ᠯᠦ ᠶᠤᠸᠠᠨ ᠭᠡᠷ ᠬᠤᠷᠢᠶᠠᠯᠠᠯ᠄ ︽ᠨᠣᠭᠤᠭᠠᠨ ᠬᠥᠳᠡᠯᠭᠡᠭᠡᠨᠲᠦ ᠪᠠᠭᠠᠴᠤᠳ︾ ᠬᠠᠮᠲᠤ ᠪᠠᠷ ᠬᠤᠯᠪᠣᠭᠠᠯᠠᠵᠤ ᠬᠠᠮᠲᠤ ᠪᠠᠷ ᠪᠠᠶᠢᠭᠤᠯᠬᠤ ᠨᠢ ᠢᠯᠡᠳᠲᠡ ᠦᠷ᠎ᠡ ᠪᠦᠲᠦᠮᠵᠢ ᠣᠯᠵᠤ᠂ ᠪᠡᠶ᠎ᠡ ᠶᠢᠨ ᠴᠢᠳᠠᠪᠤᠷᠢ ᠶᠢᠨ ᠪᠣᠯᠪᠠᠰᠤᠷᠠᠯ ᠨᠢ ᠪᠡᠶ᠎ᠡ ᠮᠠᠬᠠᠪᠣᠳ ᠢ ᠴᠢᠭᠢᠷᠠᠭᠵᠢᠭᠤᠯᠤᠨ᠎ᠠ
ᠨᠡᠶᠢᠲᠡᠯᠡᠭᠰᠡᠨ ᠴᠠᠭ᠄
2024/10/28
    ᠵᠠᠯᠠᠭᠤᠴᠤᠳ ᠪᠠᠭᠠᠴᠤᠳ ᠪᠣᠯ ᠤᠯᠤᠰ ᠣᠷᠣᠨ ᠤ ᠢᠷᠡᠭᠡᠳᠦᠶ᠂ ᠦᠨᠳᠦᠰᠦᠲᠡᠨ ᠤ ᠬᠦᠰᠡᠯ ᠡᠷᠡᠮᠡᠯᠵᠡᠯ ᠮᠥᠨ᠂ ᠪᠠᠭᠠᠴᠤᠳ ᠬᠦᠴᠦᠷᠬᠡᠭᠵᠢᠪᠡᠯ ᠳᠤᠮᠳᠠᠳᠤ ᠤᠯᠤᠰ ᠬᠦᠴᠦᠷᠬᠡᠭᠵᠢᠨ᠎ᠡ᠃ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠪᠠᠰᠠ ︽ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠢ ᠴᠢᠩᠭᠠᠳᠬᠠᠬᠤ︾ ᠲᠤᠬᠠᠶ ᠵᠢᠭᠠᠪᠤᠷᠢ ᠶᠢ ᠲᠣᠳᠣᠷᠬᠠᠶ ᠳᠤᠷᠠᠳᠤᠨ ᠭᠠᠷᠭᠠᠵᠠᠶ᠃ 10 ᠰᠠᠷ᠎ᠠ ᠶᠢᠨ 23 ᠤ ᠡᠳᠦᠷ᠂ ᠰᠠᠶᠢᠬᠠᠨ ᠵᠡᠭᠡᠯᠢ ᠭᠤᠳᠤᠮᠵᠢ ᠶᠢᠨ ᠪᠣᠭᠤᠮᠲᠠ ᠶᠢᠨ ᠠᠵᠢᠯ ᠤᠨ ᠵᠥᠪᠯᠡᠯ ᠤᠨ ᠵᠢᠯᠣᠭᠤᠳᠣᠯᠭ᠎ᠠ ᠳᠣᠤᠷ᠎ᠠ᠂ ᠬᠠᠷᠢᠶᠠᠲᠤ ᠣᠷᠣᠨ ᠤ ᠪᠠᠨ ᠵᠠᠯᠠᠭᠤᠴᠤᠳ ᠪᠠᠭᠠᠴᠤᠳ ᠤᠨ ᠪᠡᠶ᠎ᠡ ᠮᠠᠬᠠᠪᠣᠳ ᠤᠨ ᠡᠯ᠎ᠡ ᠵᠣᠶᠢᠯ ᠤᠨ ᠬᠡᠪ ᠴᠢᠨᠠᠷ ᠪᠠ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠯᠦ ᠶᠤᠸᠠᠨ ᠭᠡᠷ ᠬᠤᠷᠢᠶᠠᠯᠠᠯ ᠤᠨ ᠬᠢᠨ ᠨᠢᠭᠡᠴᠡ ᠨᠢᠭᠡᠴᠡ ᠶᠢᠨ ᠪᠤᠭᠤᠲᠤ ᠬᠤᠲᠠ ᠶᠢᠨ ᠪᠡᠶ᠎ᠡ ᠶᠢᠨ ᠲᠠᠮᠢᠷ ᠤᠨ ᠰᠤᠷᠭᠠᠭᠤᠯᠢ ᠶᠢ ᠬᠠᠮᠲᠤᠷᠠᠨ ᠪᠠᠶᠢᠭᠤᠯᠵᠤ᠂ ︽ᠨᠣᠭᠤᠭᠠᠨ ᠬᠥᠳᠡᠯᠭᠡᠭᠡᠨᠲᠦ ᠪᠠᠭᠠᠴᠤᠳ︾ ᠤᠨ ᠪᠡᠶ᠎ᠡ ᠮᠠᠬᠠᠪᠣᠳ ᠤᠨ ᠴᠢᠳᠠᠪᠤᠷᠢ ᠶᠢ ᠳᠡᠭᠡᠭᠰᠢᠯᠡᠭᠦᠯᠬᠦ ᠨᠡᠶᠢᠲᠡ ᠶᠢᠨ ᠠᠰᠠᠷᠠᠮᠵᠢ ᠶᠢᠨ ᠬᠢᠴᠢᠶᠡᠯ ᠭᠠᠷᠭᠠᠪᠠ᠃    ᠣᠶᠢᠷ᠎ᠠ ᠶᠢᠨ ᠵᠢᠯ ᠤᠳ ᠲᠤ ᠪᠡᠶ᠎ᠡ ᠶᠢᠨ ᠲᠠᠮᠢᠷ ᠤᠨ ᠳᠤᠮᠳᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠬᠢᠷᠢ ᠪᠦᠲᠦᠮᠵᠢ ᠶᠢᠨ ᠡᠵᠡᠯᠡᠬᠦ ᠬᠠᠷᠢᠴᠠᠯ ᠤᠨ ᠨᠡᠮᠡᠭᠳᠡᠬᠦ ᠶᠢ ᠳᠠᠭᠠᠯᠳᠤᠨ᠂ ᠪᠡᠶ᠎ᠡ ᠶᠢᠨ ᠲᠠᠮᠢᠷ ᠤᠨ ᠰᠢᠯᠭᠠᠯᠲᠠ ᠶᠢᠨ ᠲᠦᠰᠦᠪ ᠲᠤ ᠴᠢᠭᠯᠡᠭᠦᠯᠦᠭᠰᠡᠨ ᠪᠡᠶ᠎ᠡ ᠶᠢᠨ ᠲᠠᠮᠢᠷ ᠤᠨ ᠪᠡᠶ᠎ᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠬᠢᠴᠢᠶᠡᠯ ᠨᠢ ᠭᠤᠤᠯᠳᠠᠭᠤ ᠬᠡᠤᠬᠡᠳ ᠤᠨ ᠪᠡᠶ᠎ᠡ ᠲᠠᠮᠢᠷ ᠤᠨ ᠬᠥᠳᠡᠯᠭᠡᠭᠡᠨ ᠤ ᠭᠡᠮᠲᠦᠯ ᠢ ᠬᠡᠷᠬᠢᠨ ᠰᠡᠷᠭᠡᠶᠢᠯᠡᠬᠦ᠂ ᠲᠡᠳᠡᠨ ᠤ ᠪᠡᠶ᠎ᠡ ᠮᠠᠬᠠᠪᠣᠳ ᠤᠨ ᠳᠠᠷᠤᠯᠲᠠ ᠶᠢ ᠡᠰᠡᠷᠭᠦᠴᠡᠬᠦ ᠴᠢᠳᠠᠪᠤᠷᠢ ᠪᠠ ᠵᠣᠬᠢᠴᠠᠬᠤ ᠴᠢᠳᠠᠪᠤᠷᠢ ᠶᠢ ᠳᠡᠭᠡᠭᠰᠢᠯᠡᠭᠦᠯᠬᠦ ᠶᠢ ᠵᠢᠭᠠᠨ ᠵᠢᠯᠣᠭᠤᠳᠬᠤ ᠶᠢᠨ ᠬᠠᠮᠲᠤ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠡᠶ᠎ᠡ ᠲᠠᠮᠢᠷ ᠤᠨ ᠬᠡᠮᠵᠢᠯᠲᠡ ᠶᠢᠨ ᠲᠦᠰᠦᠪ ᠲᠤ ᠬᠠᠨᠳᠤᠯᠭᠠᠲᠤ ᠴᠢᠨᠠᠷᠲᠠᠶ ᠪᠠᠷ ᠤᠷ᠎ᠠ ᠮᠡᠷᠭᠡᠵᠢᠯ ᠤᠨ ᠲᠠᠶᠢᠯᠤᠮᠵᠢ ᠪᠠ ᠪᠣᠯᠪᠠᠰᠤᠷᠠᠯ ᠬᠢᠨ᠎ᠠ᠃ ᠵᠢᠭᠠᠨ ᠰᠤᠷᠭᠠᠯᠲᠠ ᠶᠢᠨ ᠶᠠᠪᠤᠴᠠ ᠳᠤ ᠳᠠᠰᠬᠠᠯᠵᠢᠭᠤᠯᠤᠭᠴᠢ ᠪᠠ ᠬᠡᠦᠬᠡᠳ ᠤᠳ ᠢᠳᠡᠪᠬᠢᠲᠡᠶ ᠪᠠᠷ ᠬᠠᠷᠢᠯᠴᠠᠨ ᠬᠥᠳᠡᠯᠦᠯᠴᠡᠵᠦ᠂ ᠬᠡᠦᠬᠡᠳ ᠤᠳ ᠤᠨ ᠴᠢᠬᠤᠯᠠ ᠵᠦᠢᠯ ᠢ ᠣᠶᠢᠯᠠᠭᠠᠬᠤ ᠪᠠ ᠡᠵᠡᠮᠰᠢᠬᠦ ᠶᠢ ᠪᠠᠲᠤᠯᠠᠵᠤ᠂ ᠬᠡᠦᠬᠡᠳ ᠤᠳ ᠢ ᠳᠠᠭᠠᠭᠤᠯᠤᠨ ᠲᠠᠮᠢᠷ ᠤᠨ ᠬᠥᠳᠡᠯᠭᠡᠭᠡᠨ ᠤ ᠪᠠᠶᠠᠷ ᠪᠠᠶᠠᠰᠤᠯ ᠢ ᠬᠠᠨᠲᠠᠯ᠎ᠠ ᠡᠳ᠋ᠯᠡᠭᠦᠯᠬᠦ ᠬᠡᠷᠡᠭᠲᠡᠶ᠃    ᠬᠥᠳᠡᠯᠪᠡᠯ ᠲᠤᠰᠠᠲᠠᠢ᠂ ᠪᠠᠷᠢᠮᠲᠠᠯᠠᠬᠤ ᠳᠤ ᠪᠤᠢ᠃ ᠯᠦ ᠶᠤᠸᠠᠨ ᠭᠡᠷ ᠬᠤᠷᠢᠶᠠᠯᠠᠯ ᠤᠨ ︽ᠨᠣᠭᠤᠭᠠᠨ ᠬᠥᠳᠡᠯᠭᠡᠭᠡᠨᠲᠦ ᠪᠠᠭᠠᠴᠤᠳ︾ ᠤᠨ ᠲᠠᠮᠢᠷ ᠲᠡᠩᠬᠡᠭᠡ ᠶᠢ ᠳᠡᠭᠡᠭᠰᠢᠯᠡᠭᠦᠯᠬᠦ ᠨᠡᠶᠢᠲᠡ ᠶᠢᠨ ᠠᠰᠠᠷᠠᠮᠵᠢ ᠶᠢᠨ ᠬᠢᠴᠢᠶᠡᠯ ᠨᠢ ᠰᠠᠭᠤᠭᠠᠯᠢ ᠠᠷᠠᠳ ᠤᠨ ᠰᠠᠶᠢᠨ ᠦᠨᠡᠯᠡᠯᠲᠡ ᠶᠢ ᠣᠯᠵᠠᠶ᠂ ᠬᠡᠷ ᠤᠨ ᠠᠬᠠᠮᠠᠳ ᠨᠠᠷ ᠭᠡᠷ ᠬᠤᠷᠢᠶᠠᠯᠠᠯ ᠤᠨ ᠬᠢᠨ ᠬᠡᠤᠬᠡᠳ ᠤᠨ ᠪᠡᠶ᠎ᠡ ᠮᠠᠬᠠᠪᠣᠳ ᠤᠨ ᠬᠡᠪ ᠴᠢᠨᠠᠷ ᠠᠨᠠᠶ᠂ ᠪᠣᠯᠪᠠᠰᠤᠷᠠᠯ ᠳᠤᠲᠠᠮᠠᠭ ᠪᠠᠶᠢᠬᠤ ᠬᠦᠴᠢᠷ ᠠᠰᠠᠭᠤᠳᠠᠯ ᠢ ᠶᠡᠭᠡ ᠪᠠᠷ  ᠰᠢᠢᠳᠪᠦᠷᠢᠯᠡᠵᠡᠶ ᠭᠡᠵᠦ ᠢᠯᠡᠳᠬᠡᠵᠡᠭᠡᠪᠡ᠃ ᠬᠤᠶᠢᠰᠢᠳᠠ᠂ ᠯᠦ ᠶᠤᠸᠠᠨ ᠭᠡᠷ ᠬᠤᠷᠢᠶᠠᠯᠠᠯ ᠤᠨ ᠬᠢᠨ ᠦᠷᠭᠦᠯᠵᠢᠯᠡᠨ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠡᠤᠬᠡᠳ︾ ᠤᠨ ᠨᠥᠬᠦᠷᠰᠡᠭ ᠪᠠᠶᠢᠬᠤ ᠣᠶᠢᠯᠠᠭᠠᠭᠳᠠᠬᠤᠨ ᠢ ᠭᠡᠷ ᠬᠤᠷᠢᠶᠠᠯᠠᠯ ᠤᠨ ᠪᠥᠲᠥᠭᠡᠨ ᠪᠠᠶᠢᠭᠤᠯᠤᠯᠲᠠ ᠳᠤ ᠣᠷᠣᠭᠤᠯᠵᠤ᠂ ᠣᠯᠠᠨ ᠲᠠᠯ᠎ᠠ ᠶᠢᠨ ᠬᠦᠴᠦᠨ ᠢ ᠬᠤᠷᠠᠮᠳᠤᠭᠤᠯᠤᠨ᠂ ᠭᠡᠷ ᠬᠤᠷᠢᠶᠠᠯᠠᠯ ᠤᠨ ᠳᠤᠯᠠᠭᠠᠨ ᠤ ᠬᠡᠮᠵᠢᠶ᠎ᠡ ᠪᠠᠷ ᠰᠠᠭᠤᠭᠠᠯᠢ ᠠᠷᠠᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠦᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号