ᠡᠨᠡ ᠵᠢᠯ ᠠᠴᠠ ᠨᠠᠰᠢ᠂ ᠵᠢᠥ ᠶᠤᠸᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠪᠣᠯᠤᠨ ᠲᠤᠭ᠎ᠠ | ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠭᠦᠨᠵᠡᠭᠡᠶ ᠠᠬᠢᠭᠤᠯᠵᠤ᠂ ᠠᠵᠤ ᠠᠬᠤᠶᠢᠯᠠᠯ ᠪᠣᠯᠤᠨ ᠣᠯᠠᠨ | ᠲᠦᠮᠡᠨ ᠤ ᠬᠠᠷᠠᠭᠠᠰᠤ ᠠᠴᠠ ᠡᠭᠦᠰᠴᠦ᠂ ᠪᠦᠬᠦᠯᠢ ᠴᠣᠭᠴᠠ ᠶᠢᠨ ᠵᠢᠷᠤᠭ ᠲᠥᠯᠥᠪᠯᠡᠭᠡ ᠶᠢ ᠴᠢᠩᠭᠠᠳᠬᠠᠨ᠂ | ᠵᠠᠭᠪᠤᠷ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ | ᠠᠭᠤᠰᠤᠯᠴᠠᠭᠤᠯᠤᠨ ᠬᠥᠭᠵᠢᠭᠦᠯᠬᠦ ᠶᠢ ᠨᠢᠭᠡᠳᠦᠯᠲᠡᠶ ᠲᠥᠯᠥᠪᠯᠡᠨ᠂ ᠠᠵᠤ ᠠᠬᠤᠶᠢᠯᠠᠯ ᠳᠤ ᠠᠰᠢᠭᠲᠠᠶ ᠠᠷᠠᠳ ᠲᠤ | ᠲᠥᠬᠦᠮ ᠦᠵᠡᠭᠦᠯᠬᠦ ᠠᠯᠢ ᠣᠯᠠᠨ ᠠᠷᠭ᠎ᠠ ᠬᠡᠮᠵᠢᠶ᠎ᠡ ᠶᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠣᠯᠠᠨ | ᠲᠦᠮᠡᠨ ᠤ ᠬᠠᠨᠤᠮᠵᠢ ᠶᠢᠨ ᠬᠡᠮᠵᠢᠶ᠎ᠡ ᠪᠣᠯᠤᠨ ᠵᠣᠯ ᠵᠢᠷᠭᠠᠯ ᠤᠨ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃ | ᠦᠢᠯᠡᠴᠢᠯᠡᠭᠡᠨ ᠤ ᠭᠤᠣᠯᠳᠠᠯᠭ᠎ᠠ ᠶᠢ ᠡᠵᠡᠮᠰᠢᠵᠣ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠥᠷᠭᠡᠳᠭᠡᠬᠦ | ︽ᠤᠳᠤ ᠬᠡᠷᠡᠭ ᠰᠢᠢᠳᠪᠦᠷᠢᠯᠡᠬᠦ ᠨᠢ ᠬᠡᠳᠦᠢ ᠬᠤᠯᠠ ᠴᠤ ᠵᠠᠶᠢᠳᠠᠬᠤ ᠬᠡᠷᠡᠭ ᠦᠭᠡᠢ ᠪᠣᠯᠵᠠᠶ᠂ ᠭᠡᠷ ᠤᠨ | ᠡᠭᠦᠳᠡᠨ ᠳᠤ ᠬᠢᠪᠡᠯ ᠪᠣᠯᠴᠢᠬᠠᠨ᠎ᠠ︾᠃ ᠡᠨᠡ ᠪᠣᠯ ᠣᠶᠢᠷ᠎ᠠ ᠶᠢᠨ ᠵᠢᠯ ᠤᠳ ᠠᠴᠠ ᠨᠠᠭᠠᠰᠢᠬᠢ ᠤᠯᠠᠨ ᠲᠦᠮᠡᠨ ᠤ | ᠲᠦᠷᠦᠭᠳᠡᠯ ᠪᠣᠯᠤᠨ᠎ᠠ᠃ | ᠣᠶᠢᠷ᠎ᠠ ᠶᠢᠨ ᠵᠢᠯ ᠠᠴᠠ᠂ ᠲᠣᠭᠤᠷᠢᠭ ᠤᠨ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠲᠣᠪᠴᠢᠶ᠎ᠠ ︽ | ᠣᠷᠣᠭᠤᠯᠬᠤ ᠶᠣᠰᠣᠲᠠᠶ ᠶᠢ ᠨᠢ ᠵᠠᠪᠠᠯ ᠣᠷᠣᠭᠤᠯᠬᠤ︾ ᠠᠵᠢᠯ ᠢ ᠦᠷᠭᠦᠯᠵᠢᠯᠡᠨ ᠠᠬᠢᠭᠤᠯᠵᠤ᠂ ᠨᠡᠶᠢᠲᠡ 1604 | ᠵᠦᠢᠯ ᠤᠨ ︽ᠣᠷᠣᠭᠤᠯᠬᠤ ᠶᠣᠰᠣᠲᠠᠶ ᠶᠢ ᠨᠢ ᠵᠠᠪᠠᠯ ᠣᠷᠣᠭᠤᠯᠬᠤ︾ ᠵᠦᠢᠯᠡᠰ ᠢ ᠡᠮᠬᠢᠯᠡᠨ ᠪᠡᠶᠡᠯᠡᠭᠦᠯᠦᠭᠰᠡᠨ | ᠪᠥᠭᠡᠳ ᠨᠢᠭᠡᠨᠲᠡ ᠪᠦᠬᠦᠨ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠣᠷᠣᠵᠤ ᠢᠷᠡᠨ᠂ ᠣᠯᠠᠨ | ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ︽ᠨᠢᠭᠡ ᠯᠡ ᠤᠳᠠᠭ᠎ᠠ ᠭᠦᠶᠦᠬᠦ︾ ᠶᠢ ᠪᠡᠶᠡᠯᠡᠭᠦᠯᠪᠡ︔ | ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ︽ᠲᠥᠷᠥᠯ ᠵᠦᠢᠯ ᠢ ᠬᠢᠨᠠᠨ ᠵᠥᠪᠰᠢᠶᠡᠷᠡᠬᠦ | ᠦᠢᠯᠡᠴᠢᠯᠡᠭᠡᠨ ᠤ ᠰᠠᠭᠠᠳ ᠥᠬᠡᠶ ᠨᠡᠪᠲᠡᠷᠡᠬᠦ ᠵᠠᠮ ᠤᠨ ᠲᠤᠰᠬᠠᠶ ᠴᠣᠩᠬᠤ︾᠂ ︽ᠠᠯᠪᠠ ᠬᠠᠭᠠᠵᠤ ᠪᠠᠶᠢᠭ᠎ᠠ | ᠴᠡᠷᠢᠭ ᠤᠨ ᠠᠯᠪᠠᠨ ᠠᠴᠠ ᠬᠠᠯᠠᠭᠳᠠᠭᠰᠠᠳ ᠢ ᠤᠷᠢᠳ ᠢᠶᠠᠷ ᠴᠣᠩᠬᠤᠪᠴᠢ︾᠂ ︽ᠴᠢᠳᠠᠪᠤᠷᠢᠲᠠᠨ ᠤ ᠰᠠᠭᠠᠳ ᠥᠬᠡᠶ | ᠨᠡᠪᠲᠡᠷᠡᠬᠦ ᠵᠠᠮ︾ ᠵᠡᠷᠭᠡ 3 ᠰᠠᠭᠠᠳ ᠥᠬᠡᠶ ᠨᠡᠪᠲᠡᠷᠡᠬᠦ ᠵᠠᠮ ᠭᠠᠷᠭᠠᠵᠤ᠂ ᠠᠳᠠᠯᠢ ᠪᠤᠰᠤ ᠪᠠᠶᠢᠳᠠᠯ᠂ ᠠᠳᠠᠯᠢ ᠪᠤᠰᠤ | ᠵᠦᠢᠯᠡᠰ ᠲᠤ ᠴᠢᠭᠯᠡᠭᠦᠯᠦᠨ᠂ ᠦᠢᠯᠡᠴᠢᠯᠡᠭᠡᠨ ᠤ ᠪᠡᠯᠡᠳᠬᠡᠮᠵᠢ ᠶᠢ ᠲᠡᠭᠦᠯᠳᠡᠷᠵᠢᠭᠦᠯᠬᠦ᠂ ᠲᠤᠬᠠᠶᠢᠯᠠᠭᠰᠠᠨ ᠠᠵᠢᠯ ᠢ | ᠤᠷᠢᠳᠠᠪᠠᠷ ᠭᠦᠢᠴᠡᠳᠬᠡᠬᠦ᠂ ᠲᠤᠰᠬᠠᠶ ᠠᠵᠢᠯ ᠤᠨ ᠬᠠᠪᠰᠤᠷᠤᠨ ᠭᠦᠢᠴᠡᠳᠬᠡᠬᠦ ᠵᠡᠷᠭᠡ ᠠᠷᠭ᠎ᠠ ᠬᠡᠮᠵᠢᠶ᠎ᠡ ᠪᠠᠷ | ᠳᠠᠮᠵᠢᠭᠤᠯᠤᠨ᠂ ᠠᠵᠤ ᠠᠬᠤᠶᠢᠯᠠᠯ ᠣᠯᠠᠨ ᠲᠦᠮᠡᠨ ᠳᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ︽ᠰᠠᠭᠠᠳ | ᠥᠬᠡᠶ ᠨᠡᠪᠲᠡᠷᠡᠬᠦ ᠵᠠᠮ︾ ᠢ ᠡᠳ᠋ᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠳᠤ ᠲᠤᠬᠠᠶᠢᠯᠠᠭᠰᠠᠨ ᠠᠵᠢᠯ ᠤᠨ | ᠭᠦᠢᠴᠡᠳᠭᠡᠬᠦ ᠴᠠᠭ ᠤᠨ ᠥᠪᠡᠷ ᠤᠨ ᠥᠷᠲᠡᠭ ᠢ ᠠᠷᠪᠢᠯᠠᠵᠤ ᠥᠭᠪᠡ᠃ ᠣᠲᠣ ᠪᠣᠯᠲᠠᠯ᠎ᠠ᠂ ᠨᠢᠭᠡᠨᠲᠡ ᠠᠵᠤ | ᠠᠬᠤᠶᠢᠯᠠᠯ ᠳᠤ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠦᠢᠯᠡᠴᠢᠯᠡᠭᠡ ᠶᠢ 2916 ᠬᠤᠪᠢ | ᠬᠠᠩᠭᠠᠭᠰᠠᠨ ᠪᠠᠶᠢᠨ᠎ᠠ᠃ | | | | ᠠᠩᠬᠠᠷᠤᠯ ᠤᠨ ᠦᠢᠯᠡᠴᠢᠯᠡᠭᠡᠨ ᠤ ᠲᠥᠪᠯᠡᠷᠡᠯ ᠤᠨ ᠴᠡᠭ ᠦᠢᠯᠡᠴᠢᠯᠡᠭᠡᠨ ᠤ ᠴᠤᠪᠤᠷᠠᠯ ᠢ ᠰᠢᠯᠢᠳᠡᠭᠵᠢᠭᠦᠯᠭᠦ | ᠠᠵᠤ ᠠᠬᠤᠶᠢᠯᠠᠯ ᠣᠯᠠᠨ ᠲᠦᠮᠡᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠶᠠᠪᠤᠳᠠᠯ | ᠭᠦᠢᠴᠡᠳᠭᠡᠬᠦ ᠪᠣᠳᠠᠲᠠᠶ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠦᠢᠯᠡᠳᠦᠯ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢ ᠠᠬᠢᠭᠤᠯᠬᠤ ᠶᠢᠨ ᠲᠥᠯᠥᠭᠡ᠂ ᠪᠤᠭᠤᠲᠤ | ᠬᠤᠲᠠ ᠶᠢᠨ ᠵᠠᠰᠠᠭ ᠤᠨ ᠶᠠᠪᠤᠳᠠᠯ ᠤᠨ ᠲᠤᠭ᠎ᠠ ᠶᠢᠨ ᠲᠣᠪᠴᠢᠶ᠎ᠠ ᠶᠢᠨ ᠱᠠᠭᠠᠷᠳᠠᠯᠭ᠎ᠠ ᠶᠣᠰᠣᠭᠠᠷ᠂ ᠲᠣᠭᠤᠷᠢᠭ ᠤᠨ | ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠲᠣᠪᠴᠢᠶ᠎ᠠ ᠪᠥᠬᠦ ᠣᠷᠣᠨ ᠤ ᠬᠡᠪᠴᠢᠶᠡᠨ ᠳᠤ ︽ᠪᠢ ᠣᠯᠠᠨ | ᠲᠦᠮᠡᠨ ᠳᠤ ᠪᠠᠷ᠎ᠠ ᠪᠣᠯᠵᠣ ᠠᠯᠬᠤᠮ ᠳᠠᠷᠠᠭ᠎ᠠ ᠲᠠᠢ ᠶᠠᠪᠤᠬᠤ︾᠂ ︽ᠵᠠᠰᠠᠭ ᠠᠵᠤ ᠠᠬᠤᠶᠢᠯᠠᠯ ᠤᠨ ᠶᠠᠷᠢᠯᠴᠠᠬᠤ | ᠬᠤᠷᠠᠯ︾ ᠵᠡᠷᠭᠡ ᠠᠵᠢᠯ ᠢ ᠥᠷᠨᠢᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠣᠯᠠᠨ ᠵᠦᠢᠯ ᠤᠨ | ᠠᠵᠢᠯ ᠶᠠᠪᠤᠳᠠᠯ ᠭᠦᠢᠴᠡᠳᠭᠡᠬᠦ ᠠᠷᠭ᠎ᠠ ᠵᠠᠮ ᠢᠶᠠᠷ ᠳᠠᠮᠵᠢᠭᠤᠯᠤᠨ᠂ ᠠᠵᠤ ᠠᠬᠤᠶᠢᠯᠠᠯ ᠪᠠ ᠣᠯᠠᠨ ᠲᠦᠮᠡᠨ ᠳᠤ ᠪᠠᠷ᠎ᠠ | ᠪᠣᠯᠵᠣ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠭᠡᠬᠦ ᠪᠠᠷ ᠳᠠᠮᠵᠢᠭᠤᠯᠤᠨ᠂ ᠠᠵᠤ | ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠨᠢᠭᠤᠷᠲᠠᠨ ᠰᠣᠨᠣᠰᠴᠤ᠂ ᠲᠦᠭᠵᠢᠷᠡᠯ ᠤᠨ ᠴᠡᠭ ᠤᠨ ᠰᠠᠭᠠᠳ ᠥᠬᠡᠶ | ᠨᠡᠪᠲᠡᠷᠡᠬᠦ ᠴᠤᠪᠤᠷᠠᠯ ᠢ ᠣᠨᠣᠪᠴᠢᠲᠠᠶ ᠡᠷᠢᠵᠦ᠂ ᠠᠵᠤ ᠠᠬᠤᠶᠢᠯᠠᠯ ᠤᠨ ᠣᠯᠠᠨ ᠲᠦᠮᠡᠨ ᠤ ᠠᠵᠢᠯ ᠶᠠᠪᠤᠳᠠᠯ | ᠭᠦᠢᠴᠡᠳᠭᠡᠬᠦ ᠳᠤ ᠬᠦᠴᠢᠷᠲᠡᠶ ᠪᠠᠶᠢᠬᠤ ︽ᠠᠰᠠᠭᠤᠳᠠᠯ ᠤᠨ ᠨᠠᠷᠢᠨ ᠲᠠᠩᠰᠠ︾ ᠶᠢ ᠦᠢᠯᠡᠴᠢᠯᠡᠭᠡᠨ ᠤ ᠴᠢᠨᠠᠷ ᠰᠠᠶᠢᠲᠠᠶ | ᠥᠨᠳᠥᠷ ᠪᠦᠲᠦᠮᠵᠢᠲᠡᠶ ︽ᠬᠠᠨᠤᠮᠵᠢᠲᠠᠶ ᠨᠠᠷᠢᠨ ᠲᠠᠩᠰᠠ︾ ᠪᠣᠯᠭᠠᠨ ᠬᠤᠪᠢᠷᠠᠭᠤᠯᠪᠠ᠃ ᠣᠲᠣ ᠪᠣᠯᠲᠠᠯ᠎ᠠ᠂ ᠨᠢᠭᠡᠨᠲᠡ | 4 ᠠᠵᠤ ᠠᠬᠤᠶᠢᠯᠠᠯ ᠳᠤ ᠬᠦᠷᠴᠦ ᠵᠠᠰᠠᠭ ᠠᠵᠤ ᠠᠬᠤᠶᠢᠯᠠᠯ ᠤᠨ ᠶᠠᠷᠢᠯᠴᠠᠬᠤ ᠬᠤᠷᠠᠯ ᠬᠢᠵᠦ᠂ ᠡᠯ᠎ᠡ ᠲᠥᠷᠥᠯ ᠤᠨ | ᠠᠵᠢᠯᠯᠠᠭ᠎ᠠ ᠶᠢ 9 ᠤᠳᠠᠭ᠎ᠠ ᠥᠷᠨᠢᠭᠦᠯᠵᠦ᠂ 9 ᠠᠰᠠᠭᠤᠳᠠᠯ ᠢ ᠢᠯᠡᠷᠡᠭᠦᠯᠦᠭᠰᠡᠨ ᠪᠥᠭᠡᠳ ᠴᠡᠭᠴᠡᠯᠡᠨ | ᠰᠠᠶᠢᠵᠢᠷᠠᠭᠤᠯᠤᠭᠰᠠᠨ ᠪᠠᠶᠢᠨ᠎ᠠ᠃ | | | | ᠦᠢᠯᠡᠴᠢᠯᠡᠭᠡᠨ ᠤ ᠭᠢᠯᠠᠰ ᠴᠡᠭ ᠢ ᠡᠭᠦᠳᠴᠦ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠪᠠᠶᠠᠯᠢᠭᠵᠢᠭᠤᠯᠤᠶ᠎ᠠ | ᠡᠨᠡ ᠵᠢᠯ ᠤᠨ 8 ᠰᠠᠷ᠎ᠠ ᠳᠤ᠂ ᠵᠢᠥ ᠶᠤᠸᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠢᠩᠬᠢᠮ ᠳᠤ ᠬᠦᠷᠴᠦ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠤᠨ ᠲᠤᠬᠠᠶᠢᠯᠠᠭᠰᠠᠨ ᠠᠵᠢᠯ ᠢ | ᠭᠦᠢᠴᠡᠳᠬᠡᠵᠦ ᠪᠠᠶᠢᠭ᠎ᠠ ᠶᠤᠸᠠᠨ ᠠᠪᠤᠭᠠᠢ ᠶᠡᠷᠦᠩᠬᠡᠶᠢᠯᠡᠭᠰᠡᠨ ᠴᠣᠩᠬᠤᠨ ᠤ ᠬᠥᠮᠦᠰ ᠤᠨ ᠥᠨᠳᠥᠷ ᠪᠦᠲᠦᠮᠵᠢᠲᠡᠶ | ᠠᠵᠢᠯ ᠶᠠᠪᠤᠳᠠᠯ ᠭᠦᠢᠴᠡᠳᠭᠡᠬᠦ ᠦᠢᠯᠡᠴᠢᠯᠡᠭᠡ ᠶᠢ ᠮᠠᠭᠲᠠᠨ ᠰᠠᠶᠢᠰᠢᠶᠠᠪᠠ᠄ ︽ᠤᠤᠯ ᠨᠢ ᠠᠮᠠᠷᠠᠯᠲᠠ ᠶᠢᠨ ᠡᠳᠦᠷ ᠲᠤ | ᠲᠤᠬᠠᠶᠢᠯᠠᠭᠰᠠᠨ ᠠᠵᠢᠯ ᠢᠶᠠᠨ ᠭᠦᠢᠴᠡᠳᠭᠡᠬᠦ ᠳᠤ ᠨᠡᠯᠢᠶᠡᠳ ᠤᠳᠠᠭᠠᠨ ᠪᠤᠶᠤ ᠬᠢᠵᠦ ᠳᠡᠶᠢᠯᠬᠦ ᠦᠭᠡᠢ ᠭᠡᠵᠦ | ᠪᠤᠳᠤᠭᠠᠳ ᠪᠠᠶᠢᠭᠰᠠᠨ ᠪᠣᠯᠪᠠᠴᠤ ᠭᠦᠢᠴᠡᠳᠭᠡᠬᠦ ᠠᠴᠠ ᠠᠪᠤᠭᠠᠳ ᠬᠠᠭᠠᠰ ᠴᠠᠭ ᠪᠣᠯᠲᠠᠯ᠎ᠠ ᠪᠠᠰᠠ ᠬᠦᠷᠬᠦ ᠦᠭᠡᠢ᠂ | ᠲᠤᠰᠬᠠᠶ ᠬᠥᠮᠦᠨ ᠨᠠᠳᠠ ᠳᠤ ᠬᠠᠪᠰᠤᠷᠤᠨ ᠬᠢᠵᠦ ᠥᠭᠭᠦᠨ᠎ᠡ ᠭᠡᠵᠦ ᠪᠣᠳᠣᠵᠤ ᠣᠯᠤᠭᠰᠠᠨ ᠦᠭᠡᠢ᠂ ᠮᠠᠰᠢ ᠲᠥᠬᠦᠮ | ᠪᠣᠯᠵᠠᠢ︾ ᠭᠡᠪᠡ᠃ ︽ᠶᠡᠷᠦᠩᠬᠡᠶᠢᠯᠡᠭᠰᠡᠨ ᠨᠢᠭᠡ ᠴᠣᠩᠬᠤᠪᠴᠢ ᠮᠠᠶ᠋ᠢᠭ︾ ᠤᠨ ᠭᠥᠯᠢᠶᠡᠨ ᠠᠪᠴᠤ ᠰᠢᠢᠳᠪᠦᠷᠢᠯᠡᠬᠦ | ᠦᠢᠯᠡᠴᠢᠯᠡᠭᠡ ᠶᠢ ᠥᠷᠨᠢᠭᠦᠯᠦᠭᠰᠡᠨ ᠠᠴᠠ ᠨᠠᠰᠢ᠂ ᠲᠣᠭᠤᠷᠢᠭ ᠤᠨ ᠵᠠᠰᠠᠭ ᠤᠨ ᠶᠠᠪᠤᠳᠠᠯ ᠤᠨ ᠲᠤᠭ᠎ᠠ ᠪᠦᠷᠢᠳᠬᠡᠯ ᠤᠨ | ᠲᠣᠪᠴᠢᠶ᠎ᠠ ᠠᠴᠠ ᠣᠯᠠᠨ ᠨᠡᠷᠡᠰ ᠶᠡᠷᠦᠩᠬᠡᠶᠢᠯᠡᠭᠰᠡᠨ ᠬᠡᠪ ᠴᠢᠨᠠᠷ ᠢᠶᠠᠷ ᠥᠨᠳᠥᠷ᠂ ᠲᠤᠬᠠᠶᠢᠯᠠᠭᠰᠠᠨ ᠠᠵᠢᠯ ᠤᠨ | ᠴᠢᠳᠠᠪᠤᠷᠢ ᠪᠠᠷ ᠴᠢᠩᠭ᠎ᠠ ᠶᠡᠷᠦᠩᠬᠡᠶᠢᠯᠡᠭᠰᠡᠨ ᠴᠣᠩᠬᠤᠪᠴᠢ ᠶᠢᠨ ᠠᠵᠢᠯᠲᠠᠨ ᠢ ᠰᠣᠩᠭᠤᠨ ᠲᠣᠮᠢᠯᠠᠵᠤ᠂ ᠠᠵᠤ | ᠠᠬᠤᠶᠢᠯᠠᠯ ᠤᠨ ᠣᠯᠠᠨ ᠲᠦᠮᠡᠨ ᠳᠤ ᠲᠤᠬᠠᠶᠢᠯᠠᠭᠰᠠᠨ ᠠᠵᠢᠯ ᠢ ᠭᠦᠢᠴᠡᠳᠬᠡᠬᠦ᠂ ᠲᠥᠷᠥ ᠶᠢᠨ ᠪᠣᠳᠣᠯᠭ᠎ᠠ ᠶᠢᠨ | ᠵᠥᠪᠯᠡᠯᠭᠡ ᠥᠭᠬᠦ ᠵᠢᠴᠢ ︽ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ︾ ᠵᠡᠷᠭᠡ ᠨᠢᠭᠡ ᠥᠷᠲᠡᠭᠡ | ᠮᠠᠶ᠋ᠢᠭ ᠤᠨ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ ᠣᠯᠠᠨ ᠲᠦᠮᠡᠨ ᠤ ︽ᠲᠦᠷᠭᠡᠨ ᠠᠵᠢᠯ ᠶᠠᠪᠤᠳᠠᠯ | ᠭᠦᠢᠴᠡᠳᠬᠡᠬᠦ᠂ ᠰᠠᠶᠢᠨ ᠶᠠᠪᠤᠳᠠᠯ ᠬᠢᠬᠦ︾ ᠬᠡᠷᠡᠭᠴᠡᠭᠡ ᠶᠢ ᠬᠠᠩᠭᠠᠬᠤ ᠶᠢᠨ ᠬᠠᠮᠲᠤ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠶᠢᠨ | ᠬᠠᠮᠢᠶᠠᠷᠤᠯᠲᠠ ᠶᠢᠨ ᠠᠷᠭ᠎ᠠ︾ ᠶᠢ ᠦᠨᠳᠦᠰᠦᠯᠡᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ︾ ᠶᠢ | ᠦᠨᠳᠦᠰᠦᠯᠡᠨ᠂ ︽ᠭᠠᠷᠠᠭ ᠤᠨ ᠰᠡᠭᠦᠯᠴᠢ ᠳᠤ ᠡᠭᠦᠳᠡ ᠪᠠᠨ ᠬᠠᠭᠠᠬᠤ ᠥᠬᠡᠶ︾ ︽ᠥᠷᠯᠥᠭᠡ ᠦᠳᠡᠰᠢ ᠪᠠᠷ | ᠬᠠᠷᠢᠮᠠᠬᠠᠢ ᠭᠦᠢᠴᠡᠳᠬᠡᠬᠦ︾᠂ ︽ᠦᠳᠡ ᠳᠤ ᠲᠠᠰᠤᠯᠳᠠᠭᠤᠯᠬᠤ ᠥᠬᠡᠶ︾ ᠵᠡᠷᠭᠡ ᠴᠠᠭ ᠢ ᠤᠷᠲᠤᠳᠬᠠᠬᠤ | ᠦᠢᠯᠡᠴᠢᠯᠡᠭᠡ ᠶᠢ ᠢᠳᠡᠪᠬᠢᠲᠡᠶ ᠬᠡᠷᠡᠭᠵᠢᠭᠦᠯᠵᠦ᠂ ᠠᠵᠢᠯ ᠳᠤ ᠭᠠᠷᠤᠭᠴᠢᠳ ᠤᠨ ᠠᠵᠢᠯ ᠶᠠᠪᠤᠳᠠᠯ ᠭᠦᠢᠴᠡᠳᠬᠡᠬᠦ ᠳᠤ | ᠬᠦᠴᠢᠷᠲᠡᠶ ᠪᠠᠶᠢᠬᠤ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠵᠦ᠂ ᠣᠯᠠᠨ ᠲᠦᠮᠡᠨ ᠤ ᠪᠤᠳᠤᠵᠤ ᠪᠠᠶᠢᠭ᠎ᠠ | ᠵᠣᠶᠢᠯ ᠳᠤ ᠪᠠᠴᠢᠮᠳᠠᠵᠤ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠤᠯᠤᠨ᠂ ᠪᠥᠬᠦ ᠲᠠᠯ᠎ᠠ ᠶᠢᠨ᠂ | ᠪᠥᠬᠦ ᠴᠠᠭ ᠤᠨ ᠦᠢᠯᠡᠴᠢᠯᠡᠭᠡ ᠬᠠᠩᠭᠠᠪᠠ᠃ | | | | |