶᠢᠭᠤᠯᠬᠤ ᠨᠢᠭᠡᠴᠡ ᠪᠣᠯᠬᠤ ᠬᠤᠲᠠ ᠶᠢᠨ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠪᠦᠯᠦᠭᠯᠡᠯ ᠺᠣᠮᠫᠠᠨᠢ  ᠲᠠᠢ ᠬᠠᠮᠲᠤᠷᠠᠨ ︽ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠡᠷᠢᠯᠬᠢᠯᠡᠵᠦ᠂  ᠠᠯᠬᠤᠭ᠎ᠠ ᠵᠣᠷᠢᠭ ᠨᠢᠭᠡᠳᠡᠢ ᠪᠠᠷ ᠰᠢᠨ᠎ᠡ ᠬᠠᠭᠤᠳᠠᠰᠤ ᠶᠢ ᠪᠢᠴᠢᠭᠯᠡᠬᠦ︾  ᠰᠡᠳᠥᠪ ᠢᠶᠠᠷ ᠶᠠᠷᠢᠯᠴᠠᠭᠠᠨ  ᠤ ᠬᠤᠷᠠᠯ ᠡᠷᠬᠢᠯᠡᠪᠡ᠃  ᠦᠨᠳᠦᠰᠦᠨ ᠵᠣᠷᠢᠯᠭ᠎ᠠ ᠨᠢ ᠬᠠᠮᠲᠤ ᠪᠠᠷ ᠪᠠᠶᠢᠭᠤᠯᠬᠤ  ᠨᠢᠭᠡᠴᠡ ᠲᠠᠢ ᠭᠠᠷ ᠬᠤᠯᠪᠣᠯᠴᠠᠬᠤ ᠪᠠᠷ ᠳᠠᠮᠵᠢᠭᠤᠯᠤᠨ᠂ ᠪᠦᠲᠦᠮᠵᠢᠲᠡᠢ ᠪᠠᠷ ᠬᠥᠳᠡᠯᠦᠯᠴᠡᠬᠦ᠂  ᠢᠵᠢᠯᠢ ᠴᠢᠭᠯᠡᠯ ᠢᠶᠠᠷ ᠬᠦᠴᠦᠯᠡᠬᠦ ᠶᠢ ᠪᠡᠶᠡᠯᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠤᠨ ᠴᠣ ᠰᠢᠨ᠎ᠡ ᠪᠠᠶᠢᠷᠢᠰᠢᠯ  ᠢ ᠲᠠᠰᠤᠷᠠᠯᠲᠠ ᠥᠬᠡᠶ  ᠡᠭᠦᠳᠦᠨ ᠪᠦᠳᠦᠭᠡᠬᠦ ᠶᠢᠨ ᠲᠥᠯᠥᠭᠡ ᠶᠤᠮ᠃    ᠶᠠᠷᠢᠯᠴᠠᠭᠠᠨ  ᠤ ᠬᠤᠷᠠᠯ ᠳᠡᠭᠡᠷ᠎ᠡ᠂ ᠰᠢᠩ ᠶᠤᠸᠠᠨ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠬᠠᠮᠲᠤᠪᠠᠷ ᠪᠠᠶᠢᠭᠤᠯᠬᠤ ᠨᠢᠭᠡᠴᠡ  ᠠᠴᠠ ᠨᠡᠶᠢᠭᠡᠮ ᠲᠣᠭᠤᠷᠢᠭ ᠤᠨ ᠡᠯ᠎ᠡ ᠵᠦᠢᠯ ᠤᠨ ᠠᠵᠢᠯ ᠢ ᠳᠡᠮᠵᠢᠭᠰᠡᠭᠡᠷ ᠢᠷᠡᠭᠰᠡᠨ ᠪᠠ ᠬᠠᠪᠰᠤᠷᠤᠨ ᠲᠡᠳᠬᠦᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ᠂ ᠨᠡᠶᠢᠭᠡᠮ ᠲᠣᠭᠤᠷᠢᠭ ᠤᠨ ᠣᠳᠣᠬᠠᠨ ᠤ ᠭᠤᠣᠯᠳᠠᠯᠭ᠎ᠠ ᠲᠠᠢ ᠠᠵᠢᠯ  ᠪᠣᠯᠬᠤ ᠵᠠᠭᠠᠯᠳᠤᠯᠭ᠎ᠠ ᠶᠢ ᠬᠦᠯᠢᠶᠡᠨ ᠠᠪᠤᠮᠠᠭᠴᠠ ᠰᠢᠢᠳᠪᠦᠷᠢᠯᠡᠬᠦ᠂ ᠰᠠᠭᠤᠭᠠᠯᠢ ᠲᠣᠭᠤᠷᠢᠭ ᠢ ᠵᠠᠰᠠᠬᠤ ᠪᠠ ᠬᠤᠭ ᠨᠣᠪᠰᠢ ᠶᠢ ᠲᠥᠷᠥᠯ ᠬᠤᠪᠢᠶᠠᠬᠤ ᠵᠡᠷᠭᠡ ᠠᠵᠢᠯ ᠵᠢᠴᠢ ᠠᠵᠢᠯ ᠢᠶᠠᠨ ᠥᠷᠨᠢᠭᠦᠯᠬᠦ ᠳᠤᠮᠳᠠ  ᠲᠤᠯᠭᠠᠷᠠᠭᠰᠠᠨ ᠰᠢᠨ᠎ᠡ ᠠᠰᠠᠭᠤᠳᠠᠯ ᠰᠢᠨ᠎ᠡ ᠬᠦᠴᠢᠷᠳᠡᠯ ᠢ ᠲᠠᠨᠢᠯᠴᠠᠭᠤᠯᠵᠤ ᠂ ᠳᠠᠷᠠᠭᠠᠴᠢ ᠶᠢᠨ ᠱᠠᠲᠤᠨ ᠤ ᠬᠠᠮᠲᠤᠪᠠᠷ ᠪᠠᠶᠢᠭᠤᠯᠬᠤ  ᠰᠡᠳᠬᠢᠮᠵᠢ  ᠪᠠ ᠠᠷᠭ᠎ᠠ  ᠪᠠᠷᠢᠯ ᠤᠨ ᠲᠤᠬᠠᠢ ᠶᠠᠷᠢᠯᠴᠠᠪᠠ᠃    ᠬᠤᠲᠠ ᠶᠢᠨ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠪᠦᠯᠦᠭᠯᠡᠯ ᠺᠣᠮᠫᠠᠨᠢ ᠶᠢᠨ ᠬᠠᠷᠢᠭᠤᠴᠠᠯᠭᠠᠲᠠᠨ ᠲᠤᠰ ᠪᠡᠶ᠎ᠡ ᠶᠢᠨ ᠳᠠᠪᠠᠭᠤᠯᠢᠭ ᠣᠨᠴᠠᠯᠢᠭ ᠲᠠᠢ ᠪᠠᠨ ᠤᠶᠠᠯᠳᠤᠭᠤᠯᠤᠨ ᠨᠡᠶᠢᠭᠡᠮ ᠲᠣᠭᠤᠷᠢᠭ ᠲᠤ ᠶᠠᠮᠠᠷ ᠡᠬᠢ ᠪᠠᠶᠠᠯᠢᠭ ᠵᠢᠴᠢ ᠬᠠᠪᠰᠤᠷᠤᠯᠭ᠎ᠠ ᠬᠠᠩᠭᠠᠵᠤ ᠳᠡᠶᠢᠯᠬᠦ ᠲᠡᠷᠡᠴᠢᠯᠡᠨ ᠳᠠᠷᠠᠭᠠᠴᠢ ᠶᠢᠨ ᠠᠯᠬᠤᠮ ᠤᠨ ᠨᠠᠮ ᠤᠨ ᠪᠠᠶᠢᠭᠤᠯᠤᠯᠲᠠ ᠶᠢᠨ ᠬᠠᠮᠲᠤᠷᠠᠨ ᠪᠠᠶᠢᠭᠤᠯᠬᠤ ᠠᠵᠢᠯᠯᠠᠭ᠎ᠠ ᠶᠢ ᠬᠡᠷᠬᠢᠨ ᠥᠷᠨᠢᠭᠦᠯᠬᠦ ᠳᠤ ᠬᠠᠮᠲᠤ ᠶᠢᠨ ᠲᠠᠨᠢᠯᠲᠠ ᠲᠠᠢ  ᠪᠣᠯᠪᠠ᠃ ᠨᠢᠭᠡ ᠳᠤ᠂ ᠬᠠᠮᠲᠤ ᠪᠠᠷ ᠪᠠᠶᠢᠭᠤᠯᠬᠤ ᠠᠵᠢᠯᠯᠠᠭ᠎ᠠ ᠶᠢ ︽ᠨᠠᠷᠢᠯᠢᠭ ᠪᠣᠯᠭᠠᠬᠤ︾᠂ ᠣᠯᠠᠨ ᠲᠦᠮᠡᠨ ᠳᠤ ᠦᠢᠯᠡᠴᠢᠯᠡᠬᠦ ᠶᠢ ︽ᠪᠣᠳᠠᠲᠠᠶᠢᠵᠢᠭᠤᠯᠬᠤ︾᠂ ᠠᠵᠢᠯ ᠤᠨ ᠠᠷᠭ᠎ᠠ ᠶᠢ ︽ᠠᠮᠢᠳᠤᠯᠢᠭ ᠪᠠᠶᠢᠯᠭᠠᠵᠤ︾ ᠂ ᠣᠯᠠᠨ ᠲᠦᠮᠡᠨ ᠳᠤ ᠦᠢᠯᠡᠴᠢᠯᠡᠬᠦ ᠡᠨᠡ ᠬᠦ ᠭᠤᠣᠯᠳᠠᠯᠭ᠎ᠠ ᠶᠢ ᠢᠮᠠᠭᠲᠠ ᠡᠵᠡᠮᠳᠡᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠨᠡᠶᠢᠭᠡᠮ ᠲᠣᠭᠤᠷᠢᠭ ᠢ ᠬᠠᠮᠲᠤ ᠪᠠᠷ ᠪᠠᠶᠢᠭᠤᠯᠬᠤ ᠠᠴᠠ ᠪᠣᠯᠤᠭᠰᠠᠨ ᠬᠠᠯᠠᠭᠤᠨ ᠰᠡᠳᠬᠢᠯᠭᠡ ᠶᠢ ᠦᠨᠡᠨ ᠬᠦ ᠮᠡᠳᠡᠷᠡᠭᠦᠯᠬᠦ ᠬᠡᠷᠡᠭᠲᠡᠢ︔ ᠬᠤᠶᠠᠷ ᠲᠤ ᠲᠣᠭᠲᠠᠮᠠᠯ ᠬᠤᠭᠤᠴᠠᠭ᠎ᠠ ᠲᠠᠢ ᠪᠠᠷ ᠶᠠᠷᠢᠯᠴᠠᠨ ᠰᠣᠯᠢᠯᠴᠠᠬᠤ ᠶᠢ ᠥᠷᠨᠢᠭᠦᠯᠵᠦ᠂ ᠬᠠᠷᠢᠯᠴᠠᠭ᠎ᠠ ᠨᠡᠪᠲᠡᠷᠡᠯᠴᠡᠭᠡ ᠪᠠᠨ ᠴᠢᠩᠭᠠᠳᠬᠠᠨ᠂ ᠰᠠᠨᠠᠯ ᠰᠠᠨᠠᠭᠤᠯᠭ᠎ᠠ ᠪᠠᠨ‌ᠬᠠᠷᠢᠯᠴᠠᠨ ᠬᠤᠷᠢᠶᠠᠵᠤ᠂ ᠣᠯᠠᠨ ᠲᠦᠮᠡᠨ ᠤ ᠬᠦᠰᠡᠨ ᠡᠷᠡᠮᠡᠯᠵᠡᠵᠦ ᠪᠠᠶᠢᠭ᠎ᠠ ᠪᠣᠳᠠᠲᠤ ᠶᠠᠪᠤᠳᠠᠯ ᠢ ᠬᠠᠮᠲᠤ ᠪᠠᠷ ᠰᠤᠳᠤᠯᠤᠨ ᠰᠢᠢᠳᠪᠦᠷᠢᠯᠡᠵᠦ᠂ ᠬᠠᠮᠲᠤ ᠪᠠᠷ ᠰᠠᠭᠤᠵᠤ ᠬᠠᠮᠲᠤ ᠪᠠᠷ ᠪᠠᠶᠢᠭᠤᠯᠬᠤ ᠦᠢᠯᠡᠴᠢᠯᠡᠭᠡ ᠶᠢ   ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠬᠤᠯᠪᠣᠭᠠᠯᠠᠨ  ᠪᠠᠶᠢᠭᠤᠯᠤᠭᠰᠠᠨ ᠪᠣᠳᠠᠲᠤ ᠦᠷ᠎ᠡ ᠪᠦᠲᠦᠮᠵᠢ  ᠶᠢ ᠦᠨᠡᠨ ᠬᠦ ᠪᠠᠲᠤᠯᠠᠬᠤ ᠬᠡᠷᠡᠭᠲᠡᠢ᠃    ᠲᠤᠰ ᠶᠠᠷᠢᠯᠴᠠᠭᠠᠨ ᠤ ᠬᠤᠷᠠᠯ ᠢᠶᠠᠷ ᠳᠠᠮᠵᠢᠨ᠂ ᠬᠠᠮᠲᠤ ᠪᠠᠷ ᠪᠠᠶᠢᠭᠤᠯᠬᠤ  ᠨᠢᠭᠡᠴᠡ ᠶᠢᠨ ᠬᠢᠨ ᠤ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠢᠳᠡᠪᠬᠢᠵᠢᠯ ᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ᠃ ᠳᠠᠷᠠᠭᠠᠴᠢ ᠶᠢᠨ ᠠᠯᠬᠤᠮ ᠳᠤ᠂ ᠰᠢᠩ ᠶᠤᠸᠠᠨ ᠨᠡᠶᠢᠭᠡᠮ ᠲᠣᠭᠤᠷᠢᠭ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ᠂ ᠦᠨᠳᠦᠰᠦᠨ ᠱᠠᠲᠤᠨ ᠤ ᠵᠠᠰᠠᠯᠲᠠ ᠶᠢᠨ ︽ᠪᠠᠭᠤᠷᠠᠢ ᠴᠡᠭ︾ ᠢ  ᠣᠨᠢᠯᠠᠵᠤ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠬᠦᠴᠢᠷᠳᠡᠯ  ᠪᠠᠶᠢᠪᠠᠯ ᠬᠠᠷᠢᠯᠴᠠᠨ ᠬᠠᠪᠰᠤᠷᠬᠤ ᠶᠢ ᠢᠳᠡᠪᠬᠢᠲᠡᠢ ᠪᠡᠶᠡᠯᠡᠭᠦᠯᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠦᠴᠢᠷ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠪᠣᠳᠠᠲᠠᠢ ᠠᠵᠢᠯ ᠬᠢᠵᠦ᠂ ᠨᠡᠩ ᠪᠦᠷᠢᠨ ᠲᠡᠭᠦᠯᠳᠡᠷ ᠦᠢᠯᠡᠴᠢᠯᠡᠭᠡ ᠬᠠᠩᠭᠠᠬᠤ ᠪᠣᠯᠤᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号